ᠲᠢᠶᠠᠨ ᠬᠤᠩ ᠴᠧᠩ ᠪᠥᠬᠦ ᠲᠤᠭᠤᠷᠢᠭ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠰᠤᠷᠤᠬᠴᠢ ᠡᠯᠰᠡᠬᠦ ᠰᠢᠯᠭᠠᠯᠲᠠ ᠶᠢᠨ ᠶᠠᠪᠤᠳᠠᠯ ᠤᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/6/30
     6 ᠰᠠᠷ᠎ᠠ ᠶᠢᠨ 26 ᠤ ᠦᠳᠡ ᠶᠢᠨ ᠡᠮᠦᠨ᠎ᠡ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠤᠭᠤᠷᠢᠭ ᠤᠨ ᠳᠠᠷᠤᠭ᠎ᠠ ᠲᠢᠶᠠᠨ ᠬᠤᠩ ᠴᠧᠩ ᠪᠥᠬᠦ ᠲᠤᠭᠤᠷᠢᠭ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠶᠠᠪᠤᠳᠠᠯ ᠤᠨ ᠠᠵᠢᠯ ᠢ ᠪᠠᠶᠢᠴᠠᠭᠠᠨ ᠰᠤᠳᠤᠯᠪᠠ᠃      ︽ᠬᠡᠳᠦᠶ ᠰᠢᠯᠭᠠᠭᠤᠯᠤᠭᠴᠢ ᠪᠠᠶᠢᠬᠤ ᠪᠣᠶ︖  ︾ ︽ᠣᠨᠴᠠᠭᠠᠶ ᠰᠢᠯᠭᠠᠭᠤᠯᠤᠭᠴᠢ ᠳᠤ ᠠᠪᠬᠤ ᠰᠢᠯᠭᠠᠯᠲᠠ ᠶᠢᠨ ᠠᠷᠭ᠎ᠠ ᠬᠡᠮᠵᠢᠶ᠎ᠡ ᠶᠢ ᠬᠢᠷᠢ ᠵᠡᠷᠭᠡ ᠪᠡᠯᠡᠳᠬᠡᠭᠰᠡᠨ ᠪᠣᠶ︖︾ ᠪᠤᠭᠤᠲᠤ ᠬᠤᠲᠠ ᠶᠢᠨ ᠭᠤᠴᠢᠨ ᠲᠠᠪᠤᠳᠤᠭᠠᠷ ᠳᠤᠮᠳᠠᠳᠤ ᠰᠤᠷᠭᠠᠭᠤᠯᠢ᠂ ᠪᠤᠭᠤᠲᠤ ᠬᠤᠲᠠ ᠶᠢᠨ ᠲᠠᠪᠢᠨ ᠨᠢᠭᠡᠳᠦᠭᠡᠷ ᠳᠤᠮᠳᠠᠳᠤ ᠰᠤᠷᠭᠠᠭᠤᠯᠢ᠂ ᠡᠾᠧ ᠫᠢᠩ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠴᠡᠭ ᠲᠤ᠂ ᠲᠢᠶᠠᠨ ᠬᠤᠩ ᠴᠧᠩ ᠠᠵᠢᠯᠲᠠᠳ ᠲᠠᠢ ᠬᠢᠨᠠᠮᠠᠭᠠᠶ ᠶᠠᠷᠢᠯᠴᠠᠵᠤ᠂ ᠡᠯ᠎ᠡ ᠰᠢᠯᠭᠠᠯᠲᠠ ᠶᠢᠨ ᠴᠡᠭ ᠤᠨ ᠰᠢᠯᠭᠠᠯᠲᠠ ᠶᠢᠨ ᠲᠠᠯᠠᠪᠠᠶ ᠶᠢᠨ ᠪᠠᠶᠢᠷᠢᠯᠠᠭᠤᠯᠤᠯᠲᠠ᠂ ᠴᠠᠬᠢᠯᠭᠠᠨ ᠬᠠᠩᠭᠠᠬᠤ ᠪᠠᠲᠤᠯᠠᠭ᠎ᠠ᠂ ᠡᠷᠬᠢᠨ ᠲᠣᠭᠤᠷᠢᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠠᠮᠤᠷ ᠲᠦᠪᠰᠢᠨ ᠢ ᠬᠠᠮᠠᠭᠠᠯᠠᠬᠤ ᠵᠢᠴᠢ ᠭᠡᠨᠡᠳᠲᠡ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠦᠯ ᠵᠡᠷᠭᠡ ᠠᠵᠢᠯ ᠤᠨ ᠪᠡᠯᠡᠳᠬᠡᠯ ᠢ ᠨᠠᠷᠢᠨ ᠣᠶᠢᠯᠠᠭᠠᠪᠠ᠃      ᠲᠢᠶᠠᠨ ᠬᠤᠩ ᠴᠧᠩ᠂ ᠦᠨᠳᠦᠷ ᠵᠡᠷᠬᠡ ᠶᠢᠨ ᠳᠤᠮᠳᠠᠳᠤ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠨᠢ ᠲᠦᠭ ᠲᠦᠮᠡᠨ ᠠᠶᠢᠯ ᠡᠷᠦᠬᠡ ᠳᠤ ᠬᠤᠯᠪᠣᠭᠳᠠᠵᠤ ᠪᠠᠶᠢᠳᠠᠭ᠂ ᠲᠡᠷᠡ ᠪᠣᠯ ᠥᠷᠭᠡᠨ ᠣᠯᠠᠨ ᠰᠢᠯᠭᠠᠭᠤᠯᠤᠭᠴᠢ ᠶᠢᠨ ᠬᠦᠮᠦᠨ ᠤ ᠠᠮᠢᠳᠤᠷᠠᠯ ᠤᠨ ᠵᠠᠮ ᠳᠠᠬᠢ ᠴᠢᠬᠤᠯᠠ ᠶᠡᠭᠡ ᠵᠠᠩᠭᠢᠯᠠᠭ᠎ᠠ ᠶᠢᠨ ᠴᠡᠭ ᠤᠨ ᠨᠢᠭᠡ ᠮᠥᠨ᠂ ᠡᠯ᠎ᠡ ᠬᠤᠯᠪᠣᠭᠳᠠᠯ ᠪᠥᠬᠦᠶ ᠨᠢᠭᠡᠴᠢ ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠬᠦ ᠪᠠᠨ ᠲᠡᠭᠦᠯᠳᠡᠷᠵᠢᠭᠦᠯᠵᠦ᠂ ᠴᠤᠭ ᠢᠶᠠᠷ ᠠᠳᠬᠤᠨ ᠬᠠᠮᠲᠤ ᠪᠠᠷ ᠬᠠᠮᠢᠶᠠᠷᠬᠤ ᠠᠵᠢᠯ ᠤᠨ ᠲᠣᠭᠲᠠᠴᠠ ᠶᠢ ᠪᠣᠶ ᠪᠣᠯᠭᠠᠵᠤ᠂ ᠡᠯ᠎ᠡ ᠭᠤᠭᠴᠤᠭ᠎ᠠ  ᠳᠠᠬᠢ ᠠᠵᠢᠯ ᠢ ᠵᠦᠢᠯ ᠵᠤᠷᠪᠤᠰ ᠳᠠᠷᠠᠭᠠᠯᠠᠨ ᠰᠠᠶᠢᠲᠤᠷ ᠠᠳᠬᠤᠵᠤ᠂ ᠰᠢᠯᠭᠠᠭᠤᠯᠤᠭᠴᠢ ᠳᠤ ᠬᠠᠯᠠᠭᠤᠨ ᠳᠤᠯᠠᠭᠠᠨ ᠰᠢᠯᠭᠠᠯᠲᠠ ᠶᠢᠨ ᠣᠷᠴᠢᠨ ᠨᠥᠬᠦᠴᠡᠯ ᠢ ᠬᠠᠩᠭᠠᠵᠤ᠂ ᠦᠨᠳᠦᠷ ᠵᠡᠷᠬᠡ ᠶᠢᠨ ᠳᠤᠮᠳᠠᠳᠤ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠳᠤ ᠪᠥᠬᠦ ᠬᠦᠴᠦᠨ ᠢᠶᠠᠷ ᠢᠶᠠᠨ ᠪᠠᠲᠤᠯᠠᠭ᠎ᠠ ᠬᠠᠩᠭᠠᠬᠤ ᠬᠡᠷᠡᠭᠲᠡᠶ᠃ ᠰᠢᠯᠭᠠᠭᠤᠯᠤᠭᠴᠢ ᠶᠢᠨ ᠦᠢᠯᠡᠴᠢᠯᠡᠭᠡ ᠶᠢ ᠪᠥᠬᠦ ᠲᠠᠯ᠎ᠠ ᠪᠠᠷ ᠰᠢᠯᠢᠳᠡᠭᠵᠢᠭᠦᠯᠵᠦ᠂ ᠵᠠᠮ ᠬᠠᠷᠢᠯᠴᠠᠭ᠎ᠠ ᠶᠠᠪᠤᠵᠤ ᠰᠠᠭᠤᠬᠤ᠂ ᠴᠠᠬᠢᠯᠭᠠᠨ ᠬᠦᠴᠦᠨ ᠤ ᠬᠠᠩᠭᠠᠯᠭ᠎ᠠ ᠶᠢ ᠪᠠᠲᠤᠯᠠᠬᠤ᠂ ᠰᠢᠯᠭᠠᠯᠲᠠ ᠶᠢᠨ ᠲᠠᠯᠠᠪᠠᠶ ᠶᠢᠨ ᠡᠷᠬᠢᠨ ᠲᠣᠭᠤᠷᠢᠨ ᠤ ᠣᠷᠴᠢᠨ ᠲᠣᠭᠤᠷᠢᠨ᠂ ᠲᠠᠭᠤ ᠱᠤᠤᠬᠢᠶᠠᠨ ᠢ ᠬᠠᠮᠢᠶᠠᠷᠤᠨ ᠡᠵᠡᠮᠳᠡᠬᠦ ᠵᠡᠷᠭᠡ ᠡᠯ᠎ᠡ  ᠵᠦᠢᠯ ᠤᠨ ᠪᠠᠲᠤᠯᠠᠭ᠎ᠠ ᠶᠢᠨ ᠠᠵᠢᠯ ᠢ ᠪᠣᠳᠠᠲᠠᠶ ᠠᠳᠬᠤᠨ ᠨᠠᠷᠢᠯᠢᠭ ᠠᠳᠬᠤᠵᠤ᠂ ᠰᠢᠯᠭᠠᠯᠲᠠ ᠶᠢᠨ ᠠᠮᠤᠷ ᠲᠦᠪᠰᠢᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠰᠢᠯᠭᠠᠯᠲᠠ ᠶᠢᠨ ᠰᠠᠬᠢᠯᠭ᠎ᠠ ᠪᠠᠲᠤ ᠶᠢ    ᠴᠢᠩᠳᠠᠯᠠᠵᠤ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠵᠦ᠂ ᠡᠯ᠎ᠡ ᠵᠦᠢᠯ ᠤᠨ ᠭᠡᠨᠡᠳᠲᠡ ᠶᠢᠨ ᠪᠠᠶᠢᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠰᠢᠯᠭᠠᠯᠲᠠ ᠶᠢᠨ ᠶᠠᠪᠤᠳᠠᠯ ᠤᠨ ᠠᠵᠢᠯ ᠤᠨ ᠰᠢᠨᠵᠢᠯᠡᠬᠦ ᠤᠬᠠᠭᠠᠨᠴᠢ ᠵᠢᠷᠤᠮᠵᠢᠯ ᠲᠠᠢ᠂ ᠡᠷᠬᠡ ᠲᠡᠭᠰᠢ ᠲᠥᠪ ᠭᠤᠣᠯᠴᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠬᠦᠮᠦᠯᠢᠭ ᠬᠠᠯᠠᠮᠵᠢᠯᠠᠯ ᠢ ᠳᠣᠪᠤᠶᠢᠯᠭᠠᠵᠤ᠂ ᠰᠢᠯᠭᠠᠭᠤᠯᠤᠭᠴᠢ ᠶᠢᠨ ᠰᠢᠯᠭᠠᠯᠲᠠ ᠳᠤ ᠲᠤᠰᠠᠯᠠᠬᠤ ᠦᠢᠯᠡᠴᠢᠯᠡᠬᠡᠨ ᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠡᠷᠬᠡ ᠰᠦᠷᠲᠦ ᠮᠡᠳᠡᠭᠡ ᠵᠠᠩᠭᠢ ᠪᠣᠯᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠴᠠᠭ ᠲᠤᠬᠠᠶ ᠳᠤᠨᠢ ᠨᠡᠶᠢᠲᠡᠯᠡᠵᠦ᠂ ᠰᠢᠯᠭᠠᠭᠤᠯᠤᠭᠴᠢ ᠪᠣᠯᠤᠨ ᠬᠡᠷ ᠤᠨ ᠠᠬᠠᠮᠠᠳ ᠤᠨ ᠠᠩᠬᠠᠷᠴᠤ ᠪᠠᠶᠢᠭ᠎ᠠ ᠠᠰᠠᠭᠤᠳᠠᠯ ᠳᠤ ᠬᠠᠮᠤᠭ ᠤᠨ ᠲᠦᠷᠬᠡᠨ ᠢᠶᠠᠷ ᠬᠠᠷᠢᠭᠤᠯᠲᠠ ᠥᠭᠴᠦ᠂ ᠪᠥᠬᠦ ᠬᠦᠴᠦᠨ ᠢᠶᠠᠷ ᠢᠶᠠᠨ ᠦᠢᠯᠡᠴᠢᠯᠡᠭᠡ ᠪᠠᠲᠤᠯᠠᠭ᠎ᠠ ᠬᠠᠩᠭᠠᠵᠤ᠂ ᠠᠷᠠᠳ ᠣᠯᠠᠨ ᠳᠤ ᠨᠢᠭᠡ ᠬᠤᠪᠢ ᠬᠠᠨᠤᠮᠵᠢᠲᠠᠶ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠶ ᠬᠡᠪᠡ᠃        ᠬᠤᠯᠪᠤᠬᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠪᠡ᠃ ︵ᠰᠤᠷᠪᠤᠯᠵᠢᠯᠠᠭᠴᠢ᠄ ᠵᠣᠣ ᠶᠢᠨ ᠹᠧᠩ   ᠬᠢᠨᠠᠨ ᠬᠠᠷᠭᠤᠭᠤᠯᠤᠬᠰᠠᠨ ᠨᠢ᠄ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号