ᠬᠥᠨᠳᠡᠯᠡᠨ ᠲᠣᠭᠤᠷᠢᠭ 2023 ᠣᠨ ᠤ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠡᠬᠢᠯᠡᠯᠲᠡ ᠶᠢᠨ ᠶᠣᠰᠣᠯᠠᠯ ᠵᠢᠴᠢ ᠠᠶᠤᠯᠭᠦᠢ ᠦᠢᠯᠡᠳᠪᠦᠷᠢᠯᠡᠯ ᠤᠨ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2023/6/5
   6 ᠰᠠᠷ᠎ᠠ ᠶᠢᠨ 1 ᠤ ᠦᠳᠡ ᠶᠢᠨ ᠡᠮᠦᠨ᠎ᠡ᠂ ᠬᠥᠨᠳᠡᠯᠡᠨ ᠲᠣᠭᠤᠷᠢᠭ ︽ᠠᠶᠤᠯᠭᠦᠶ ᠦᠢᠯᠡᠳᠪᠦᠷᠢᠯᠡᠯ ᠤᠨ    ᠰᠠᠷ᠎ᠠ︾ ᠶᠢᠨ ᠡᠬᠢᠯᠡᠯᠲᠡ ᠶᠢᠨ ᠶᠣᠰᠣᠯᠠᠯ ᠵᠢᠴᠢ ᠠᠶᠤᠯᠭᠦᠶ ᠦᠢᠯᠡᠳᠪᠦᠷᠢᠯᠡᠯ ᠤᠨ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠡᠷᠭᠢᠯᠡᠪᠡ᠃ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠲᠤᠭᠤᠷᠢᠭ ᠤᠨ ᠪᠠᠶᠢᠩᠭᠤ ᠶᠢᠨ ᠳᠡᠳ᠋ ᠳᠠᠷᠤᠭ᠎ᠠ᠂ ᠪᠤᠭᠤᠲᠤ ᠶᠢᠨ ᠪᠣᠯᠣᠳ ᠲᠡᠮᠦᠷ ᠲᠡᠮᠦᠷᠯᠢᠭ ᠬᠠᠶᠢᠯᠤᠭᠤᠯᠬᠤ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠯᠢ ᠵᠥᠩ ᠡᠬᠢᠯᠡᠯᠲᠡ ᠶᠢᠨ ᠶᠣᠰᠣᠯᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠲᠤᠭᠤᠷᠢᠭ ᠤᠨ ᠳᠡᠳ᠋ ᠳᠠᠷᠤᠭ᠎ᠠ ᠵᠦ ᠮᠧᠩ᠂ ᠲᠤᠭᠤᠷᠢᠭ ᠤᠨ ᠠᠶᠤᠯᠬᠦᠢ ᠦᠢᠯᠡᠳᠪᠦᠷᠢᠯᠡᠯ ᠤᠨ ᠬᠠᠮᠢᠶᠠᠷᠤᠯᠳᠠ ᠶᠢᠨ ᠵᠥᠪᠯᠡᠯ ᠤᠨ ᠡᠯ᠎ᠡ ᠪᠦᠷᠢᠯᠳᠦᠬᠦᠨ ᠨᠢᠭᠡᠴᠢ ᠶᠢᠨ ᠭᠤᠤᠯ ᠤᠳᠤᠷᠢᠳᠤᠯᠭ᠎ᠠ ᠪᠣᠯᠤᠨ ᠠᠶᠤᠯᠬᠦᠢ ᠦᠢᠯᠡᠳᠪᠦᠷᠢᠯᠡᠯ ᠢ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠵᠢᠴᠢ ᠪᠥᠬᠦ ᠲᠤᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃  
   ᠡᠬᠢᠯᠡᠯᠲᠡ ᠶᠢᠨ ᠶᠣᠰᠣᠯᠠᠯ ᠳᠡᠭᠡᠷ᠎ᠡ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠥᠨᠳᠡᠯᠡᠨ ᠲᠣᠭᠤᠷᠢᠭ ᠤᠨ 2023 ᠣᠨ ᠤ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠶᠢᠨ ᠲᠥᠰᠦᠯ ᠢ ᠤᠩᠰᠢᠨ ᠨᠡᠶᠢᠲᠡᠯᠡᠪᠡ᠃    ᠡᠬᠢᠯᠡᠯᠲᠡ ᠶᠢᠨ ᠶᠣᠰᠣᠯᠠᠯ ᠳᠠᠭᠤᠰᠤᠭᠰᠠᠨ ᠤ ᠳᠠᠷᠠᠭ᠎ᠠ᠂ ᠪᠤᠭᠤᠲᠤ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠡᠤ ᠰᠢ ᠯᠧ ᠪᠥᠬᠦ ᠠᠵᠢᠯᠳᠠᠳ ᠲᠤ ᠠᠶᠤᠯᠬᠦᠢ ᠦᠢᠯᠡᠳᠪᠦᠷᠢᠯᠡᠯ ᠤᠨ ᠲᠤᠰᠬᠠᠶ ᠰᠡᠳᠦᠪᠲᠦ ᠪᠣᠯᠪᠠᠰᠤᠷᠠᠯ ᠬᠦᠷᠳᠡᠭᠡᠪᠡ᠃ ᠲᠠᠶᠢᠯᠤᠮᠵᠢ ᠨᠢ ᠶᠡᠷᠦᠩᠭᠡᠢ ᠱᠦᠵᠢ ᠰᠢ ᠶᠢᠨ ᠫᠢᠩ ᠤᠨ ᠠᠶᠤᠯᠭᠦᠶ ᠦᠢᠯᠡᠳᠪᠦᠷᠢᠯᠡᠯ ᠤᠨ ᠲᠤᠬᠠᠶ ᠰᠢᠷᠢᠰ ᠴᠢᠬᠤᠯᠠ ᠥᠭᠦᠯᠡᠯᠲᠡ ᠶᠢ ᠰᠢᠰᠲ᠋ᠧᠮ ᠲᠠᠢ ᠡᠷᠭᠢᠴᠡᠭᠦᠯᠵᠦ᠂ ᠠᠶᠤᠯᠭᠦᠶ ᠦᠢᠯᠡᠳᠪᠦᠷᠢᠯᠡᠯ ᠤᠨ ᠪᠠᠶᠢᠳᠠᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠶ ᠦᠢᠯᠡᠳᠪᠦᠷᠢᠯᠡᠯ ᠤᠨ ᠬᠠᠤᠯᠢ︾ ᠵᠡᠷᠬᠡ ᠬᠤᠶᠠᠷ ᠲᠠᠯ᠎ᠠ ᠶᠢᠨ ᠲᠣᠭᠤᠷᠢᠨ ᠳᠤ᠂ ᠠᠵᠢᠯ ᠤᠨ ᠦᠢᠯᠡᠳᠦᠯᠭᠡ ᠪᠣᠯᠤᠨ ᠬᠥᠨᠳᠡᠯᠡᠨ ᠲᠣᠭᠤᠷᠢᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠶᠡᠭᠡ ᠬᠡᠮᠵᠢᠶᠡᠨ ᠤ ᠬᠡᠷᠡᠭ ᠤᠨ ᠵᠢᠱᠢᠶ᠎ᠡ ᠪᠣᠯᠤᠨ ᠨᠡᠶᠢᠲᠡᠯᠢᠭ ᠬᠡᠷᠡᠭ ᠢ ᠬᠡᠷᠡᠭᠯᠡᠨ ᠭᠦᠨᠵᠡᠭᠡᠶ ᠲᠠᠶᠢᠯᠪᠤᠷᠢᠯᠠᠪᠠ᠃ ᠪᠦᠬᠦ᠋ᠢᠯᠡ ᠲᠠᠯᠠᠪᠠᠢ ᠪᠣᠯᠪᠠᠰᠤᠷᠠᠯ ᠤᠨ ᠠᠭᠤᠯᠬᠤᠨ ᠪᠠᠶᠠᠯᠢᠭ᠂ ᠵᠠᠳᠠᠯᠤᠯᠲᠠ ᠨᠢ ᠲᠤᠭᠤᠰᠢᠳᠠᠢ᠂ ᠮᠠᠰᠢ ᠴᠢᠩᠭ᠎ᠠ ᠣᠨᠣᠯᠴᠢ ᠴᠢᠨᠠᠷ ᠪᠠ ᠵᠢᠯᠣᠭᠤᠳᠬᠤ ᠴᠢᠨᠠᠷ ᠲᠠᠢ ᠪᠤᠯᠵᠠᠢ᠃    ᠣᠶᠢᠯᠠᠭᠠᠭᠰᠠᠨ ᠢᠶᠠᠷ᠂ ᠬᠥᠨᠳᠡᠯᠡᠨ ᠲᠣᠭᠤᠷᠢᠭ ᠡᠨᠡ ᠵᠢᠯ ᠤᠨ ᠠᠶᠤᠯᠭᠦᠶ ᠦᠢᠯᠡᠳᠪᠦᠷᠢᠯᠡᠯ ᠤᠨ ᠰᠠᠷ᠎ᠠ ᠶᠢᠨ ︽ᠬᠥᠮᠦᠨ ᠪᠦᠬᠦᠨ ᠠᠶᠤᠯᠭᠦᠢ ᠶᠢ ᠴᠢᠬᠤᠯᠠᠴᠢᠯᠠᠵᠤ᠂ ᠨᠢᠭᠡ ᠨᠢᠭᠡ ᠪᠠᠷ ᠢᠶᠠᠨ ᠴᠦᠮ ᠪᠠᠴᠢᠮ ᠪᠠᠶᠢᠳᠠᠯ ᠢ ᠠᠷᠭᠠᠴᠠᠭᠠᠵᠤ ᠴᠢᠳᠠᠬᠤ︾ ᠠᠵᠢᠯᠯᠠᠭ᠎ᠠ ᠶᠢᠨ ᠭᠤᠤᠯ ᠰᠡᠳᠦᠪ ᠲᠤ ᠠᠩᠬᠠᠷᠤᠯ ᠢᠶᠠᠨ ᠲᠦᠪᠯᠡᠷᠡᠬᠦᠯᠦᠨ᠂ ᠠᠷᠭ᠎ᠠ ᠰᠦᠪᠡᠭᠴᠢᠯᠡᠨ ᠰᠤᠳᠤᠯᠬᠤ ᠪᠠᠨ ᠴᠢᠩᠭᠠᠳᠬᠠᠵᠤ᠂ ᠴᠢᠩᠭ᠎ᠠ ᠨᠢᠮᠪᠠᠶ ᠵᠣᠬᠢᠶᠠᠨ ᠪᠠᠶᠢᠭᠤᠯᠵᠤ ᠬᠡᠷᠡᠭᠵᠢᠭᠦᠯᠦᠨ᠂ ︽ᠠᠶᠤᠯᠬᠦᠢ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠶᠢ ᠠᠶᠤᠯᠬᠦᠢ ᠦᠢᠯᠡᠳᠪᠦᠷᠢᠯᠡᠯ ᠤᠨ ︽ᠬᠡᠷᠡᠭ ᠤᠨ ᠡᠮᠦᠨ᠎ᠡ ᠰᠡᠷᠭᠡᠶᠢᠯᠡᠬᠦ︾ ᠰᠠᠭᠤᠷᠢ ᠶᠢ ᠲᠠᠯᠪᠢᠬᠤ ᠢᠨᠵᠧᠨᠧᠷᠢᠩ ᠯᠦᠭᠡ ᠦᠨᠡᠨᠬᠦ ᠤᠶᠠᠯᠳᠤᠭᠤᠯᠵᠤ᠂ ᠬᠦᠨᠳᠦ ᠶᠡᠭᠡ ᠠᠳᠡᠯ ᠤᠨ ᠳᠠᠯᠳᠠ ᠭᠡᠮ ᠢ ᠲᠤᠰᠬᠠᠶ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ 2023 ᠤᠨ ᠤ ᠠᠵᠢᠯᠯᠠᠭ᠎ᠠ ᠵᠡᠷᠭᠡ ᠭᠤᠣᠯᠳᠠᠯᠭ᠎ᠠ ᠲᠠᠢ ᠠᠵᠢᠯ ᠯᠤᠭ᠎ᠠ ᠤᠶᠠᠯᠳᠤᠭᠤᠯᠤᠨ᠂ ᠠᠶᠤᠯᠭᠦᠶ ᠦᠢᠯᠡᠳᠪᠦᠷᠢᠯᠡᠯ ᠤᠨ ᠬᠠᠷᠢᠶ᠎ᠠ ᠤᠷᠤᠨ ᠤ ᠬᠠᠮᠢᠶᠠᠷᠤᠯᠲᠠ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ᠂ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠲᠠᠢ ᠤᠶᠠᠯᠳᠤᠭᠤᠯᠵᠤ᠂ ᠠᠵᠢᠯ ᠤᠨ ᠠᠷᠭ᠎ᠠ ᠬᠡᠮᠵᠢᠶ᠎ᠡ ᠳᠤ ᠢᠳᠡᠪᠬᠢᠲᠡᠶ ᠪᠠᠷ ᠰᠢᠨ᠎ᠡ ᠶᠢ ᠡᠬᠦᠳᠴᠤ᠂ ᠠᠶᠤᠯᠭᠦᠶ ᠦᠢᠯᠡᠳᠪᠦᠷᠢᠯᠡᠯ ᠤᠨ ᠮᠡᠳᠡᠯᠭᠡ ᠶᠢ ᠲᠦᠭ ᠲᠦᠮᠡᠨ ᠠᠶᠢᠯ ᠡᠷᠦᠬᠡ ᠳᠤ ᠣᠷᠣᠭᠤᠯᠤᠨ᠂ ᠬᠦᠨᠳᠦ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠶᠢ ᠠᠬᠢᠭᠤᠯᠵᠤ᠂ ᠠᠮᠤᠷ ᠲᠦᠪᠰᠢᠨ ᠤ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢ ᠠᠬᠢᠭᠤᠯᠤᠨ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠦᠨᠡᠨᠬᠦ ᠨᠡᠮᠡᠭᠳᠡᠭᠦᠯᠬᠦ ᠪᠤᠯᠤᠨ᠎ᠠ᠃ ︵ᠢᠷᠡᠯᠲᠡ᠄ ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号