ᠶᠢᠨ ᠶᠦᠩ ᠯᠢ ᠰᠢᠲᠠᠮᠠᠬᠠᠶ ᠬᠡᠢ ᠶᠢᠨ ᠠᠶᠤᠯᠭᠦᠶ ᠦᠢᠯᠡᠳᠪᠦᠷᠢᠯᠡᠯ ᠤᠨ ᠠᠵᠢᠯ ᠢ ᠪᠠᠶᠢᠴᠠᠭᠠᠪᠠ
ᠨᠡᠶᠢᠲᠡᠯᠡᠭᠰᠡᠨ ᠴᠠᠭ᠄
2023/6/30
     6 ᠰᠠᠷ᠎ᠠ ᠶᠢᠨ 26 ᠤ ᠡᠳᠦᠷ ᠤᠨ ᠦᠳᠡ ᠶᠢᠨ ᠬᠤᠶᠢᠨ᠎ᠠ᠂ ᠲᠤᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠶᠢᠨ ᠶᠦᠩ ᠯᠢ ᠮᠠᠨ ᠤ ᠲᠤᠭᠤᠷᠢᠭ ᠤᠨ ᠬᠡᠰᠡᠭ ᠠᠵᠤ ᠠᠬᠤᠶᠢᠯᠠᠯ ᠤᠨ ᠦᠢᠯᠡᠳᠪᠦᠷᠢᠯᠡᠯ ᠤᠨ ᠡᠮᠦᠨ᠎ᠡ ᠹᠷᠣᠨᠲ ᠵᠢᠴᠢ ᠪᠠᠷᠢᠯᠭ᠎ᠠ ᠶᠢᠨ ᠥᠭᠡᠷᠡᠴᠢᠯᠡᠯᠲᠡ ᠶᠢᠨ ᠲᠤᠬᠠᠶ ᠶᠢᠨ ᠲᠠᠯᠠᠪᠠᠶ ᠳᠤ ᠭᠦᠨᠵᠡᠭᠡᠶᠢᠷᠡᠵᠦ᠂ ᠰᠢᠲᠠᠮᠠᠬᠠᠶ ᠬᠡᠶ ᠶᠢᠨ ᠠᠶᠤᠯᠬᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠪᠠ᠃        ᠶᠢᠨ ᠶᠦᠩ ᠯᠢ ᠨᠡᠷ ᠤᠷᠢᠳ ᠬᠤᠵᠢᠳ ᠰᠢᠤᠸᠠᠢ ᠯᠦ ᠫᠢᠸᠤ᠋ ᠶᠢᠨ ᠦᠢᠯᠡᠳᠪᠦᠷᠢ᠂ ᠱᠠᠩ ᠬᠥ᠋ ᠲᠣᠮᠣ ᠪᠠᠭᠤᠳᠠᠯ᠂ ᠡᠾᠦ᠋ᠢ ᠳ᠋ᠧ ᠨᠠᠰᠤᠲᠠᠨ ᠢ ᠠᠰᠠᠷᠠᠬᠤ ᠬᠦᠷᠢᠶᠡᠯᠡᠩ᠂ ᠪᠤᠭᠤᠲᠤ ᠶᠢᠨ ᠪᠣᠯᠣᠳ ᠲᠡᠮᠦᠷ ᠤᠨ ᠡᠮᠨᠡᠯᠭᠡ ᠶᠢᠨ ᠬᠤᠷᠢᠶ᠎ᠠ ᠵᠡᠷᠭᠡ ᠭᠠᠵᠠᠷ ᠲᠤ ᠬᠦᠷᠴᠦ᠂ ᠰᠢᠲᠠᠮᠠᠬᠠᠶ ᠬᠡᠶ ᠶᠢᠨ ᠭᠦᠸᠧᠯᠦ ᠶᠢᠨ ᠭᠡᠷ ᠤᠨ ᠲᠣᠨᠤᠭ ᠲᠥᠬᠦᠭᠡᠷᠦᠮᠵᠢ ᠶᠢᠨ ᠲᠣᠬᠢᠷᠠᠭᠤᠯᠤᠯᠲᠠ᠂ ᠠᠵᠤ ᠠᠬᠤᠶᠢᠯᠠᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠡᠬᠡ ᠲᠠᠩᠰᠠ ᠵᠡᠷᠭᠡ ᠪᠠᠶᠢᠳᠠᠯ ᠢ ᠪᠠᠶᠢᠴᠠᠭᠠᠨ ᠦᠵᠡᠭᠰᠡᠨ ᠪᠥᠭᠡᠳ ᠬᠠᠮᠢᠶ᠎ᠠ ᠪᠥᠬᠦᠶ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠶᠢᠨ ᠶᠦᠩ ᠯᠢ᠂ ᠰᠢᠲᠠᠮᠠᠬᠠᠶ ᠬᠡᠶ ᠶᠢᠨ ᠠᠮᠤᠷ ᠲᠦᠪᠰᠢᠨ ᠤ ᠠᠵᠢᠯ ᠳᠤ ᠪᠠᠭ᠎ᠠ ᠶᠠᠪᠤᠳᠠᠯ ᠭᠡᠵᠦ ᠥᠬᠡᠶ᠂ ᠠᠷᠠᠳ ᠣᠯᠠᠨ ᠤ ᠠᠮᠢ ᠨᠠᠰᠤ ᠪᠠ ᠡᠳ᠋ ᠬᠥᠷᠥᠩᠭᠡ ᠶᠢᠨ ᠠᠮᠤᠷ ᠲᠦᠪᠰᠢᠨ ᠲᠠᠢ ᠬᠤᠯᠪᠣᠭᠳᠠᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠢ ᠶᠢᠨ ᠬᠢᠨ ᠪᠠᠶᠢᠳᠠᠯ ᠢ ᠰᠡᠷᠭᠡᠭ ᠢᠶᠠᠷ ᠲᠠᠨᠢᠵᠤ᠂ ᠠᠮᠤᠷ ᠲᠦᠪᠰᠢᠨ ᠬᠥᠭᠵᠢᠯᠲᠡ ᠶᠢᠨ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠴᠠᠭ ᠢᠮᠠᠭᠲᠠ ᠰᠡᠳᠬᠢᠯ ᠠᠮᠤᠷ ᠦᠬᠡᠢ ᠪᠠᠶᠢᠬᠤ︾ ᠪᠠ ︽ᠡᠳᠦᠷ ᠪᠦᠷᠢ ᠲᠡᠭ ᠠᠴᠠ ᠡᠬᠢᠯᠡᠬᠦ︾ ᠬᠠᠷᠢᠭᠤᠴᠠᠯᠭᠠᠲᠤ ᠰᠡᠳᠬᠢᠯᠭᠡ ᠪᠣᠯᠤᠨ ᠲᠦᠭᠰᠢᠭᠦᠷᠢᠲᠦ ᠪᠤᠳᠤᠯ ᠢᠶᠠᠷ ᠪᠦᠬᠦ ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠨᠠᠷᠢᠯᠢᠭ ᠪᠣᠳᠠᠲᠠᠢ ᠠᠳᠬᠤᠬᠤ ᠬᠡᠷᠡᠭᠲᠡᠢ᠃ ᠠᠵᠤ ᠠᠬᠤᠶᠢᠯᠠᠯ ᠤᠳ ᠠᠶᠤᠯᠬᠦᠢ ᠦᠢᠯᠡᠳᠪᠦᠷᠢᠯᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠠᠮᠢᠶᠠᠷᠤᠯᠲᠠ ᠪᠠ ᠠᠵᠢᠯᠲᠠᠨ ᠤ ᠠᠮᠤᠷ ᠲᠦᠪᠰᠢᠨ ᠤ ᠪᠣᠯᠪᠠᠰᠤᠷᠠᠭᠤᠯᠤᠯ ᠢ ᠴᠢᠩᠭᠠᠷᠠᠭᠤᠯᠤᠨ᠂ ᠵᠢᠵᠢᠭᠦᠷᠯᠡᠨ ᠰᠠᠬᠢᠬᠤ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠢ ᠰᠠᠶᠢᠲᠤᠷ ᠬᠢᠵᠦ᠂ ᠲᠣᠭᠲᠠᠮᠠᠯ ᠬᠤᠭᠤᠴᠠᠭ᠎ᠠ ᠲᠠᠢ ᠪᠠᠷ ᠲᠤᠨᠤᠭ ᠲᠥᠬᠦᠭᠡᠷᠦᠮᠵᠢ ᠪᠠᠨ ᠪᠠᠶᠢᠴᠠᠭᠠᠵᠤ᠂ ᠴᠢᠩᠭ᠎ᠠ ᠵᠢᠷᠤᠮᠵᠢᠭᠤᠯᠤᠨ ᠠᠵᠢᠯᠯᠠᠵᠤ᠂ ᠡᠶ᠎ᠡ ᠵᠣᠬᠢᠴᠠᠯ ᠲᠠᠢ᠂ ᠲᠣᠭᠲᠠᠭᠤᠨ᠂ ᠠᠮᠤᠷ ᠲᠦᠪᠰᠢᠨ  ᠦᠢᠯᠡᠳᠪᠦᠷᠢᠯᠡᠯ ᠡᠵᠡᠩᠨᠡᠯᠲᠡ ᠶᠢᠨ ᠣᠷᠴᠢᠨ ᠨᠥᠬᠦᠴᠡᠯ ᠢ ᠪᠣᠶ ᠪᠣᠯᠭᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢᠭᠡ ᠠᠴᠠ ᠵᠦᠢᠴᠢᠯᠡᠨ ᠨᠥᠭᠦᠭᠡ ᠶᠢ ᠮᠡᠳᠡᠵᠦ᠂ ᠪᠥᠬᠦ ᠲᠤᠭᠤᠷᠢᠭ ᠤᠨ ᠬᠡᠪᠴᠢᠶᠡᠨ ᠳᠤ ᠰᠢᠲᠠᠮᠠᠬᠠᠶ ᠬᠡᠶ ᠶᠢᠨ ᠠᠶᠤᠯᠬᠦᠢ ᠦᠢᠯᠡᠳᠪᠦᠷᠢᠯᠡᠯ ᠤᠨ ᠬᠡᠮ ᠰᠣᠭᠤᠭ ᠢ ᠶᠡᠭᠡ ᠪᠠᠷ ᠵᠢᠭᠰᠠᠭᠠᠨ ᠪᠠᠶᠢᠴᠠᠭᠠᠵᠤ ᠶᠡᠭᠡ ᠪᠠᠷ ᠴᠡᠭᠴᠡᠯᠡᠨ ᠵᠠᠰᠠᠬᠤ ᠶᠢ ᠥᠷᠨᠢᠭᠦᠯᠵᠦ᠂ ᠭᠤᠤᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠦᠨ ᠡᠳᠦᠷ ᠲᠤᠲᠤᠮ ᠤᠨ ᠬᠡᠨᠡᠳᠡᠬᠦᠯᠦᠨ ᠪᠠᠶᠢᠴᠠᠭᠠᠬᠤ ᠪᠠ ᠬᠠᠮᠲᠤᠷᠠᠨ ᠬᠠᠤᠯᠢ ᠬᠡᠷᠡᠭᠵᠢᠭᠦᠯᠵᠦ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠠᠰᠠᠭᠤᠳᠠᠯ ᠤᠨ ᠬᠡᠮ ᠰᠣᠭᠤᠭ ᠢ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶ ᠠᠳᠬᠤᠵᠤ᠂ ᠠᠶᠤᠯᠬᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠣᠨᠣᠪᠴᠢᠲᠠᠶ ᠨᠠᠶᠢᠳᠠᠪᠤᠷᠢᠵᠢᠭᠤᠯᠵᠤ᠂ ᠨᠠᠷᠢᠯᠢᠭ ᠨᠠᠶᠢᠳᠠᠪᠤᠷᠢᠵᠢᠭᠤᠯᠵᠤ᠂ ᠪᠤᠳᠠᠳᠠᠢ ᠨᠠᠶᠢᠳᠠᠪᠤᠷᠢᠵᠢᠭᠤᠯᠬᠤ ᠶᠢ ᠤᠯᠠᠮ ᠨᠢᠭᠡ ᠠᠯᠬᠤᠮ ᠠᠬᠢᠭᠤᠯᠬᠤ ᠬᠡᠷᠡᠭᠲᠡᠶ ᠬᠡᠪᠡ᠃       ᠪᠠᠭᠠᠴᠤᠤᠯ 27 ᠳ᠋ᠤᠭᠠᠷ ᠵᠡᠭᠡᠯᠢ ᠭᠤᠳᠤᠮᠵᠢ ᠶᠢᠨ ᠰᠢᠲᠠᠮᠠᠬᠠᠶ ᠬᠡᠶ ᠶᠢᠨ ᠬᠤᠭᠤᠯᠠᠢ ᠶᠢᠨ ᠪᠠᠷᠢᠯᠭ᠎ᠠ ᠶᠢᠨ ᠥᠭᠡᠷᠡᠴᠢᠯᠡᠯᠲᠡ ᠶᠢᠨ ᠲᠤᠬᠠᠶ ᠶᠢᠨ ᠲᠠᠯᠠᠪᠠᠶ ᠳᠤ᠂ ᠶᠢᠨ ᠶᠦᠩ ᠯᠢ ᠬᠤᠭᠤᠯᠠᠶ ᠶᠢᠨ ᠲᠤᠤᠷ ᠢ ᠪᠤᠰᠬᠠᠬᠤ ᠪᠠ ᠰᠠᠭᠤᠭᠠᠯᠢ ᠠᠷᠠᠳ ᠤᠨ ᠲᠣᠭᠤᠷᠢᠭ ᠤᠨ ᠰᠢᠳᠠᠮᠠᠬᠠᠢ ᠬᠡᠢ ᠶᠢᠨ ᠳᠠᠷᠤᠯᠲᠠ ᠶᠢ ᠲᠣᠬᠢᠷᠠᠭᠤᠯᠬᠤ ᠥᠷᠲᠡᠭᠡ ᠶᠢ  ᠪᠠᠶᠢᠷᠢᠯᠠᠭᠤᠯᠤᠬᠰᠠᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠪᠠᠶᠢᠭᠠᠯᠢ ᠶᠢᠨ ᠰᠢᠲᠠᠮᠠᠬᠠᠶ ᠬᠡᠶ ᠪᠠᠷ ᠰᠣᠯᠢᠬᠤ ᠢᠨᠵᠧᠨᠧᠷᠢᠩ ᠤᠨ ᠠᠬᠢᠴᠠ ᠶᠢ ᠨᠠᠷᠢᠨ ᠠᠰᠠᠭᠤᠪᠠ᠃ ᠶᠢᠨ ᠶᠦᠩ ᠯᠢ᠂ ᠪᠠᠷᠢᠯᠭ᠎ᠠ ᠶᠢᠨ  ᠨᠢᠭᠡᠴᠢ ᠠᠮᠤᠷ ᠲᠦᠪᠰᠢᠨ ᠤ ᠤᠯᠠᠭᠠᠨ ᠱᠤᠭᠤᠮ ᠤᠨ ᠤᠬᠠᠮᠰᠠᠷ ᠢᠶᠠᠨ ᠴᠢᠩᠭᠠᠳᠬᠠᠵᠤ᠂ ᠲᠥᠯᠥᠪᠵᠢᠭᠦᠯᠭᠡ ᠵᠢᠷᠤᠭ ᠲᠥᠯᠥᠪᠯᠡᠭᠡ ᠪᠠ ᠠᠵᠢᠯᠯᠠᠬᠤ ᠲᠦᠷᠢᠮ ᠲᠣᠭᠲᠠᠭᠠᠯ ᠶᠣᠰᠣᠭᠠᠷ ᠵᠢᠷᠤᠮᠵᠢᠩᠭᠤᠢ ᠬᠦᠢᠴᠡᠳᠭᠡᠵᠤ᠂ ᠪᠠᠷᠢᠯᠭ᠎ᠠ ᠶᠢᠨ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠤᠤᠷ᠎ᠠ ᠪᠠᠷᠢᠯᠭ᠎ᠠ ᠶᠢᠨ ᠠᠬᠢᠴᠠ ᠪᠠᠨ ᠲᠦᠷᠭᠡᠳᠬᠡᠵᠦ᠂ ᠪᠠᠶᠢᠭᠠᠯᠢ ᠶᠢᠨ ᠰᠢᠲᠠᠮᠠᠬᠠᠶ ᠬᠡᠶ ᠪᠠᠷ ᠰᠣᠯᠢᠬᠤ ᠠᠵᠢᠯ ᠢ ᠲᠣᠭᠲᠠᠭᠰᠠᠨ ᠬᠤᠭᠤᠴᠠᠭᠠᠨ ᠳᠤ ᠴᠢᠨᠠᠷ ᠰᠠᠶᠢᠲᠠᠶ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ᠃ ᠡᠯ᠎ᠡ ᠬᠠᠷᠢᠭᠤᠴᠠᠯᠭᠠᠲᠤ ᠨᠢᠭᠡᠴᠢ ᠰᠢᠲᠠᠮᠠᠬᠠᠶ ᠬᠡᠶ ᠶᠢᠨ ᠬᠤᠭᠤᠯᠠᠶ ᠶᠢᠨ ᠲᠤᠤᠷ ᠪᠣᠯᠤᠨ ᠬᠡᠷᠡᠭᠯᠡᠭᠴᠢ ᠶᠢᠨ ᠬᠡᠷᠡᠭᠯᠡᠬᠦ ᠭᠤᠭᠴᠤᠭ᠎ᠠ ᠶᠢᠨ ᠠᠮᠤᠷ ᠲᠦᠪᠰᠢᠨ ᠤ ᠪᠠᠶᠢᠴᠠᠭᠠᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠲᠦᠭᠰᠢᠭᠦᠷᠢ ᠶᠢᠨ ᠳᠠᠯᠳᠠ ᠬᠡᠮ ᠢ ᠡᠷᠡᠰ ᠠᠷᠢᠯᠭᠠᠨ᠂ ᠠᠷᠠᠳ ᠣᠯᠠᠨ ᠤ ᠠᠮᠢ ᠨᠠᠰᠤ ᠪᠠ ᠡᠳ᠋ ᠬᠥᠷᠥᠩᠭᠡ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠦᠨᠡᠨᠬᠦ ᠪᠠᠲᠤᠯᠠᠬᠤ ᠬᠡᠷᠡᠭᠲᠡᠶ ᠬᠡᠪᠡ᠃      ᠲᠤᠭᠤᠷᠢᠭ ᠤᠨ ᠤᠳᠤᠷᠢᠳᠤᠯᠭ᠎ᠠ ᠢᠦᠶ ᠷᠦᠢ ᠴᠢᠩ᠂ ᠶᠠᠩ ᠶᠦᠩ ᠵᠢᠴᠢ ᠬᠤᠯᠪᠤᠬᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠪᠠ᠃ ︵ᠰᠤᠷᠪᠤᠯᠵᠢᠯᠠᠭᠴᠢ᠄ ᠯᠧᠢ ᠶᠤᠸᠠᠨ ᠶᠤᠸᠠᠨ   ᠬᠢᠨᠠᠨ ᠬᠠᠷᠭᠤᠭᠤᠯᠤᠬᠰᠠᠨ ᠨᠢ᠄ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠬᠡᠷ︶  
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号