ᠬᠥᠨᠳᠡᠯᠡᠨ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠷᠪᠠᠨ ᠬᠤᠶᠠᠳᠤᠭᠠᠷ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/6/4
     5 ᠰᠠᠷ᠎ᠠ ᠶᠢᠨ 31 ᠤ ᠡᠳᠦᠷ᠂ ᠬᠥᠨᠳᠡᠯᠡᠨ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠷᠪᠠᠨ ᠬᠤᠶᠠᠳᠤᠭᠠᠷ ᠬᠤᠷᠠᠯ ᠬᠤᠷᠠᠯᠳᠤᠭᠤᠯᠪᠠ᠃ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠶᠦ᠋ᠨ᠂ ᠳᠡᠳ᠋ ᠡᠷᠬᠢᠯᠡᠭᠴᠢ ᠬᠤ᠋ ᠰᠢᠶᠠ᠂ ᠸᠠᠩ ᠸᠧᠢ᠂ ᠯᠢᠦ ᠯᠢ ᠰᠢᠶᠠ ᠵᠢᠴᠢ ᠭᠡᠰᠢᠭᠦᠨ ᠨᠡᠶᠢᠳᠡ 23 ᠬᠥᠮᠦᠨ ᠬᠤᠷᠠᠯ ᠳᠤ ᠣᠷᠣᠯᠴᠠᠵᠤ᠂ ᠯᠢ ᠵᠢᠶᠦ᠋ᠨ᠂ ᠬᠤ᠋ ᠰᠢᠶᠠ ᠲᠤᠰ ᠲᠤᠰ ᠠᠩᠬᠠᠳᠤᠭᠠᠷ ᠤᠳᠠᠭ᠎ᠠ ᠶᠢᠨ ᠪᠠ ᠬᠤᠶᠠᠳᠤᠭᠠᠷ ᠤᠳᠠᠭ᠎ᠠ ᠶᠢᠨ ᠬᠤᠷᠠᠯ ᠢ ᠡᠷᠬᠢᠯᠡᠪᠡ᠃ ᠲᠣᠭᠤᠷᠢᠭ ᠤᠨ ᠳᠡᠳ᠋ ᠳᠠᠷᠤᠭ᠎ᠠ ᠶᠠᠩ ᠶᠦᠩ ᠬᠤᠷᠠᠯ ᠳᠤ ᠰᠤᠯᠠ ᠣᠷᠣᠯᠴᠠᠪᠠ᠃
     ᠲᠤᠭᠤᠷᠢᠭ ᠤᠨ ᠬᠢᠨᠠᠨ ᠪᠠᠶᠢᠴᠠᠭᠠᠬᠤ ᠵᠥᠪᠯᠡᠯ᠂ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ᠂ ᠬᠠᠤᠯᠢ ᠲᠦᠷᠢᠮ ᠤᠨ ᠵᠥᠪᠯᠡᠯ᠂ ᠡᠳ᠋ ᠤᠨ ᠵᠠᠰᠠᠭ ᠠᠵᠤ ᠠᠬᠤᠶ ᠶᠢᠨ ᠵᠥᠪᠯᠡᠯ ᠤᠨ ᠪᠦᠷᠢᠯᠳᠦᠬᠦᠨ᠂ ᠡᠯ᠎ᠡ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ᠂ ᠵᠡᠭᠡᠯᠢ ᠭᠤᠳᠤᠮᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠡᠷᠬᠢᠯᠡᠭᠴᠢ᠂ ᠰᠤᠷᠭᠠᠨ ᠬᠥᠮᠦᠵᠢᠯ ᠤᠨ ᠡᠲᠡᠭᠡᠳ ᠤᠨ ᠠᠷᠠᠳ ᠤᠨ ᠲᠥᠯᠥᠭᠡᠯᠡᠭᠴᠢ ᠶᠢᠨ ᠠᠵᠢᠯᠯᠠᠭ᠎ᠠ ᠶᠢᠨ ᠳᠤᠭᠤᠶᠢᠯᠠᠩ ᠤᠨ ᠬᠠᠷᠢᠭᠤᠴᠠᠯᠭᠠᠲᠠᠨ᠂ ᠪᠤᠭᠤᠲᠤ ᠶᠢᠨ ᠲᠡᠮᠦᠷᠯᠢᠭ ᠢ ᠨᠠᠷᠢᠯᠢᠭ ᠡᠳ᠋ᠰᠢᠭᠦᠯᠬᠦ ᠠᠵᠤ ᠦᠢᠯᠡᠰ ᠤᠨ ᠬᠦᠷᠢᠶᠡᠯᠡᠩ ᠤᠨ ︽ᠠᠷᠠᠳ ᠤᠨ ᠲᠥᠯᠥᠭᠡᠯᠡᠭᠴᠢ ᠶᠢᠨ ᠬᠡᠷ︾ ᠤᠨ ᠬᠠᠷᠢᠭᠤᠴᠠᠯᠭᠠᠲᠠᠨ ᠵᠢᠴᠢ ᠲᠣᠭᠤᠷᠢᠭ ᠤᠨ 5 ᠠᠷᠠᠳ ᠤᠨ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠪᠠ᠃      ᠬᠤᠷᠠᠯ ᠠᠴᠠ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ 2021 ᠣᠨ ᠤ ᠲᠤᠭᠤᠷᠢᠭ ᠤᠨ ᠲᠣᠰ ᠱᠠᠲᠤᠨ ᠤ ᠲᠥᠰᠦᠪ ᠢ ᠬᠦᠢᠴᠡᠳᠭᠡᠭᠰᠡᠨ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠳᠤ ᠬᠢᠨᠠᠨ ᠪᠤᠳᠤᠵᠤ ᠪᠠᠶᠢᠴᠠᠭᠠᠨ ᠢᠯᠡᠷᠡᠬᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠶ ᠮᠡᠳᠡᠭᠦᠯᠦᠯᠲᠡ᠂ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ 2022 ᠣᠨ ᠤ ᠠᠵᠤ ᠠᠬᠤᠶᠢᠯᠠᠯ ᠤᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠤᠨ ᠲᠤᠬᠠᠶ ᠲᠤᠰᠬᠠᠶ ᠮᠡᠳᠡᠭᠦᠯᠦᠯᠲᠡ᠂ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ 2022 ᠣᠨ ᠤ ᠣᠷᠴᠢᠨ ᠲᠣᠭᠤᠷᠢᠨ ᠤ ᠪᠠᠶᠢᠳᠠᠯ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠤᠨ ᠲᠤᠬᠠᠶ ᠲᠤᠰᠬᠠᠶ ᠠᠵᠢᠯ ᠤᠨ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠭᠰᠡᠨ ᠪᠥᠭᠡᠳ ᠳᠡᠭᠡᠷ᠎ᠡ ᠳᠤᠷᠠᠳᠤᠭᠰᠠᠨ ᠮᠡᠳᠡᠭᠦᠯᠦᠯᠲᠡ ᠳᠤ ᠬᠠᠨᠤᠮᠵᠢᠳᠠᠢ ᠪᠠᠶᠢᠬᠤ ᠬᠡᠮᠵᠢᠶ᠎ᠡ ᠳᠤ ᠪᠠᠲᠤᠯᠠᠯᠲᠠ ᠬᠢᠵᠦ᠂ ᠪᠠᠲᠤᠯᠠᠯᠲᠠ ᠶᠢᠨ ᠦᠷ᠎ᠡ ᠳ᠋ᠦᠩ ᠨᠢ ᠴᠥᠮ ᠬᠠᠨᠤᠮᠵᠢᠲᠠᠶ ᠪᠤᠯᠪᠠ᠃ ᠬᠤᠷᠠᠯ ᠠᠴᠠ ︽ᠲᠤᠬᠠᠢ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠡᠰᠡᠭ ᠰᠢᠭᠦᠭᠴᠢ᠂ ᠪᠠᠶᠢᠴᠠᠭᠠᠭᠴᠢ ᠳᠤ ᠡᠭᠦᠷᠭᠡ ᠲᠤᠰᠢᠶᠠᠯ ᠢᠶᠠᠨ ᠭᠦᠢᠴᠡᠳᠬᠡᠭᠰᠡᠨ ᠪᠠᠶᠢᠳᠠᠯ ᠤᠨ ᠦᠨᠡᠯᠡᠯᠳᠠ ᠬᠢᠬᠦ ᠲᠤᠬᠠᠢ ᠠᠵᠢᠯ ᠤᠨ ᠲᠥᠰᠦᠯ ︵ᠡᠬᠡ ᠨᠤᠤᠷᠠᠭ︶︾᠂ ︽ᠬᠥᠨᠳᠡᠯᠡᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠷᠡᠭ ᠵᠥᠪᠯᠡᠬᠦ ᠲᠦᠷᠢᠮ ︵ᠵᠠᠰᠠᠪᠤᠷᠢ ᠣᠷᠣᠭᠤᠯᠤᠭᠰᠠᠨ ᠲᠥᠰᠦᠯ︶︾᠂ ︽ᠬᠥᠨᠳᠡᠯᠡᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠠᠵᠢᠯ ᠤᠨ ᠲᠦᠷᠢᠮ ︵ᠲᠥᠰᠦᠯ︶︾ ᠢ ᠬᠢᠨᠠᠨ ᠵᠥᠪᠯᠡᠵᠦ ᠪᠠᠲᠤᠯᠠᠪᠠ᠃       ᠬᠤᠷᠠᠯ ᠠᠴᠠ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠥᠯᠥᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠬᠤ ᠵᠥᠪᠯᠡᠯ ᠤᠨ ᠲᠥᠯᠥᠭᠡᠯᠡᠭᠴᠢ ᠰᠤ᠋ ᠵᠢᠶᠦ᠋ᠨ   ᠤ ᠬᠢᠷᠢ ᠬᠡᠮ ᠤᠨ ᠲᠤᠬᠠᠢ ᠮᠡᠳᠡᠭᠦᠯᠦᠯᠲᠡ᠂ ᠦ᠋ ᠭᠠᠩ ᠨᠥᠬᠦᠷ ᠤᠨ ᠲᠤᠰᠢᠶᠠᠯ ᠠᠴᠠ ᠪᠠᠨ ᠪᠠᠭᠤᠬᠤ ᠭᠤᠶᠤᠴᠢᠯᠠᠯ ᠢ ᠬᠦᠯᠢᠶᠡᠨ ᠠᠪᠬᠤ ᠲᠤᠬᠠᠢ ᠲᠣᠭᠲᠠᠭᠠᠯ ︵ᠲᠥᠰᠦᠯ︶ ᠢ ᠬᠢᠨᠠᠨ ᠵᠥᠪᠯᠡᠭᠰᠡᠨ ᠪᠥᠭᠡᠳ ᠪᠠᠲᠤᠯᠠᠪᠠ᠃      ᠬᠤᠷᠠᠯ ᠠᠴᠠ ᠬᠠᠮᠢᠶ᠎ᠠ ᠪᠦᠬᠦᠢ ᠠᠵᠢᠯᠳᠠᠨ ᠤ ᠶᠠᠪᠤᠳᠠᠯ ᠤᠨ ᠲᠤᠮᠢᠯᠠᠵᠤ ᠪᠠᠭᠤᠯᠭᠠᠬᠤ ᠵᠦᠢᠯ ᠢ ᠪᠠᠳᠤᠯᠠᠪᠠ᠃  ᠵᠠᠢ ᠶᠦᠨ ᡂᠢ ᠶᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ  ᠲᠤᠭᠤᠷᠢᠭ ᠤᠨ ᠳᠡᠳ᠋ ᠳᠠᠷᠤᠭ᠎ᠠ ᠶᠢᠨ ᠲᠤᠰᠢᠶᠠᠯ ᠠᠴᠠ ᠨᠢ ᠪᠠᠭᠤᠯᠭᠠᠵᠤ᠂ ᠯᠢ ᠵᠦᠩ ᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ  ᠲᠤᠭᠤᠷᠢᠭ  ᠤᠨ ᠳᠡᠳ᠋ ᠳᠠᠷᠤᠭ᠎ᠠ ᠪᠠᠷ ᠲᠣᠮᠢᠯᠠᠬᠤ ᠪᠠᠷ ᠲᠣᠭᠲᠠᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ 4 ᠡᠷᠬᠢᠯᠡᠭᠴᠢ᠂ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ ᠤᠨ 8 ᠬᠠᠷᠢᠭᠤᠴᠠᠯᠭᠠᠲᠠᠨ᠂ ᠬᠢᠨᠠᠨ ᠪᠠᠶᠢᠴᠠᠭᠠᠬᠤ ᠵᠥᠪᠯᠡᠯ ᠤᠨ 1 ᠭᠡᠰᠢᠭᠦᠨ᠂ ᠠᠷᠠᠳ ᠤᠨ ᠪᠠᠶᠢᠴᠠᠭᠠᠬᠤ ᠬᠤᠷᠢᠶᠠᠨ ᠤ 5 ᠪᠠᠶᠢᠴᠠᠭᠠᠭᠴᠢ ᠶᠢ ᠲᠣᠮᠢᠯᠠᠪᠠ᠃ ᠯᠢ ᠵᠢᠶᠦ᠋ᠨ ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠳ ᠲᠤ ᠲᠤᠰᠢᠶᠠᠯ ᠳᠤ ᠲᠣᠮᠢᠯᠠᠬᠤ ᠪᠢᠴᠢᠭ ᠭᠠᠷᠳᠠᠭᠤᠯᠵᠤ᠂ ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠳ ᠦᠨᠳᠦᠰᠦᠨ ᠬᠠᠤᠯᠢ ᠳᠤ ᠲᠠᠩᠭᠠᠷᠢᠭᠯᠠᠬᠤ ᠶᠢᠨ ᠬᠠᠮᠲᠤ ᠣᠪᠣᠷ ᠢᠶᠠᠨ ᠢᠯᠡᠳᠬᠡᠬᠦ ᠦᠭᠡ ᠬᠡᠯᠡᠪᠡ᠃ ︵ᠰᠤᠷᠪᠤᠯᠵᠢᠯᠠᠭᠴᠢ᠄ ᠵᠣᠣ ᠶᠢᠨ ᠹᠧᠩ  ᠬᠢᠨᠠᠨ ᠬᠠᠷᠭᠤᠭᠤᠯᠤᠬᠰᠠᠨ ᠨᠢ᠄ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ  ᠪᠠᠶᠢᠩᠭᠤ  ᠶᠢᠨ ᠬᠤᠷᠢᠶᠠᠨ ᠤ ᠠᠯᠪᠠᠨ ᠬᠡᠷ︶  
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号