ᠲᠢᠶᠠᠨ ᠬᠤᠩ ᠴᠧᠩ ᠮᠠᠨ ᠤ ᠲᠤᠭᠤᠷᠢᠭ ᠤᠨ ᠦᠶᠡᠷ ᠢ ᠰᠡᠷᠭᠡᠶᠢᠯᠡᠬᠦ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/6/3
     5 ᠰᠠᠷ᠎ᠠ ᠶᠢᠨ 30 ᠤ ᠦᠳᠡ ᠶᠢᠨ ᠬᠤᠶᠢᠨ᠎ᠠ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠤᠭᠤᠷᠢᠭ ᠤᠨ ᠳᠠᠷᠤᠭ᠎ᠠ ᠲᠢᠶᠠᠨ ᠬᠤᠩ ᠴᠧᠩ ᠮᠠᠨ ᠤ ᠲᠤᠭᠤᠷᠢᠭ ᠤᠨ ᠦᠶᠡᠷ ᠢ ᠰᠡᠷᠭᠡᠶᠢᠯᠡᠬᠦ ᠠᠵᠢᠯ ᠢ ᠪᠠᠶᠢᠴᠠᠭᠠᠨ ᠰᠤᠳᠤᠯᠪᠠ᠃      ᠲᠢᠶᠠᠨ ᠬᠤᠩ ᠴᠧᠩ ᠨᠡᠷ ᠤᠷᠢᠳ ᠬᠤᠵᠢᠳ ᠪᠠᠷᠰᠬᠠᠢ ᠭᠤᠤ ᠶᠢᠨ 110 ᠤᠯᠤᠰ ᠤᠨ ᠵᠠᠮ ᠠᠴᠠ ᠡᠮᠦᠨᠡᠰᠢᠬᠢ ᠬᠡᠰᠡᠭ᠂ ᠬᠥᠨᠳᠡᠯᠡᠨ ᠭᠤᠣᠯ ᠬᠢᠭᠡᠳ ᠮᠤᠨᠢ ᠠᠭᠤᠯᠠ ᠶᠢᠨ ᠦᠶᠡᠷ ᠢ ᠬᠠᠰᠢᠬᠤ ᠭᠤᠤ ᠶᠢᠨ ᠠᠭᠤᠯᠵᠠᠷ ᠬᠡᠰᠡᠭ᠂ ᠵᠤᠤ ᠶᠤᠸᠠᠨ ᠵᠠᠮ ᠪᠠᠶᠠᠨ ᠤᠪᠤᠭ᠎ᠠ ᠵᠠᠮ ᠠᠴᠠ ᠪᠠᠷᠠᠭᠤᠨᠰᠢᠬᠢ ᠪᠠᠶᠢᠰᠢᠩ ᠬᠡᠷ ᠤᠨ ᠲᠣᠭᠤᠷᠢᠭ ᠵᠡᠷᠭᠡ ᠭᠠᠵᠠᠷ ᠲᠤ ᠬᠦᠷᠴᠦ᠂ ᠬᠠᠰᠢᠯᠭ᠎ᠠ ᠳᠠᠯᠠᠩ ᠢ ᠪᠠᠬᠢᠯᠡᠨ ᠵᠠᠰᠠᠬᠤ᠂ ᠤᠰᠤᠨ ᠤ ᠪᠠᠶᠢᠳᠠᠯ ᠤᠰᠤᠨ ᠲᠦᠪᠰᠢᠨ᠂ ᠬᠤᠲᠠ ᠶᠢᠨ ᠲᠣᠭᠤᠷᠢᠭ ᠤᠨ ᠳᠣᠲᠣᠷᠠᠬᠢ ᠬᠤᠲᠣᠭᠤᠷ ᠭᠠᠵᠠᠷ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠦᠶᠡᠷ ᠢ ᠰᠡᠷᠬᠡᠶᠢᠯᠡᠬᠦ ᠪᠡᠯᠡᠳᠬᠡᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠬᠤᠯᠪᠣᠭᠳᠠᠯ ᠪᠦᠬᠦᠢ ᠨᠢᠭᠡᠴᠢ ᠶᠢᠨ ᠬᠠᠷᠢᠭᠤᠴᠠᠯᠭᠠᠲᠠᠨ ᠲᠠᠢ ᠬᠠᠮᠲᠤ ᠤᠰᠤ ᠵᠠᠯᠠᠵᠤ ᠤᠰᠤᠲᠤᠯ ᠢ ᠰᠡᠷᠭᠡᠶᠢᠯᠡᠬᠦ ᠠᠷᠭ᠎ᠠ ᠬᠡᠮᠵᠢᠶ᠎ᠡ ᠠᠷᠭ᠎ᠠ ᠠᠪᠴᠠᠯ ᠢ ᠰᠤᠳᠤᠯᠤᠭᠰᠠᠨ ᠪᠥᠭᠡᠳ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠪᠣᠳᠠᠲᠠᠢ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠴᠠᠢ᠃      ᠲᠢᠶᠠᠨ ᠬᠤᠩ ᠴᠧᠩ᠂ ᠣᠳᠣᠬᠠᠨ ᠳᠤ ᠰᠢᠷᠦᠭᠦᠨ ᠪᠣᠷᠣᠭᠠᠨ ᠤᠷᠤᠬᠤ ᠬᠠᠴᠢᠨ ᠠᠭᠤᠷ ᠠᠮᠢᠰᠬᠤᠯ ᠡᠬᠢᠯᠡᠨ ᠨᠡᠮᠡᠭᠳᠡᠵᠦ ᠪᠠᠶᠢᠨ᠎ᠠ᠂ ᠪᠦᠬᠦ  ᠲᠤᠭᠤᠷᠢᠭ ᠤᠨ ᠡᠯ᠎ᠡ ᠬᠤᠯᠪᠤᠬᠳᠠᠯ ᠪᠦᠬᠦᠢ ᠰᠠᠯᠠᠭ᠎ᠠ ᠮᠥᠴᠢᠷ᠂ ᠨᠢᠭᠡᠴᠢ ᠦᠵᠡᠯ ᠰᠠᠨᠠᠭ᠎ᠠ ᠲᠠᠨᠢᠯᠲᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠦᠶᠡᠷ ᠢ ᠰᠡᠷᠭᠡᠶᠢᠯᠡᠬᠦ ᠠᠵᠢᠯ ᠤᠨ ᠡᠨᠡᠬᠦ ᠬᠦᠪᠴᠢ  ᠶᠢ ᠴᠠᠭ ᠢᠮᠠᠭᠲᠠ ᠴᠢᠩᠭᠠᠯᠠᠵᠤ᠂ ᠦᠶᠡᠷ ᠢ ᠰᠡᠷᠭᠡᠶᠢᠯᠡᠬᠦ ᠬᠠᠷᠢᠭᠤᠴᠠᠯᠭ᠎ᠠ ᠶᠢ ᠤᠯᠠᠮ ᠴᠢᠨᠠᠭᠰᠢᠳᠠ ᠪᠣᠳᠠᠲᠠᠶᠢᠵᠢᠭᠤᠯᠵᠤ᠂ ᠦᠶᠡᠷ ᠢ ᠰᠡᠷᠭᠡᠶᠢᠯᠡᠵᠤ ᠤᠰᠤᠳᠤᠯ ᠢ ᠵᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠪᠣᠯᠤᠨ ᠦᠶᠡᠷ ᠢ ᠰᠡᠷᠭᠡᠶᠢᠯᠡᠬᠦ ᠡᠯ᠎ᠡ ᠵᠦᠢᠯ ᠤᠨ ᠠᠵᠢᠯ ᠤᠨ ᠲᠦᠷᠢᠮ ᠢ ᠦᠷᠭᠦᠯᠵᠢᠯᠡᠨ    ᠲᠡᠭᠦᠯᠳᠡᠷᠵᠢᠭᠦᠯᠵᠦ᠂ ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ᠃ ᠬᠤᠳᠠ ᠶᠢᠨ ᠲᠣᠭᠤᠷᠢᠭ ᠤᠨ ᠠᠮᠠᠷᠬᠠᠨ ᠤᠰᠤᠲᠤᠬᠤ ᠭᠠᠵᠠᠷ ᠤᠨ ᠪᠤᠢ ᠪᠣᠯᠤᠭᠰᠠᠨ ᠰᠢᠯᠲᠠᠭᠠᠨ ᠢ ᠨᠠᠷᠢᠨ ᠬᠢᠨᠠᠮᠠᠭᠠᠢ ᠵᠠᠳᠠᠯᠵᠤ᠂ ᠤᠰᠤ ᠭᠠᠳᠠᠭᠰᠢᠯᠠᠭᠤᠯᠬᠤ ᠬᠤᠭᠤᠯᠠᠢ ᠶᠢᠨ ᠲᠣᠣᠷ ᠤᠨ ᠵᠢᠷᠤᠭ ᠲᠥᠯᠥᠪᠯᠡᠭᠡ ᠪᠣᠯᠤᠨ ᠠᠵᠢᠯᠯᠠᠭᠠᠨ ᠤ ᠪᠠᠶᠢᠳᠠᠯ ᠢ ᠵᠢᠭᠰᠠᠭᠠᠨ ᠪᠠᠶᠢᠴᠠᠭᠠᠵᠤ᠂ ᠬᠠᠷᠠᠭᠠᠯᠵᠠᠬᠰᠠᠨ ᠮᠡᠷᠭᠡᠵᠢᠯ ᠢᠶᠠᠷ ᠰᠢᠢᠳᠪᠦᠷᠢᠯᠡᠬᠦ ᠲᠥᠰᠦᠯ ᠢ ᠭᠠᠷᠭᠠᠵᠤ᠂ ᠭᠤᠣᠯᠳᠠᠯᠭ᠎ᠠ ᠲᠠᠢ ᠣᠷᠣᠨ ᠪᠠᠶᠢᠷᠢ᠂ ᠪᠠᠭᠤᠷᠠᠢ ᠭᠤᠭᠴᠤᠭ᠎ᠠ ᠳᠠᠬᠢ ᠰᠡᠷᠭᠡᠶᠢᠯᠡᠨ ᠬᠠᠮᠠᠭᠠᠯᠠᠬᠤ ᠠᠵᠢᠯ ᠢ ᠴᠢᠩᠭᠠᠳᠬᠠᠵᠤ᠂ ᠬᠤᠳᠠ ᠶᠢᠨ ᠲᠣᠭᠤᠷᠢᠭ ᠤᠨ ᠤᠰᠤᠲᠤᠯ ᠠᠴᠠ ᠪᠤᠯᠬᠤ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠳᠤ ᠦᠵᠡᠭᠦᠯᠬᠦ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠤᠷᠠᠭᠤᠯᠬᠤ ᠬᠡᠷᠡᠭᠲᠡᠢ᠃ ᠴᠠᠭ ᠠᠭᠤᠷ ᠪᠠ ᠦᠶᠡᠷ ᠤᠨ ᠪᠠᠶᠢᠳᠠᠯ ᠤᠨ ᠬᠤᠪᠢᠷᠠᠯᠲᠠ ᠶᠢ ᠨᠢᠭᠲᠠ ᠠᠩᠬᠠᠷᠴᠤ᠂ ᠠᠶᠤᠯ ᠲᠦᠭᠰᠢᠭᠦᠷᠢ ᠶᠢ ᠡᠷᠳᠡᠬᠡᠨ ᠢᠯᠡᠷᠡᠭᠦᠯᠵᠦ᠂ ᠡᠷᠲᠡ ᠠᠴᠠ ᠠᠷᠭᠠᠴᠠᠭᠠᠵᠤ᠂ ᠡᠷᠳᠡᠭᠡᠨ ᠰᠢᠢᠳᠪᠦᠷᠢᠯᠡᠵᠤ᠂ ᠬᠦᠴᠦ ᠪᠠᠨ ᠬᠠᠮᠲᠤᠳᠬᠠᠨ᠂ ᠨᠢᠭᠲᠠ ᠬᠠᠮᠵᠢᠯᠴᠠᠵᠤ᠂ ᠡᠯ᠎ᠡ ᠵᠦᠢᠯ ᠤᠨ ᠪᠠᠴᠢᠮ ᠪᠠᠶᠢᠳᠠᠯ ᠢ ᠠᠷᠭᠠᠴᠠᠭᠠᠬᠤ ᠠᠷᠭ᠎ᠠ ᠬᠡᠮᠵᠢᠶ᠎ᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠶ᠃ ᠦᠶᠡᠷ ᠢ ᠰᠡᠷᠭᠡᠶᠢᠯᠡᠬᠦ  ᠲᠤᠨᠤᠭ ᠲᠦᠬᠦᠭᠡᠷᠦᠮᠵᠢ ᠶᠢ ᠪᠠᠶᠢᠴᠠᠭᠠᠨ ᠦᠵᠡᠵᠤ ᠰᠡᠯᠪᠢᠨ ᠵᠠᠰᠠᠬᠤ ᠪᠠ ᠬᠠᠮᠠᠭᠠᠯᠠᠬᠤ ᠲᠡᠪᠳᠡᠮᠵᠢ ᠶᠢ ᠨᠡᠮᠡᠭᠳᠡᠭᠦᠯᠵᠦ᠂ ᠪᠣᠳᠠᠰ ᠢᠶᠠᠷ ᠰᠡᠷᠭᠡᠶᠢᠯᠡᠬᠦ᠂ ᠮᠡᠷᠭᠡᠵᠢᠯ ᠢᠶᠠᠷ ᠰᠡᠷᠭᠡᠶᠢᠯᠡᠬᠦ᠂ ᠬᠥᠮᠦᠨ ᠢᠶᠠᠷ ᠰᠡᠷᠭᠡᠶᠢᠯᠡᠬᠦ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠨ᠂ ᠦᠶᠡᠷ  ᠢ ᠰᠡᠷᠭᠡᠶᠢᠯᠡᠬᠦ ᠠᠵᠢᠯ ᠤᠨ ᠨᠠᠷᠢᠯᠢᠭ ᠤᠨᠤᠪᠴᠢᠳᠠᠢ ᠪᠠᠶᠢᠬᠤ᠂ ᠰᠢᠨᠵᠢᠯᠡᠬᠦ ᠤᠬᠠᠭᠠᠨᠴᠢᠯᠠᠭᠰᠠᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ᠃ ᠦᠶᠡᠷ ᠤᠨ ᠬᠤᠭᠤᠴᠠᠭᠠᠨ ᠳᠤ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ 24 ᠴᠠᠭ ᠢᠶᠠᠷ ᠵᠢᠵᠢᠭᠦᠷᠯᠡᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠦᠨᠳᠦ ᠶᠡᠭᠡ ᠲᠦᠭᠰᠢᠭᠦᠷᠢᠲᠦ ᠪᠠᠶᠢᠳᠠᠯ ᠲᠣᠬᠢᠶᠠᠯᠳᠤᠪᠠᠯ᠂ ᠭᠠᠮᠰᠢᠭ ᠤᠨ ᠪᠠᠶᠢᠳᠠᠯ ᠢ ᠴᠠᠭ ᠲᠤᠬᠠᠶ ᠳᠤᠨᠢ ᠳᠡᠭᠡᠭᠰᠢ ᠮᠡᠳᠡᠭᠦᠯᠵᠦ᠂ ᠮᠡᠳᠡᠭᠡ ᠵᠠᠩᠭᠢ ᠶᠢ ᠰᠠᠭᠠᠳ ᠥᠬᠡᠶ ᠨᠡᠪᠲᠡᠷᠡᠭᠦᠯᠬᠦ᠂ ᠰᠢᠢᠳᠪᠦᠷᠢᠳᠤ ᠪᠣᠳᠣᠯᠭ᠎ᠠ ᠶᠢ ᠣᠨᠣᠪᠴᠢᠲᠠᠶ ᠲᠣᠭᠲᠠᠭᠠᠬᠤ᠂ ᠵᠦᠶ ᠵᠣᠬᠢᠰᠲᠠᠶ ᠰᠢᠢᠳᠪᠦᠷᠢᠯᠡᠬᠦ ᠶᠢ ᠪᠡᠶᠡᠯᠡᠭᠦᠯᠵᠦ᠂ ᠠᠷᠠᠳ ᠣᠯᠠᠨ ᠤ ᠠᠮᠢ ᠨᠠᠰᠤ ᠪᠠ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ ᠬᠡᠪᠡ᠃      ᠬᠤᠯᠪᠤᠬᠳᠠᠯ ᠪᠦᠬᠦᠢ ᠰᠠᠯᠠᠭ᠎ᠠ ᠮᠥᠴᠢᠷ ᠨᠢᠭᠡᠴᠢ ᠶᠢᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠪᠡ᠃ ︵ᠰᠤᠷᠪᠤᠯᠵᠢᠯᠠᠭᠴᠢ᠄ ᠯᠢᠦ ᠬᠤᠢ ᠰᠢᠤᠸᠠᠨ    ᠬᠢᠨᠠᠨ ᠬᠠᠷᠭᠤᠭᠤᠯᠤᠬᠰᠠᠨ ᠨᠢ᠄ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号