ᠬᠥᠨᠳᠡᠯᠡᠨ ᠲᠣᠭᠤᠷᠢᠭ ᠤᠨ ᠠᠵᠤ ᠠᠬᠤᠢ ᠶᠢᠨ ᠡᠷᠭᠢᠯᠲᠡ ᠶᠢᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/6/22
     6 ᠰᠠᠷ᠎ᠠ ᠶᠢᠨ 19 ᠤ ᠡᠳᠦᠷ ᠤᠨ ᠦᠳᠡ ᠶᠢᠨ ᠬᠤᠶᠢᠨ᠎ᠠ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠲᠢᠶᠠᠨ ᠬᠤᠩ ᠴᠧᠩ ᠬᠥᠨᠳᠡᠯᠡᠨ ᠲᠣᠭᠤᠷᠢᠭ ᠤᠨ ᠠᠵᠤ ᠠᠬᠤᠶ ᠶᠢᠨ ᠡᠷᠭᠢᠯᠲᠡ ᠶᠢᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠪᠠᠶᠢᠩᠭᠤ ᠶᠢᠨ ᠳᠡᠳ᠋ ᠳᠠᠷᠤᠭ᠎ᠠ᠂ ᠪᠤᠭᠤᠲᠤ ᠶᠢᠨ ᠪᠤᠯᠤᠳ ᠲᠡᠮᠦᠷ ᠲᠡᠮᠦᠷᠯᠢᠭ ᠬᠠᠶᠢᠯᠤᠭᠤᠯᠬᠤ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠯᠢ ᠵᠦᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃
     ᠬᠤᠷᠠᠯ ᠠᠴᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠥᠭᠵᠢᠯᠲᠡ ᠶᠢ ᠶᠡᠭᠡ ᠪᠠᠷ ᠠᠳᠬᠤᠵᠤ ᠲᠦᠷᠭᠡᠳᠭᠡᠨ ᠬᠥᠭᠵᠢᠭᠦᠯᠬᠦ ᠲᠤᠯᠭᠠᠮ ᠰᠡᠳᠬᠢᠯᠭᠡ ᠬᠠᠷᠢᠭᠤᠴᠠᠯᠭᠠᠲᠤ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠠᠵᠢᠯ ᠤᠨ ᠰᠤᠷᠲᠠᠯ ᠢᠶᠠᠨ ᠤᠯᠠᠮ ᠴᠢᠨᠠᠭᠰᠢᠳᠠ ᠬᠤᠪᠢᠷᠠᠭᠤᠯᠵᠤ᠂ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠣᠨ ᠤ ᠡᠯ᠎ᠡ ᠵᠦᠢᠯ ᠤᠨ ᠬᠠᠷᠠᠯᠲᠠ ᠡᠭᠦᠷᠭᠡ ᠶᠢ ᠨᠢᠬᠳᠠ    ᠠᠩᠬᠠᠷᠴᠤ᠂ ᠵᠠᠳᠠᠯᠤᠨ ᠰᠤᠳᠤᠯᠵᠤ ᠮᠠᠭᠠᠳᠯᠠᠬᠤ ᠪᠠᠨ ᠴᠢᠩᠭᠠᠳᠬᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠳᠤᠲᠠᠭᠤᠳᠠᠯ ᠢᠶᠠᠨ ᠲᠦᠷᠭᠡᠨ ᠨᠥᠬᠦᠪᠥᠷᠢᠯᠡᠵᠦ᠂ ᠱᠠᠯᠠᠪᠳᠠᠭᠤᠯᠤᠨ ᠰᠢᠢᠳᠪᠦᠷᠢᠯᠡᠵᠦ ᠲᠤᠬᠢᠷᠠᠭᠤᠯᠬᠤ ᠪᠠᠨ ᠴᠢᠩᠭᠠᠳᠬᠠᠵᠤ᠂ ᠡᠯ᠎ᠡ ᠵᠦᠢᠯ ᠤᠨ ᠭᠦᠢᠴᠡᠳᠬᠡᠯ ᠲᠤᠭ᠎ᠠ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ᠃ ᠠᠵᠢᠯ ᠤᠨ ᠠᠷᠭ᠎ᠠ ᠪᠠᠨ ᠰᠠᠶᠢᠵᠢᠷᠠᠭᠤᠯᠵᠤ᠂ ᠰᠡᠳᠬᠢᠮᠵᠢ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠵᠦ᠂ ᠭᠤᠤᠯᠳᠠᠯᠭ᠎ᠠ ᠲᠠᠢ ᠠᠵᠢᠯ ᠲᠥᠷᠥᠯ᠂ ᠭᠤᠤᠯᠳᠠᠯᠭ᠎ᠠ ᠲᠠᠢ ᠠᠵᠤ ᠠᠬᠤᠶᠢᠯᠠᠯ᠂ ᠭᠤᠤᠯᠳᠠᠯᠭ᠎ᠠ ᠲᠠᠢ ᠲᠥᠷᠥᠯ ᠵᠦᠶᠯ ᠳᠤ ᠠᠩᠬᠠᠷᠤᠯ ᠢᠶᠠᠨ ᠲᠥᠪᠯᠡᠷᠡᠭᠦᠯᠵᠦ᠂ GDP ᠶᠢᠨ ᠤᠷᠢᠳᠴᠢᠯᠠᠨ ᠰᠡᠷᠡᠮᠵᠢᠯᠡᠭᠦᠯᠬᠦ ᠵᠠᠳᠠᠯᠤᠯᠲᠠ ᠶᠢ ᠴᠢᠩᠭᠠᠳᠬᠠᠵᠤ᠂ ᠠᠵᠤ ᠠᠬᠤᠶ ᠶᠢᠨ ᠡᠷᠭᠢᠯᠲᠡ ᠶᠢᠨ ᠪᠠᠶᠢᠳᠠᠯ ᠢ ᠪᠥᠬᠦ ᠲᠠᠯ᠎ᠠ ᠪᠠᠷ ᠣᠨᠣᠪᠴᠢᠲᠠᠶ ᠡᠵᠡᠮᠳᠡᠵᠦ᠂ ᠡᠯ᠎ᠡ ᠵᠦᠶᠯ ᠤᠨ ᠠᠵᠤ ᠠᠬᠤᠶ ᠶᠢᠨ ᠭᠦᠶᠴᠡᠳᠬᠡᠯ ᠲᠤᠭ᠎ᠠ ᠶᠢᠨ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠶᠢ ᠪᠠᠲᠤᠯᠠᠬᠤ ᠬᠡᠷᠡᠭᠲᠡᠶ᠃ ᠠᠵᠤ ᠠᠬᠤᠶᠢᠯᠠᠯ ᠤᠨ ᠬᠥᠭᠵᠢᠯᠲᠡ ᠶᠢᠨ ᠬᠡᠷᠡᠭᠴᠡᠭᠡ ᠪᠣᠯᠤᠨ ᠠᠵᠤ ᠠᠬᠤᠶᠢᠯᠠᠯᠲᠠᠨ ᠬᠠᠨᠤᠮᠵᠢᠲᠠᠶ ᠪᠠᠶᠢᠬᠤ ᠪᠠᠷ ᠪᠠᠷᠢᠮᠵᠢᠶ᠎ᠠ ᠪᠣᠯᠭᠠᠵᠤ᠂ ᠰᠠᠨᠠᠭᠠᠴᠢᠯᠠᠭ᠎ᠠ ᠠᠴᠠ ᠪᠠᠨ ᠡᠮᠦᠨ᠎ᠡ ᠨᠢ ᠤᠷᠤᠵᠤ ᠦᠶᠯᠡᠴᠢᠯᠡᠵᠦ᠂ ᠨᠡᠪᠳᠡᠷᠡᠯᠴᠡᠭᠡ ᠵᠣᠬᠢᠴᠠᠭᠤᠯᠭ᠎ᠠ ᠵᠣᠯᠭᠠᠯᠴᠠᠭ᠎ᠠ ᠶᠢ ᠴᠠᠭ ᠲᠤᠬᠠᠶ ᠳᠤᠨᠢ ᠰᠠᠶᠢᠲᠤᠷ ᠬᠢᠵᠦ᠂ ᠠᠵᠤ ᠠᠬᠤᠶᠢᠯᠠᠯ ᠢ ᠪᠥᠬᠦ ᠬᠦᠴᠦᠨ ᠢᠶᠠᠷ ᠢᠶᠠᠨ ᠬᠠᠪᠰᠤᠷᠤᠨ ᠬᠦᠴᠢᠷᠳᠡᠯ ᠢ ᠨᠢ ᠰᠢᠶᠳᠪᠦᠷᠢᠯᠡᠨ ᠥᠭᠴᠦ᠂ ︽ᠲᠠᠨ ᠳᠤ ᠬᠠᠨᠤᠮᠵᠢᠳᠠᠢ ᠪᠤᠭᠤᠳᠤ︾ ︽ᠲᠨ ᠰᠠᠨᠠᠭ᠎ᠠ ᠠᠮᠤᠷ ᠪᠠᠶᠢᠬᠤ ᠶᠢ ᠪᠠᠳᠤᠯᠠᠬᠤ︾ ᠲᠡᠷᠢᠭᠦᠨ ᠵᠡᠷᠬᠡ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠪᠣᠶ ᠪᠣᠯᠭᠠᠬᠤ ᠬᠡᠷᠡᠭᠲᠡᠶ᠃ ᠲᠤᠰᠬᠠᠶ ᠬᠥᠮᠦᠨ ᠲᠤᠰᠬᠠᠶ ᠠᠩᠬᠢ ᠲᠤᠬᠢᠷᠠᠭᠤᠯᠵᠤ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠡᠯ᠎ᠡ ᠭᠤᠭᠴᠣᠭᠠᠨ ᠤ ᠠᠵᠢᠯ ᠢ ᠴᠢᠩᠭ᠎ᠠ ᠠᠳᠬᠤᠵᠤ᠂ ︽ ᠯᠠᠪᠳᠠᠢ ᠰᠢᠶᠳᠪᠦᠷᠢᠯᠡᠬᠦ ᠠᠷᠭ᠎ᠠ ᠪᠠᠶᠢᠬᠤ ᠰᠡᠳᠬᠢᠬᠦᠶ ︾ ᠪᠠᠷ ᠠᠵᠤ ᠠᠬᠤᠶ ᠶᠢᠨ ᠡᠷᠭᠢᠯᠲᠡ ᠳᠤᠮᠳᠠᠬᠢ ᠲᠦᠭᠵᠢᠷᠡᠯ᠂ ᠬᠤᠷᠢᠭ᠎ᠠ ᠴᠡᠭ ᠪᠣᠯᠤᠨ ᠬᠦᠴᠢᠷᠳᠡᠯ ᠢ ᠬᠦᠴᠦᠯᠡᠨ ᠰᠢᠶᠳᠪᠦᠷᠢᠯᠡᠵᠦ᠂ ᠬᠠᠳᠠᠭᠠᠯᠠᠯᠲᠠ ᠶᠢᠨ ᠬᠡᠮᠵᠢᠶ᠎ᠡ ᠶᠢ ᠴᠢᠨᠠᠭᠰᠢᠳᠠ ᠳᠡᠭᠡᠭᠰᠢᠯᠡᠭᠦᠯᠦᠨ᠂ ᠨᠡᠮᠡᠭᠳᠡᠯ ᠤᠨ ᠬᠡᠮᠵᠢᠶ᠎ᠡ ᠶᠢ ᠭᠦᠨᠵᠡᠭᠡᠶ ᠠᠭᠤᠳᠠᠯᠵᠤ᠂ ᠪᠥᠬᠦ ᠲᠣᠭᠤᠷᠢᠭ ᠤᠨ ᠠᠵᠤ ᠠᠬᠤᠶ ᠶᠢᠨ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠬᠦᠴᠦ ᠪᠠᠨ ᠬᠠᠮᠲᠤᠳᠬᠠᠨ ᠠᠬᠢᠭᠤᠯᠬᠤ ᠬᠡᠷᠡᠭᠲᠡᠶ ᠭᠡᠵᠤ ᠴᠢᠬᠤᠯᠠᠴᠢᠯᠠᠪᠠ᠃      ︵ᠰᠤᠷᠪᠤᠯᠵᠢᠯᠠᠭᠴᠢ᠄ ᠯᠧᠢ ᠶᠤᠸᠠᠨ ᠶᠤᠸᠠᠨ   ᠬᠢᠨᠠᠨ ᠬᠠᠷᠭᠤᠭᠤᠯᠤᠬᠰᠠᠨ ᠨᠢ᠄ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号