ᠶᠢᠨ ᠶᠦᠩ ᠯᠢ ᠨᠡᠶᠢᠭᠡᠮ ᠲᠣᠭᠤᠷᠢᠭ ᠤᠨ ᠵᠠᠰᠠᠯᠲᠠ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/6/28
     6 ᠰᠠᠷ᠎ᠠ ᠶᠢᠨ 25 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠶᠦᠩ ᠯᠢ ᠺᠦᠨᠪᠸᠢ ᠵᠡᠭᠡᠯᠢ ᠭᠤᠳᠤᠮᠵᠢ ᠶᠢᠨ ᠬᠠᠷᠢᠶ᠎ᠠ ᠨᠡᠶᠢᠭᠡᠮ ᠲᠣᠭᠤᠷᠢᠭ ᠲᠤ ᠭᠦᠨᠵᠡᠭᠡᠶᠢᠷᠡᠨ᠂ ᠨᠡᠶᠢᠭᠡᠮ ᠲᠣᠭᠤᠷᠢᠭ ᠤᠨ ᠵᠠᠰᠠᠯᠲᠠ ᠶᠢᠨ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃        ᠶᠢᠨ ᠶᠦᠩ ᠯᠢ ᠤᠷᠢᠳ ᠬᠤᠵᠢᠳ ᠺᠦᠨᠪᠸᠢ ᠵᠡᠭᠡᠯᠢ ᠭᠤᠳᠤᠮᠵᠢ ᠶᠢᠨ ᠬᠠᠷᠢᠶᠠᠨ ᠳᠠᠬᠢ ᠬᠠᠢ ᠸᠧᠢ ᠨᠡᠶᠢᠭᠡᠮ ᠲᠣᠭᠤᠷᠢᠭ᠂ ᠹᠠᠨ ᠴᠢᠶᠧ ᠨᠡᠶᠢᠭᠡᠮ ᠲᠣᠭᠤᠷᠢᠭ᠂ ᠯᠢ ᠿᠢ ᠨᠡᠶᠢᠭᠡᠮ ᠲᠣᠭᠤᠷᠢᠭ᠂ ᠬᠤᠸᠠ ᠱᠧᠩ ᠨᠡᠶᠢᠭᠡᠮ ᠲᠣᠭᠤᠷᠢᠭ ᠵᠢᠴᠢ ᠯᠦᠩ ᠶᠤᠸᠠᠢ ᠨᠡᠶᠢᠭᠡᠮ ᠲᠣᠭᠤᠷᠢᠭ ᠲᠤ ᠬᠦᠷᠴᠦ᠂ ᠠᠵᠢᠯᠲᠠᠳ ᠲᠠᠢ ᠳᠣᠲᠣᠨᠣ ᠪᠠᠷ ᠶᠠᠷᠢᠯᠴᠠᠵᠤ᠂ ᠦᠨᠳᠦᠰᠦᠨ ᠱᠠᠲᠤᠨ ᠤ ᠵᠠᠰᠠᠯᠲᠠ ᠶᠢᠨ ᠪᠠᠶᠢᠳᠠᠯ ᠢ ᠨᠠᠷᠢᠨ ᠬᠢᠨᠠᠮᠠᠭᠠᠢ ᠪᠦᠬᠦ ᠲᠠᠯ᠎ᠠ ᠪᠠᠷ ᠣᠶᠢᠯᠠᠭᠠᠪᠠ᠃ ︽ᠣᠲᠣ ᠨᠡᠶᠢᠭᠡᠮ ᠲᠣᠭᠤᠷᠢᠭ ᠤᠨ ᠦᠨᠳᠦᠰᠦᠨ ᠱᠠᠲᠤᠨ ᠤ ᠵᠠᠰᠠᠯᠲᠠ ᠳᠤ ᠶᠠᠮᠠᠷ ᠶᠠᠮᠠᠷ ᠠᠰᠠᠭᠤᠳᠠᠯ ᠣᠷᠣᠰᠢᠵᠤ       ᠪᠠᠶᠢᠨ᠎ᠠ︖  ︾ ︽ᠶᠠᠮᠠᠷ ᠬᠦᠴᠢᠷᠳᠡᠯ ᠢ ᠪᠢᠳᠡ ᠬᠠᠪᠰᠤᠷᠤᠨ ᠰᠢᠶᠳᠪᠦᠷᠢᠯᠡᠵᠦ ᠥᠭᠬᠦ ᠴᠢᠬᠤᠯᠠᠲᠠᠶ ᠪᠠᠶᠢᠨ᠎ᠠ     ᠪᠣᠶ︖︾ ᠶᠢᠨ ᠶᠦᠩ ᠯᠢ ᠨᠠᠷᠢᠨ ᠨᠢᠮᠪᠠᠢ ᠠᠰᠠᠭᠤᠭᠰᠠᠨ ᠪᠥᠭᠡᠳ ᠨᠡᠶᠢᠭᠡᠮ ᠲᠣᠭᠤᠷᠢᠭ ᠤᠨ ︽ᠠᠷᠠᠳ ᠤᠨ ᠪᠠᠶᠢᠳᠠᠯ ᠤᠨ ᠠᠵᠢᠯᠯᠠᠬᠤ ᠲᠠᠰᠤᠭ ᠪᠠ ᠨᠠᠮ ᠤᠨ ᠬᠡᠰᠢᠬᠦᠨ ᠤ ᠬᠦᠳᠡᠯᠭᠡᠭᠡᠨ ᠤ ᠦᠷᠦᠬᠡ︾  ᠳᠤ ᠬᠡᠷᠡᠭᠯᠡᠬᠦ ᠬᠡᠷ ᠪᠠᠶᠢᠰᠢᠩ ᠤᠨ ᠪᠥᠲᠥᠭᠡᠨ ᠪᠠᠶᠢᠭᠤᠯᠤᠯᠲᠠ᠂ ᠲᠤᠤᠷᠵᠢᠭᠤᠯᠤᠯᠳᠠ ᠶᠢᠨ ᠠᠵᠢᠯᠳᠠᠨ ᠲᠣᠬᠢᠷᠠᠭᠤᠯᠬᠤ ᠵᠡᠷᠭᠡ ᠲᠠᠯ᠎ᠠ ᠶᠢᠨ ᠠᠵᠢᠯ ᠢ ᠣᠯᠠᠨ ᠲᠠᠢ ᠭᠦᠨᠵᠡᠭᠡᠶ ᠶᠠᠷᠢᠯᠴᠠᠪᠠ᠃       ᠶᠢᠨ ᠶᠦᠩ ᠯᠢ᠂  ᠨᠡᠶᠢᠭᠡᠮ ᠲᠣᠭᠤᠷᠢᠭ ᠪᠣᠯ ᠦᠨᠳᠦᠰᠦᠨ ᠱᠠᠲᠤᠨ ᠤ ᠵᠠᠰᠠᠯᠲᠠ ᠶᠢᠨ ᠠᠵᠢᠯ ᠤᠨ ᠬᠠᠮᠤᠭ ᠤᠨ ᠪᠠᠭ᠎ᠠ ᠨᠢᠭᠡᠴᠢ ᠪᠣᠯᠤᠨ᠎ᠠ᠂ ᠨᠡᠶᠢᠭᠡᠮ ᠲᠣᠭᠤᠷᠢᠭ ᠤᠨ ᠵᠠᠰᠠᠯᠲᠠ ᠶᠢ ᠰᠠᠶᠢᠲᠤᠷ ᠠᠳᠬᠤᠬᠤ ᠨᠢ ᠲᠦᠢᠯ ᠤᠨ ᠴᠢᠬᠤᠯᠠ ᠪᠥᠭᠡᠳ ᠮᠠᠰᠢ ᠬᠢᠯᠪᠠᠷ ᠪᠤᠰᠤ ᠶᠤᠮ᠃ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠨ ᠱᠠᠲᠤᠨ ᠤ ᠵᠠᠰᠠᠯᠲᠠ ᠶᠢᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠦᠢᠯᠡᠳᠦᠯ ᠴᠢᠳᠠᠮᠵᠢ ᠶᠢ ᠦᠷᠭᠦᠯᠵᠢᠯᠡᠨ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠶᠢᠨ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠠᠷᠠᠳ ᠤᠯᠠᠨ ᠤ ᠰᠡᠳᠬᠢᠯ ᠬᠠᠨᠤᠮᠵᠢᠲᠠᠢ ᠵᠣᠯ ᠵᠢᠷᠭᠠᠯᠲᠤ ᠭᠡᠷ ᠣᠷᠣᠨ ᠢ ᠪᠦᠳᠦᠬᠡᠨ ᠪᠠᠶᠢᠭᠤᠯᠬᠤ ᠬᠡᠷᠡᠭᠲᠡᠢ᠃ ᠨᠠᠮ ᠤᠨ ᠪᠠᠶᠢᠭᠤᠯᠤᠯᠲᠠ ᠪᠠᠷ ᠬᠦᠳᠦᠯᠦᠮᠵᠢ ᠪᠣᠯᠭᠠᠬᠤ ᠶᠢ ᠪᠠᠷᠢᠮᠲᠠᠯᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠦᠢᠯᠡᠳᠦᠯ ᠴᠢᠳᠠᠮᠵᠢ ᠪᠣᠯᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠴᠢᠳᠠᠮᠵᠢ ᠶᠢ ᠴᠢᠩᠭᠠᠳᠬᠠᠵᠤ᠂ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢ ᠰᠠᠶᠢᠲᠤᠷ ᠪᠠᠳᠠᠷᠠᠭᠤᠯᠬᠤ ᠬᠡᠷᠡᠭᠲᠡᠢ᠃ ᠨᠡᠶᠢᠭᠡᠮ ᠲᠣᠭᠤᠷᠢᠭ ᠤᠨ ᠨᠠᠮ ᠪᠠ ᠣᠯᠠᠨ ᠲᠦᠮᠡᠨ ᠤ ᠦᠶᠯᠡᠴᠢᠯᠡᠭᠡᠨ ᠤ ᠲᠥᠪ ᠢ ᠰᠠᠶᠢᠲᠤᠷ ᠪᠠᠶᠢᠭᠤᠯᠵᠤ ᠰᠠᠶᠢᠲᠤᠷ ᠬᠠᠮᠢᠶᠠᠷᠤᠨ ᠰᠠᠶᠢᠲᠤᠷ ᠬᠡᠷᠡᠭᠯᠡᠵᠦ᠂ ᠠᠷᠠᠳ ᠣᠯᠠᠨ ᠤ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠦᠢᠯᠡᠳᠦᠯ ᠴᠢᠳᠠᠮᠵᠢ ᠶᠢᠨ ᠲᠣᠬᠢᠷᠠᠭᠤᠯᠤᠯᠲᠠ᠂ ᠠᠵᠢᠯᠯᠠᠭᠠᠨ ᠤ ᠵᠠᠭᠪᠤᠷ᠂ ᠦᠶᠯᠡᠴᠢᠯᠡᠭᠡᠨ ᠤ ᠠᠭᠤᠯᠭ᠎ᠠ ᠶᠢ ᠲᠠᠰᠤᠷᠠᠯᠲᠠ ᠥᠬᠡᠶ ᠪᠠᠶᠠᠯᠢᠭᠵᠢᠭᠤᠯᠤᠨ ᠲᠡᠭᠦᠯᠳᠡᠷᠵᠢᠭᠦᠯᠵᠦ᠂ ᠨᠠᠮ ᠤᠨ ᠭᠡᠰᠢᠭᠦᠨ ᠪᠠ ᠣᠯᠠᠨ ᠲᠦᠮᠡᠨ ᠤ ᠢᠷᠡᠬᠦ ᠳᠤᠷᠠᠲᠠᠶ᠂ ᠦᠷᠭᠦᠯᠵᠢ ᠢᠷᠡᠬᠦ ᠬᠠᠯᠠᠭᠤᠨ ᠳᠤᠯᠠᠭᠠᠨ ᠬᠡᠷ ᠣᠷᠣᠨ ᠪᠤᠯᠭᠠᠨ ᠪᠠᠶᠢᠭᠤᠯᠬᠤ ᠬᠡᠷᠡᠭᠲᠡᠶ᠃ ᠡᠭᠦᠷᠭᠡᠯᠡᠯ ᠤᠨ ᠤᠬᠠᠮᠰᠠᠷ ᠢᠶᠠᠨ ᠴᠢᠩᠭᠠᠳᠬᠠᠵᠤ᠂ ᠢᠳᠡᠪᠬᠢᠲᠡᠶ ᠪᠠᠷ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠵᠤ᠂ ᠬᠦᠴᠢᠷᠳᠡᠯᠲᠡᠶ ᠣᠯᠠᠨ ᠲᠦᠮᠡᠨ᠂ ᠭᠠᠭᠴᠠᠭᠠᠷ ᠠᠮᠢᠳᠤᠷᠠᠵᠤ ᠪᠠᠶᠢᠭ᠎ᠠ ᠨᠠᠰᠤᠲᠠᠶᠢᠴᠤᠳ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠵᠡᠷᠭᠡ ᠣᠨᠴᠠᠭᠠᠶ ᠬᠥᠮᠦᠰ ᠢ ᠢᠯᠡᠭᠦᠬᠡᠨ ᠠᠩᠬᠠᠷᠴᠤ᠂ ᠣᠯᠠᠨ ᠲᠦᠮᠡᠨ ᠤ ᠪᠠᠴᠢᠮᠳᠠᠵᠤ ᠲᠦᠪᠡᠭᠳᠡᠵᠤ ᠵᠤᠪᠠᠨᠢᠵᠤ ᠬᠦᠰᠡᠵᠤ ᠪᠠᠶᠢᠭ᠎ᠠ ᠠᠰᠠᠭᠤᠳᠠᠯ ᠢ ᠬᠦᠴᠦᠯᠡᠨ ᠰᠠᠶᠢᠲᠤᠷ ᠰᠢᠶᠳᠪᠦᠷᠢᠯᠡᠵᠦ᠂ ᠣᠯᠠᠨ ᠲᠦᠮᠡᠨ ᠳᠤ ᠦᠶᠯᠡᠴᠢᠯᠡᠬᠦ ᠠᠵᠢᠯ ᠤᠨ ᠨᠠᠷᠢᠯᠢᠬᠵᠢᠬᠰᠠᠨ ᠤᠨᠢᠨ ᠲᠡᠭᠡᠷ᠎ᠡ ᠨᠢ ᠪᠠᠶᠢᠬᠤ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠶ᠃ ᠲᠣᠭᠠᠴᠢᠯᠠᠯᠲᠠ ᠪᠠᠷ ᠬᠦᠴᠦᠨ ᠴᠢᠳᠠᠯ ᠣᠯᠭᠤᠬᠤ ᠶᠢ ᠴᠢᠩᠭᠠᠳᠬᠠᠵᠤ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠠᠭᠤᠭᠠᠯᠢ ᠠᠷᠠᠳ ᠤᠨ ᠬᠥᠳᠡᠯᠦᠩᠭᠦᠢ ᠬᠡᠷᠡᠭᠴᠡᠭᠡ ᠶᠢ ᠨᠠᠷᠢᠯᠢᠭ ᠣᠨᠣᠪᠴᠢᠲᠠᠢ ᠡᠵᠡᠮᠰᠢᠵᠦ᠂ ᠦᠨᠳᠦᠰᠦᠨ ᠱᠠᠲᠤᠨ ᠤ ᠡᠯ᠎ᠡ ᠲᠦᠷᠦᠯ ᠤᠨ ᠲᠤᠭ᠎ᠠ ᠪᠠᠷᠢᠮᠲᠠ ᠶᠢ ᠥᠨᠳᠥᠷ ᠪᠦᠲᠦᠮᠵᠢᠲᠡᠢ ᠪᠠᠷ ᠴᠤᠭᠯᠠᠭᠤᠯᠬᠤ᠂ ᠨᠢᠭᠡᠳᠦᠯᠲᠡᠢ ᠲᠥᠯᠥᠪᠵᠢᠭᠦᠯᠦᠨ ᠬᠡᠷᠡᠭᠯᠡᠬᠦ᠂ ᠡᠮᠬᠢ ᠵᠢᠷᠤᠮ ᠲᠠᠢ ᠬᠠᠮᠲᠤ ᠪᠠᠷ ᠡᠳ᠋ᠯᠡᠬᠦ ᠶᠢ ᠠᠬᠢᠭᠤᠯᠵᠤ᠂ ᠨᠡᠶᠢᠭᠡᠮ ᠲᠣᠭᠤᠷᠢᠭ ᠤᠨ ᠵᠠᠰᠠᠯᠲᠠ ᠶᠢᠨ ᠲᠣᠭᠠᠴᠢᠯᠠᠯᠲᠠ᠂ ᠮᠡᠳᠡᠭᠡ ᠵᠠᠩᠭᠢᠵᠢᠯᠲᠠ᠂ ᠤᠶᠤᠨᠴᠢᠯᠠᠯᠳᠠ ᠶᠢᠨ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠡᠢ᠃       ᠲᠤᠭᠤᠷᠢᠭ ᠤᠨ ᠤᠳᠤᠷᠢᠳᠤᠯᠭ᠎ᠠ ᠵᠠᠢ ᠶᠦᠨ ᡂᠢ᠂ ᠵᠧᠦ ᠰᠢᠤᠸᠠᠢ ᠯᠢᠶᠠᠩ᠂ ᠢᠦᠢ ᠷᠦᠢ ᠴᠢᠩ᠂ ᠶᠠᠩ ᠶᠦᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠶᠢᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ ︵ᠰᠤᠷᠪᠤᠯᠵᠢᠯᠠᠭᠴᠢ᠄ ᠹᠧᠩ ᠰᠢᠤᠸᠠᠢ   ᠬᠢᠨᠠᠨ ᠬᠠᠷᠭᠤᠭᠤᠯᠤᠬᠰᠠᠨ ᠨᠢ᠄ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠭᠡᠷ︶  
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号