ᠪᠤᠭᠤᠲᠤ ᠬᠤᠲᠠ ᠶᠢᠨ ᠬᠥᠨᠳᠡᠯᠡᠨ ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠳᠤ ᠬᠠᠷᠢᠶᠠᠯᠠᠬᠳᠠᠬᠤ ᠠᠵᠢᠯ ᠦᠢᠯᠡᠰ ᠤᠨ ᠨᠢᠭᠡᠴᠢ ᠶᠢᠨ ᠭᠤᠣᠯ ᠲᠤᠰᠢᠶᠠᠯ ᠬᠠᠷᠢᠭᠤᠴᠠᠯᠭ᠎ᠠ
ᠨᠡᠶᠢᠲᠡᠯᠡᠭᠰᠡᠨ ᠴᠠᠭ᠄
2023/6/7
    ᠪᠤᠭᠤᠲᠤ ᠬᠤᠲᠠ ᠶᠢᠨ ᠬᠥᠨᠳᠡᠯᠡᠨ ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ︵ᠪᠤᠭᠤᠲᠤ ᠬᠤᠲᠠ ᠶᠢᠨ ᠬᠥᠨᠳᠡᠯᠡᠨ ᠲᠣᠭᠤᠷᠢᠭ ᠤᠨ ᠮᠣᠩᠭᠤᠯ ᠬᠡᠯᠡᠨ ᠤ ᠦᠢᠯᠡᠴᠢᠯᠡᠭᠡᠨ ᠤ ᠲᠥᠪ ᠤᠨ ᠫᠠᠶᠢᠰᠠ ᠶᠢ ᠡᠯᠬᠦᠵᠤ ᠪᠤᠢ︶     ᠪᠤᠭᠤᠲᠤ ᠬᠤᠲᠠ ᠶᠢᠨ ᠬᠥᠨᠳᠡᠯᠡᠨ ᠲᠣᠭᠤᠷᠢᠭ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ︵ᠪᠤᠭᠤᠲᠤ ᠬᠤᠲᠠ ᠶᠢᠨ ᠬᠥᠨᠳᠡᠯᠡᠨ ᠲᠣᠭᠤᠷᠢᠭ ᠤᠨ ᠮᠣᠩᠭᠤᠯ ᠬᠡᠯᠡᠨ ᠤ ᠦᠢᠯᠡᠴᠢᠯᠡᠭᠡᠨ ᠤ ᠲᠥᠪ︶ ᠪᠣᠯ ᠪᠤᠭᠤᠲᠤ ᠬᠤᠲᠠ ᠶᠢᠨ ᠬᠥᠨᠳᠡᠯᠡᠨ ᠲᠣᠭᠤᠷᠢᠭ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ  ᠳᠤ ᠬᠠᠷᠢᠶᠠᠯᠠᠬᠳᠠᠬᠤ ᠲᠠᠰᠤᠭ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠢ ᠲᠠᠢ ᠲᠡᠩᠴᠡᠨ᠎ᠡ᠃       ᠭᠤᠣᠯ ᠲᠤᠰᠢᠶᠠᠯ ᠬᠠᠷᠢᠭᠤᠴᠠᠯᠭ᠎ᠠ     1. ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠬᠠᠮᠵᠢᠯᠴᠠᠨ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠵᠠᠰᠠᠭ ᠵᠠᠬᠢᠷᠭᠠᠨ ᠤ ᠬᠠᠪᠰᠤᠷᠤᠮᠵᠢ ᠶᠢᠨ ᠴᠢᠨᠠᠷᠲᠠᠶ ᠠᠵᠢᠯ ᠢ ᠡᠭᠦᠷᠭᠡᠯᠡᠨ᠎ᠡ᠃      2. ᠮᠣᠩᠭᠤᠯ ᠦᠭᠡ ᠬᠡᠯᠡ ᠥᠰᠥᠭ ᠪᠢᠴᠢᠭ ᠢ ᠰᠤᠷᠤᠯᠴᠠᠬᠤ᠂ ᠳᠡᠯᠭᠡᠷᠡᠭᠦᠯᠬᠦ᠂ ᠬᠡᠷᠡᠭᠯᠡᠬᠦ ᠪᠠ ᠣᠷᠴᠢᠭᠤᠯᠬᠤ ᠠᠵᠢᠯ ᠢ ᠵᠣᠬᠢᠴᠠᠭᠤᠯᠤᠨ ᠬᠠᠮᠢᠶᠠᠷᠤᠨ᠎ᠠ᠃     3. ᠪᠤᠭᠤᠲᠤ ᠬᠤᠲᠠ ᠶᠢᠨ ᠬᠥᠨᠳᠡᠯᠡᠨ ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠪᠠᠶᠢᠭᠤᠯᠭ᠎ᠠ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠠᠵᠢᠯ ᠢ ᠡᠭᠦᠷᠭᠡᠯᠡᠨ᠎ᠡ᠃     4. ᠦᠨᠳᠦᠰᠦᠲᠡᠨ ᠤ ᠢᠳᠡᠭᠡᠨ ᠤ ᠵᠠᠬ᠎ᠠ ᠳᠡᠯᠭᠡᠭᠦᠷ ᠲᠤ ᠪᠠᠶᠢᠴᠠᠭᠠᠨ ᠰᠤᠳᠤᠯᠬᠤ ᠠᠵᠢᠯ ᠢ ᠡᠭᠦᠷᠭᠡᠯᠡᠵᠦ᠂ ᠬᠥᠨᠳᠡᠯᠡᠨ ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠦᠨᠳᠦᠰᠦᠲᠡᠨ ᠤ ᠢᠳᠡᠭᠡᠨ ᠤ ᠬᠠᠮᠢᠶᠠᠷᠤᠯᠲᠠ ᠶᠢ ᠰᠠᠶᠢᠲᠤᠷ ᠬᠢᠬᠦ ᠳᠤ ᠳᠡᠮᠵᠢᠯᠭᠡ ᠪᠠᠲᠤᠯᠠᠭ᠎ᠠ ᠬᠠᠩᠭᠠᠨ᠎ᠠ᠃    5. ᠦᠨᠳᠦᠰᠦᠳᠡᠨ ᠤ ᠠᠷᠠᠯᠵᠢᠶ᠎ᠠ ᠬᠤᠳᠠᠯᠳᠤᠭ᠎ᠠ ᠪᠠ ᠦᠨᠳᠦᠰᠦᠳᠡᠨ ᠤ ᠤᠨᠴᠠ ᠱᠠᠭᠠᠷᠳᠠᠭᠳᠠᠬᠤ ᠬᠡᠷᠡᠭᠰᠡᠯ ᠡᠳ᠋ᠯᠡᠯ ᠢ ᠦᠢᠯᠡᠳᠪᠦᠷᠢᠯᠡᠬᠦ ᠲᠤᠬᠳᠠᠬᠰᠠᠨ ᠴᠡᠭ ᠪᠤᠯᠬᠤ ᠠᠵᠤ ᠠᠬᠤᠶᠢᠯᠠᠯ ᠳᠤ ᠪᠠᠶᠢᠴᠠᠭᠠᠨ ᠰᠤᠳᠤᠯᠤᠯᠳᠠ ᠬᠢᠵᠤ᠂ ᠦᠨᠳᠦᠰᠦᠳᠡᠨ ᠤ ᠠᠷᠠᠯᠵᠢᠶ᠎ᠠ ᠬᠤᠳᠠᠯᠳᠤᠭ᠎ᠠ ᠪᠠ ᠦᠨᠳᠦᠰᠦᠳᠡᠨ ᠤ ᠤᠨᠴᠠ ᠱᠠᠭᠠᠷᠳᠠᠭᠳᠠᠬᠤ ᠬᠡᠷᠡᠭᠰᠡᠯ ᠡᠳ᠋ᠯᠡᠯ ᠤᠨ ᠠᠵᠤ ᠠᠬᠤᠶᠢᠯᠠᠯ ᠢ ᠲᠡᠮᠵᠢᠬᠦ ᠲᠦᠷᠦ ᠶᠢᠨ ᠪᠤᠳᠤᠯᠭ᠎ᠠ ᠵᠢᠴᠢ ᠬᠤᠯᠪᠤᠬᠳᠠᠯ ᠪᠦᠬᠦᠢ ᠬᠠᠷᠠᠭᠠᠯᠵᠠᠯ ᠦᠵᠡᠬᠦᠯᠬᠦ ᠲᠦᠷᠦ  ᠶᠢᠨ ᠪᠤᠳᠤᠯᠭ᠎ᠠ ᠶᠢ ᠨᠡᠶᠢᠳᠡᠪᠦᠷᠢᠵᠢᠭᠤᠯᠬᠤ ᠠᠵᠢᠯ ᠢ ᠵᠤᠬᠢᠴᠠᠭᠤᠯᠤᠨ᠎ᠠ᠃     6 . ᠦᠨᠳᠦᠰᠦᠲᠡᠨ ᠤ ᠲᠤᠯᠭᠤᠷ ᠪᠢᠴᠢᠭ ᠢ ᠴᠤᠭᠯᠠᠭᠤᠯᠬᠤ᠂ ᠡᠮᠬᠢᠳᠬᠡᠬᠦ᠂ ᠳᠡᠭᠡᠭᠰᠢ ᠮᠡᠳᠡᠭᠦᠯᠬᠦ ᠵᠡᠷᠭᠡ ᠠᠵᠢᠯ ᠢ ᠡᠭᠦᠷᠭᠡᠯᠡᠨ᠎ᠡ᠃     7 . ᠮᠣᠩᠭᠤᠯ ᠬᠡᠯᠡᠨ ᠤ ᠣᠷᠴᠢᠭᠤᠯᠭ᠎ᠠ ᠶᠢᠨ ᠲᠤᠰᠬᠠᠶ ᠮᠡᠷᠭᠡᠵᠢᠯ ᠤᠨ ᠠᠵᠢᠯᠲᠠᠨ ᠢ ᠪᠣᠯᠪᠠᠰᠤᠷᠠᠭᠤᠯᠬᠤ ᠠᠵᠢᠯ ᠢ ᠡᠭᠦᠷᠭᠡᠯᠡᠨ᠎ᠡ᠃    8 .ᠨᠡᠶᠢᠭᠡᠮ ᠤᠨ ᠥᠩᠭᠡᠨ ᠲᠠᠯ᠎ᠠ ᠶᠢᠨ ᠮᠣᠩᠭᠤᠯ ᠬᠢᠲᠠᠳ ᠬᠤᠶᠠᠷ ᠵᠦᠢᠯ ᠤᠨ ᠥᠰᠥᠭ ᠪᠢᠴᠢᠭ ᠢ ᠵᠡᠷᠭᠡ ᠪᠠᠷ ᠬᠡᠷᠡᠭᠯᠡᠬᠦ ᠬᠠᠮᠢᠶᠠᠷᠤᠯᠲᠠ ᠶᠢᠨ ᠠᠵᠢᠯ ᠳᠤ ᠣᠷᠴᠢᠭᠤᠯᠵᠤ ᠬᠢᠨᠠᠨ ᠬᠠᠷᠭᠤᠭᠤᠯᠬᠤ᠂ ᠵᠢᠯᠣᠭᠤᠳᠬᠤ  ᠦᠢᠯᠡᠴᠢᠯᠡᠭᠡ ᠬᠠᠩᠭᠠᠨ᠎ᠠ᠃    9 . ᠪᠤᠭᠤᠲᠤ ᠬᠤᠲᠠ ᠶᠢᠨ ᠬᠥᠨᠳᠡᠯᠡᠨ ᠲᠣᠭᠤᠷᠢᠭ ᠤᠨ ᠳᠥᠷᠪᠡᠨ ᠶᠡᠭᠡ ᠤᠳᠤᠷᠢᠳᠬᠤ ᠪᠠᠭ ᠤᠨ ᠲᠣᠮᠣ ᠬᠡᠯᠪᠡᠷᠢ ᠶᠢᠨ ᠬᠤᠷᠠᠯ᠂ ᠨᠠᠮ ᠵᠠᠰᠠᠭ ᠤᠨ ᠪᠠᠶᠢᠭᠤᠯᠭ᠎ᠠ ᠶᠢᠨ ᠡᠯ᠎ᠡ ᠵᠦᠢᠯ ᠤᠨ ᠠᠯᠪᠠᠨ ᠪᠢᠴᠢᠭ ᠤᠨ ᠮᠣᠩᠭᠤᠯ ᠬᠢᠲᠠᠳ ᠬᠡᠯᠡᠨ ᠤ ᠣᠷᠴᠢᠭᠤᠯᠬᠤ ᠦᠢᠯᠡᠴᠢᠯᠡᠭᠡ ᠬᠠᠩᠭᠠᠨ᠎ᠠ᠃    10 . ᠪᠤᠭᠤᠲᠤ ᠬᠤᠲᠠ ᠶᠢᠨ ᠬᠥᠨᠳᠡᠯᠡᠨ ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠲᠤᠰᠢᠶᠠᠨ ᠭᠦᠢᠴᠡᠳᠬᠡᠯᠭᠡᠭᠰᠡᠨ ᠪᠤᠰᠤᠳ ᠬᠤᠯᠪᠤᠬᠳᠠᠯ ᠪᠦᠬᠦᠢ ᠠᠵᠢᠯ ᠢ ᠡᠭᠦᠷᠭᠡᠯᠡᠨ᠎ᠡ᠃      ᠬᠠᠶ᠋ᠢᠭ᠄ ᠪᠣᠯᠣᠳ ᠲᠡᠮᠦᠷ ᠵᠡᠭᠡᠯᠢ ᠶᠢᠨ 29 ᠳ᠋ᠤᠭᠡᠷ ᠨᠤᠮᠧᠷ   ᠬᠥᠨᠳᠡᠯᠡᠨ ᠲᠣᠭᠤᠷᠢᠭ ᠤᠨ ᠨᠠᠮ ᠵᠠᠰᠠᠭ ᠤᠨ ᠠᠰᠠᠷ ᠤᠨ ᠵᠡᠭᠦᠨ ᠳᠠᠭᠠᠯᠲᠠ ᠠᠰᠠᠷ ᠤᠨ 133 ᠦᠷᠦᠬᠡ     ᠠᠯᠪᠠᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶ ᠤ 8᠄ 30 — 12᠄ 00  ᠂ 14᠄ 30 —17᠄ 30     ᠬᠠᠷᠢᠯᠴᠠᠬᠤ ᠤᠲᠠᠰᠤ᠄ 0472 — 2836757     ᠬᠠᠷᠢᠭᠤᠴᠠᠯᠭᠠᠲᠠᠨ᠄ ᠾᠧ ᠴᠢᠩ
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号