ᠬᠦᠨᠳᠡᠯᠡᠨ ᠳᠤ ᠬᠤᠨᠤᠬᠯᠠᠬᠤᠢ
ᠨᠡᠶᠢᠲᠡᠯᠡᠭᠰᠡᠨ ᠴᠠᠭ᠄
2023/6/8
    1. ᠪᠤᠭᠤᠲᠤ ᠶᠢᠨ ᠪᠤᠯᠤᠳ ᠲᠡᠮᠤᠷ ᠤᠨ ᠵᠣᠴᠢᠳ ᠤᠨ ᠪᠠᠭᠤᠳᠠᠯ —      ᠪᠤᠭᠤᠲᠤ ᠶᠢᠨ ᠪᠤᠯᠤᠳ ᠲᠡᠮᠤᠷ ᠤᠨ ᠵᠣᠴᠢᠳ ᠤᠨ ᠪᠠᠭᠤᠳᠠᠯ ᠢ 1956 ᠣᠨ ᠠᠴᠠ ᠡᠬᠢᠯᠡᠨ ᠪᠠᠶᠢᠭᠤᠯᠵᠤ᠂ ᠪᠤᠭᠤᠲᠤ ᠶᠢᠨ ᠪᠤᠯᠤᠳ ᠲᠡᠮᠤᠷ ᠤᠨ ᠪᠦᠳᠤᠭᠡᠨ ᠪᠠᠶᠢᠭᠤᠯᠤᠯᠲᠠ ᠶᠢᠨ ᠡᠬᠢᠨ ᠤ ᠦᠶ᠎ᠡ ᠶᠢᠨ ᠵᠦᠪᠯᠡᠯᠳᠤ ᠬᠤᠯᠪᠣᠭᠠᠲᠤ ᠤᠯᠤᠰ ᠤᠨ ᠲᠤᠰᠬᠠᠢ ᠮᠡᠷᠭᠡᠵᠢᠯᠲᠡᠨ ᠵᠢᠴᠢ ᠭᠡᠷ ᠪᠦᠯᠢ ᠶᠢᠨ ᠬᠢᠨ ᠤ ᠣᠷᠣᠰᠢᠨ ᠰᠠᠭᠤᠬᠤ ᠬᠡᠷᠡᠭᠴᠡᠭᠡ ᠶᠢ ᠬᠠᠩᠭᠠᠬᠤ ᠶᠢᠨ ᠲᠥᠯᠥᠭᠡ ᠪᠠᠶᠢᠭᠤᠯᠤᠭᠰᠠᠨ ᠶᠤᠮ᠃ 60 ᠭᠠᠷᠤᠢ ᠵᠢᠯ ᠤᠨ ᠲᠤᠷᠰᠢᠬᠢ ᠰᠢᠨᠡᠴᠢᠯᠠᠯᠳᠠ ᠬᠤᠪᠢᠷᠠᠯᠲᠠ ᠵᠢᠴᠢ ᠴᠠᠭ ᠦᠶ᠎ᠡ ᠶᠢ ᠲᠠᠭᠠᠨ ᠪᠦᠬᠦ ᠲᠠᠯ᠎ᠠ ᠪᠠᠷ ᠤᠷᠤᠭᠰᠢᠯᠠᠭᠰᠠᠨ ᠪᠦᠳᠦᠭᠡᠨ ᠪᠠᠶᠢᠭᠤᠯᠤᠯᠲᠠ ᠪᠠ ᠬᠥᠭᠵᠢᠯᠲᠡ ᠪᠠᠷ ᠳᠠᠮᠵᠢᠨ᠂ ᠪᠤᠭᠤᠲᠤ ᠶᠢᠨ ᠪᠤᠯᠤᠳ ᠲᠡᠮᠦᠷ ᠤᠨ ᠵᠣᠴᠢᠳ ᠤᠨ ᠪᠠᠭᠤᠳᠠᠯ ᠨᠢᠭᠡᠨᠲᠡ 11000 ᠲᠡᠭᠰᠢ ᠲᠦᠷᠪᠡᠯᠵᠢᠨ ᠮᠧᠲᠷ ᠳᠠᠯᠠᠪᠠᠢ ᠲᠠᠢ ᠪᠤᠯᠵᠤ ᠦᠷᠬᠡᠵᠢᠨ᠂ ᠬᠤᠨᠤᠭ ᠪᠠᠭᠤᠳᠠᠯ᠂ ᠢᠳᠡᠭᠡᠨ ᠤᠮᠳᠠᠭᠠᠨ᠂ ᠬᠤᠷᠠᠯ ᠴᠤᠬᠯᠠᠭᠠᠨ ᠢ ᠨᠢᠭᠡ ᠴᠤᠬᠴᠠᠵᠢᠭᠤᠯᠤᠬᠰᠠᠨ ᠭᠤᠷᠪᠠᠨ ᠤᠳᠤᠨ ᠳᠡᠰ ᠤᠨ ᠪᠠᠭᠤᠳᠠᠯ ᠪᠤᠯᠵᠤ᠂ ᠪᠤᠭᠤᠲᠤ ᠬᠤᠳᠠ ᠶᠢᠨ ᠬᠠᠮᠤᠭ ᠤᠨ ᠰᠠᠶᠢᠨ ᠵᠢᠭᠤᠯᠴᠢᠯᠠᠯ ᠤᠨ ᠤᠳᠤᠨ ᠳᠡᠰ ᠤᠨ ᠪᠠᠭᠤᠳᠠᠯ ᠪᠣᠯᠵᠠᠢ᠃ ᠵᠣᠴᠢᠳ ᠤᠨ ᠪᠠᠭᠤᠳᠠᠯ ᠳᠤ ᠡᠯ᠎ᠡ ᠵᠦᠢᠯ ᠤᠨ ᠵᠤᠴᠢᠨ ᠤ ᠥᠷᠥᠭᠡ ᠵᠢᠴᠢ ᠢᠵᠢ ᠥᠷᠥᠭᠡ 101 ᠲᠠᠰᠤᠯᠭ᠎ᠠ᠂ ᠳᠠᠶᠢᠯᠠᠯᠭ᠎ᠠ ᠶᠢᠨ ᠲᠢᠩᠬᠢᠮ 7᠂ ᠬᠤᠷᠠᠯ ᠤᠨ ᠭᠡᠷ 9 ᠪᠠᠶᠢᠵᠤ᠂ ᠦᠷᠬᠡᠨ ᠤᠯᠠᠨ ᠵᠣᠴᠢᠳ ᠤᠨ ᠣᠯᠠᠨ ᠵᠦᠢᠯ ᠤᠨ ᠬᠡᠷᠡᠭᠴᠡᠭᠡ ᠶᠢ ᠬᠠᠩᠭᠠᠵᠤ ᠴᠢᠳᠠᠨ᠎ᠠ᠃        ᠪᠠᠶᠢᠭ᠎ᠠ ᠭᠠᠵᠠᠷ᠄ ᠪᠤᠭᠤᠲᠤ ᠬᠤᠲᠠ ᠶᠢᠨ ᠬᠥᠨᠳᠡᠯᠡᠨ ᠲᠣᠭᠤᠷᠢᠭ ᠤᠨ ᠪᠤᠯᠤᠳ ᠲᠠᠮᠦᠷ ᠵᠡᠭᠡᠯᠢ ᠶᠢᠨ 79 ᠳ᠋ᠦ᠋ᠭᠡᠷ ᠨᠣᠮᠧᠷ      ᠬᠠᠷᠢᠯᠴᠠᠬᠤ ᠤᠳᠠᠰᠤ᠄ 0472  — 5366650      2. ᠱᠧᠨ ᠬᠤᠸᠠ ᠣᠯᠠᠨ ᠤᠯᠤᠰ ᠤᠨ ᠲᠣᠮᠣ ᠪᠠᠭᠤᠳᠠᠯ  —      ᠱᠧᠨ ᠬᠤᠸᠠ ᠣᠯᠠᠨ ᠤᠯᠤᠰ ᠤᠨ ᠲᠣᠮᠣ ᠪᠠᠭᠤᠳᠠᠯ ᠨᠢ ᠬᠥᠨᠳᠡᠯᠡᠨ ᠲᠣᠭᠤᠷᠢᠭ ᠤᠨ ᠬᠤᠳᠠ ᠶᠢᠨ ᠭᠤᠤᠯ ᠬᠡᠰᠡᠭ ᠲᠤ  ᠪᠠᠶᠢᠷᠢᠯᠠᠵᠤ᠂  ᠬᠤᠲᠠ ᠶᠢᠨ ᠶᠠᠪᠤᠳᠠᠯ ᠤᠨ ᠠᠭᠤᠳᠠᠮ ᠲᠠᠯᠠᠪᠠᠢ ᠲᠠᠢ ᠬᠥᠷᠰᠢᠯᠡᠵᠦ᠂ ᠡᠷᠭᠢᠨ ᠲᠣᠭᠤᠷᠢᠨ ᠨᠢ ᠬᠥᠷ ᠬᠥᠭᠵᠢᠶᠡᠨ ᠲᠠᠢ ᠬᠤᠳᠠᠯᠳᠤᠭᠠᠨ ᠤ ᠲᠣᠭᠤᠷᠢᠭ ᠪᠣᠯᠤᠨ᠎ᠠ᠃ ᠪᠠᠭᠤᠳᠠᠯ ᠨᠢ 2002 ᠣᠨ ᠳᠤ ᠡᠭᠦᠳᠡ ᠪᠠᠨ ᠨᠡᠭᠡᠭᠡᠵᠦ ᠡᠵᠡᠩᠨᠡᠯᠳᠡ ᠪᠠᠨ ᠡᠬᠢᠯᠡᠬᠦᠯᠵᠤ᠂ ᠨᠠᠶᠢᠳᠠ 22 ᠲᠠᠪᠬᠤᠷᠯᠢᠭ᠂ 300 ᠵᠤᠴᠢᠨ ᠤ ᠥᠷᠥᠭᠡ ᠲᠠᠢ᠃ ᠪᠠᠭᠤᠳᠠᠯ ᠳᠤ ᠬᠤᠳᠠᠯᠳᠤᠭᠠᠨ ᠤ ᠶᠠᠪᠤᠳᠠᠯ ᠤᠨ ᠲᠥᠪ᠂ ᠶᠡᠭᠡ ᠪᠠᠭ᠎ᠠ ᠬᠤᠷᠠᠯ ᠤᠨ ᠲᠢᠩᠬᠢᠮ ︵   ᠬᠡᠷ︶᠂ ᠬᠢᠲᠠᠳ ᠬᠤᠭᠤᠯᠠᠨ ᠬᠡᠷ ᠧᠦ᠋ᠷᠣᠫᠠ ᠬᠤᠭᠤᠯᠠᠨ ᠬᠡᠷ᠂ ᠡᠷᠡᠭᠦᠯ ᠴᠢᠬᠢᠷᠠᠭ ᠵᠤᠭ᠎ᠠ ᠴᠡᠩᠭᠡᠯ᠂ ᠵᠢᠰᠦ ᠭᠤᠶᠣᠯᠠᠬᠤ ᠦᠰᠦ ᠵᠠᠰᠠᠬᠤ᠂ ᠰᠠᠩᠨᠠ ᠶᠢᠨ ᠲᠥᠪ᠂ ᠺᠤᠹᠧ ᠶᠢᠨ ᠪᠠᠭᠠᠷ᠂ ᠪᠤᠤᠯᠢᠩ ᠪᠥᠮᠪᠦᠭᠡ ᠶᠢᠨ ᠲᠠᠯᠠᠪᠤᠷ᠂ ᠪᠠᠷᠠᠭ᠎ᠠ ᠬᠤᠳᠠᠯᠳᠤᠨ ᠠᠪᠬᠤ ᠲᠥᠪ᠂ ᠤᠮᠪᠠᠯᠲᠠ ᠶᠢᠨ ᠲᠠᠲᠠᠭᠠᠯ᠂ ᠲᠤᠤᠷ ᠪᠥᠮᠪᠦᠭᠡ ᠶᠢᠨ ᠲᠠᠯᠠᠪᠤᠷ ᠵᠡᠷᠭᠡ ᠲᠥᠬᠦᠭᠡᠷᠦᠮᠵᠢ ᠲᠠᠢ ᠪᠠᠶᠢᠵᠤ᠂ ᠬᠤᠷᠠᠯ ᠴᠤᠭᠯᠠᠭᠠᠨ ᠢ ᠭᠥᠯᠢᠶᠡᠨ ᠠᠪᠬᠤ᠂ ᠰᠣᠶᠣᠯ ᠤᠨ ᠰᠣᠯᠢᠯᠴᠠᠭ᠎ᠠ ᠬᠢᠬᠦ᠂ ᠶᠡᠷᠦᠩᠬᠡᠶᠢᠯᠡᠭᠰᠡᠨ ᠵᠤᠭ᠎ᠠ ᠴᠡᠩᠭᠡᠯ᠂ ᠬᠤᠳᠠᠯᠳᠤᠭᠠᠨ ᠤ ᠶᠠᠪᠤᠳᠠᠯ ᠬᠤᠨᠣᠬᠯᠠᠵᠤ ᠪᠠᠭᠤᠳᠠᠯᠯᠠᠬᠤ ᠶᠢ ᠨᠢᠭᠡ ᠴᠣᠭᠴᠠᠵᠢᠭᠤᠯᠤᠭᠰᠠᠨ ᠳᠥᠷᠪᠡᠨ ᠣᠳᠣᠨ ᠲᠠᠰ ᠤᠨ ᠪᠠᠷᠢᠮᠵᠢᠶᠠᠲᠤ ᠶᠡᠷᠦᠩᠬᠡᠶᠢᠯᠡᠭᠰᠡᠨ ᠬᠡᠯᠪᠡᠷᠢ ᠶᠢᠨ ᠪᠠᠭᠤᠳᠠᠯ ᠪᠣᠯᠤᠨ᠎ᠠ᠃ ᠪᠠᠭᠤᠳᠠᠯ ᠳᠤ ᠤᠴᠢᠬᠤ ᠳᠤ ᠵᠠᠮ ᠬᠠᠷᠢᠯᠴᠠᠭ᠎ᠠ ᠳᠥᠭᠦᠮ᠂ ᠭᠠᠯᠲᠤ ᠲᠡᠷᠭᠡᠨ ᠥᠷᠲᠡᠭᠡ ᠠᠴᠠ 5 ᠮᠢᠨᠦ᠋ᠲ ᠤᠨ ᠵᠠᠮ ᠤᠨ ᠵᠠᠶᠢᠲᠠᠶ᠂ ᠨᠢᠰᠬᠡᠯ ᠤᠨ ᠪᠠᠭᠤᠳᠠᠯ ᠠᠴᠠ 30 ᠮᠢᠨᠦ᠋ᠲ ᠤᠨ ᠵᠠᠮ ᠤᠨ ᠵᠠᠶᠢᠲᠠᠶ᠃      ᠪᠠᠶᠢᠭ᠎ᠠ ᠭᠠᠵᠠᠷ᠄ ᠬᠥᠨᠳᠡᠯᠡᠨ ᠲᠣᠭᠤᠷᠢᠭ ᠤᠨ ᠠᠷᠠᠳ ᠵᠡᠭᠡᠯᠢ ᠶᠢᠨ 1 ᠳ᠋ᠤᠭᠡᠷ ᠨᠣᠮᠧᠷ      ᠬᠠᠷᠢᠯᠴᠠᠬᠤ ᠤᠳᠠᠰᠤ᠄ 0472 — 5368888     3. ᠱᠢ ᠮᠤᠤ ᠲᠣᠮᠣ ᠪᠠᠭᠤᠳᠠᠯ —     ᠱᠢ ᠮᠤᠤ ᠲᠣᠮᠣ ᠪᠠᠭᠤᠳᠠᠯ ᠨᠢ ᠪᠤᠭᠤᠲᠤ ᠬᠤᠲᠠ ᠶᠢᠨ ᠬᠠᠮᠤᠭ ᠤᠨ ᠬᠥᠭᠵᠢᠶᠡᠨ ᠨᠠᠷᠭᠢᠶᠠᠨ ᠲᠠᠢ       ᠪᠤᠭᠤᠳᠤ ᠶᠢᠨ ᠪᠦᠷᠢᠨ ᠪᠠᠷᠠᠭᠠᠳᠤ ᠬᠤᠳᠠᠯᠳᠤᠭᠠᠨ ᠤ ᠲᠣᠭᠤᠷᠢᠭ ᠲᠤ ᠪᠠᠶᠢᠷᠢᠯᠠᠵᠤ᠂ ᠸᠧᠢ ᠳ᠋ᠦᠸᠧ ᠯᠢ᠂ ᠪᠤᠭᠤᠳᠤ ᠎ ᠶᠢᠨ ᠪᠦᠷᠢᠨ ᠪᠠᠷᠠᠭᠠᠳᠤ ᠬᠤᠳᠠᠯᠳᠤᠭᠠᠨ ᠤ ᠲᠠᠯᠠᠪᠠᠢ᠂ ᠸᠠᠩ ᠹᠦ᠋ ᠵᠢᠩ ᠵᠡᠷᠭᠡ ᠳᠡᠭᠡᠳᠦ ᠲᠠᠰ ᠤᠨ ᠬᠡᠯᠬᠢᠶ᠎ᠡ  ᠪᠠᠷᠠᠭ᠎ᠠ ᠬᠤᠳᠠᠯᠳᠤᠨ ᠠᠪᠬᠤ ᠲᠥᠪ ᠤᠨ ᠲᠤᠮᠳᠠ ᠨᠢ ᠪᠠᠶᠢᠷᠢᠯᠠᠵᠤ ᠪᠣᠶ᠃ ᠪᠠᠭᠤᠳᠠᠯ ᠳᠤ ᠬᠦᠷᠬᠦ ᠵᠠᠮ ᠬᠠᠷᠢᠯᠴᠠᠭ᠎ᠠ ᠮᠠᠰᠢ ᠲᠥᠬᠦᠮ ᠪᠠᠶᠢᠵᠤ᠂ ᠪᠤᠭᠤᠲᠤ ᠶᠢᠨ ᠭᠠᠯᠲᠤ ᠲᠡᠷᠭᠡᠨ ᠥᠷᠲᠡᠭᠡ ᠠᠴᠠ ᠵᠥᠪᠬᠡᠨ 10 ᠺᠢᠯᠣᠮᠧᠲᠷ ᠵᠠᠶᠢᠲᠠᠶ᠂ ᠪᠤᠭᠤᠲᠤ ᠶᠢᠨ ᠨᠢᠰᠬᠡᠯ ᠤᠨ ᠪᠠᠭᠤᠳᠠᠯ ᠠᠴᠠ 25 ᠺᠢᠯᠣᠮᠧᠲᠷ ᠵᠠᠶᠢᠲᠠᠶ᠃ ᠵᠣᠴᠢᠳ ᠤᠨ ᠪᠠᠭᠤᠳᠠᠯ ᠳᠤ ᠳᠡᠭᠡᠳᠦ    ᠲᠡᠰ ᠤᠨ ᠵᠤᠴᠢᠨ ᠤ ᠥᠷᠥᠭᠡ ᠵᠢᠴᠢ ᠭᠤᠶᠤ ᠬᠡᠭᠡᠨᠴᠢᠷ ᠲᠤᠰᠬᠠᠶ ᠥᠷᠥᠭᠡ ᠵᠡᠷᠭᠡ 160 ᠲᠠᠰᠤᠯᠭ᠎ᠠ ᠵᠤᠴᠢᠨ ᠤ ᠦᠷᠦᠬᠡ ᠲᠠᠢ ᠪᠠᠶᠢᠵᠤ᠂ ᠬᠤᠭᠤᠯᠠ ᠤᠮᠳᠠ ᠬᠤᠨᠤᠭ ᠪᠠᠭᠤᠳᠠᠯ᠂ ᠵᠤᠭ᠎ᠠ ᠰᠡᠯᠡᠭᠦᠴᠡᠯ᠂ ᠬᠤᠳᠠᠯᠳᠤᠭᠠᠨ ᠤ ᠶᠠᠪᠤᠳᠠᠯ ᠤᠨ ᠬᠤᠷᠠᠯ ᠴᠤᠬᠯᠠᠭᠠᠨ ᠵᠡᠷᠭᠡ ᠶᠢ ᠨᠢᠭᠡ ᠴᠤᠭᠴᠠᠵᠢᠭᠤᠯᠤᠭᠰᠠᠨ ᠲᠠᠪᠤᠨ ᠣᠳᠣᠨ ᠲᠠᠰ ᠤᠨ ᠬᠤᠳᠠᠯᠳᠤᠭᠠᠨ ᠤ ᠶᠠᠪᠤᠳᠠᠯ ᠤᠨ ᠪᠠᠭᠤᠳᠠᠯ ᠢᠶᠠᠷ ᠭᠤᠶᠤᠴᠢᠯᠠᠵᠤ ᠪᠠᠶᠢᠭ᠎ᠠ ᠪᠠᠭᠤᠳᠠᠯ ᠪᠣᠯᠤᠨ᠎ᠠ᠃    ᠪᠠᠶᠢᠭ᠎ᠠ ᠭᠠᠵᠠᠷ᠄ ᠬᠥᠨᠳᠡᠯᠡᠨ ᠲᠣᠭᠤᠷᠢᠭ ᠤᠨ ᠪᠣᠯᠣᠳ ᠲᠡᠮᠦᠷ ᠵᠡᠭᠡᠯᠢ ᠪᠠ ᠪᠠᠶᠠᠨ ᠣᠪᠣᠭ᠎ᠠ ᠵᠠᠮ ᠤᠨ ᠠᠭᠤᠯᠵᠠᠷ ᠬᠡᠰᠡᠭ ᠲᠤ᠃    ᠬᠠᠷᠢᠯᠴᠠᠬᠤ ᠤᠳᠠᠰᠤ᠄ 0472 — 2367777    4. ᠬᠠᠶᠢᠳᠧ ᠪᠠᠭᠤᠳᠠᠯ —    ᠬᠠᠶᠢᠳᠧ ᠪᠠᠭᠤᠳᠠᠯ ᠪᠣᠯ ᠪᠣᠯᠣᠳ ᠲᠡᠮᠦᠷ ᠵᠡᠭᠡᠯᠢ ᠶᠢᠨ 56 ᠳ᠋ᠤᠭᠠᠷ ᠨᠣᠮᠧᠷ ᠲᠤ ᠪᠠᠶᠢᠷᠢᠯᠠᠵᠤ ᠪᠠᠶᠢᠭ᠎ᠠ ᠲᠠᠪᠤᠨ ᠣᠳᠣᠨ ᠲᠠᠰ ᠤᠨ ᠬᠤᠳᠠᠯᠳᠤᠭᠠᠨ ᠤ ᠶᠠᠪᠤᠳᠠᠯ ᠤᠨ ᠪᠠᠭᠤᠳᠠᠯ ᠪᠣᠯᠤᠨ᠎ᠠ᠃ ᠪᠠᠭᠤᠳᠠᠯ ᠨᠢ ᠬᠥᠨᠳᠡᠯᠡᠨ ᠲᠣᠭᠤᠷᠢᠭ ᠤᠨ ᠵᠠᠰᠠᠭ ᠤᠨ ᠣᠷᠳᠣᠨ ᠲᠠᠢ ᠬᠥᠷᠰᠢᠯᠡᠵᠦ᠂ ᠨᠢᠰᠬᠡᠯ ᠤᠨ ᠪᠠᠭᠤᠳᠠᠯ ᠠᠴᠠ 26 ᠺᠢᠯᠣᠮᠧᠲᠷ ᠵᠠᠶᠢᠲᠠᠶ᠂ ᠪᠤᠭᠤᠲᠤ ᠥᠷᠲᠡᠭᠡ ᠠᠴᠠ 6 ᠺᠢᠯᠣᠮᠧᠲᠷ ᠵᠠᠶᠢᠲᠠᠶ ᠪᠠᠶᠢᠵᠤ᠂ ᠵᠠᠮ ᠬᠠᠷᠢᠯᠴᠠᠭ᠎ᠠ ᠳᠥᠭᠦᠮ ᠪᠠᠶᠢᠳᠠᠭ᠃ ᠪᠠᠭᠤᠳᠠᠯ ᠳᠤ ᠣᠯᠠᠨ ᠶᠠᠩᠵᠤ ᠶᠢᠨ ᠥᠷᠥᠭᠡ᠂ ᠡᠮᠡᠭᠲᠡᠶ ᠵᠤᠴᠢᠨ ᠤ ᠥᠷᠥᠭᠡ᠂ ᠭᠡᠷ ᠪᠦᠯᠢ ᠶᠢᠨ ᠢᠵᠢ ᠦᠷᠦᠬᠡ ᠵᠡᠷᠭᠡ ᠦᠪᠡᠷᠮᠢᠴᠡ ᠤᠨᠴᠠᠯᠢᠬᠳᠤ ᠥᠷᠥᠭᠡ ᠨᠡᠶᠢᠲᠡ 300 ᠰᠢᠬᠠᠮ ᠥᠷᠥᠭᠡ ᠪᠤᠢ᠃ ᠪᠠᠭᠤᠳᠠᠯ ᠤᠨ ᠲᠤᠨᠤᠭ ᠲᠥᠬᠦᠭᠡᠷᠦᠮᠵᠢ ᠨᠢ ᠲᠡᠷᠢᠭᠦᠨ ᠤ ᠬᠢ᠂ ᠴᠢᠳᠠᠮᠵᠢ ᠨᠢ ᠪᠦᠷᠢᠨ᠂ KTV᠂ ᠪᠡᠶ᠎ᠡ ᠪᠣᠯᠪᠠᠰᠤᠷᠠᠭᠤᠯᠬᠤ ᠲᠥᠪ᠂ ᠰᠢᠲᠠᠷ᠎ᠠ ᠶᠢᠨ ᠥᠷᠥᠭᠡ᠂ ᠬᠤᠷᠠᠯ ᠤᠨ ᠭᠡᠷ᠂ ᠭᠠᠵᠠᠷ ᠳᠤᠤᠷᠠᠬᠢ ᠲᠡᠷᠭᠡᠨ ᠬᠥᠮᠥᠷᠭᠡ ᠵᠡᠷᠭᠡ ᠶᠢ ᠪᠦᠷᠢᠨ ᠲᠤᠬᠢᠷᠠᠭᠤᠯᠤᠬᠰᠠᠨ ᠪᠠᠶᠢᠨ᠎ᠠ᠃    5.᠎ ᠶᠢᠨ ᠵᠢᠶᠠᠩ ᠳ᠋ᠦ᠋ ᠴᠧᠩ ᠪᠠᠭᠤᠳᠠᠯ    ᠎ ᠶᠢᠨ ᠵᠢᠶᠠᠩ ᠳ᠋ᠦ᠋ ᠴᠧᠩ ᠪᠠᠭᠤᠳᠠᠯ ᠤᠨ ᠲᠦᠷᠦᠯ ᠲᠡᠮᠳᠡᠭ ᠪᠣᠯ ᠶᠢᠨ ᠵᠢᠶᠠᠩ ᠣᠯᠠᠨ ᠤᠯᠤᠰ ᠤᠨ ᠪᠦᠯᠦᠭᠯᠡᠯ ᠤᠨ 2013 ᠣᠨ ᠳᠤ ᠭᠠᠷᠭᠠᠭᠰᠠᠨ ᠳᠤᠮᠳᠠ ᠳᠡᠭᠡᠳᠦ ᠲᠠᠰ ᠤᠨ ᠬᠡᠯᠬᠢᠶ᠎ᠡ ᠪᠠᠭᠤᠳᠠᠯ ᠤᠨ ᠰᠢᠨ ᠷᠦᠢ ᠲᠦᠷᠦᠯ ᠲᠡᠮᠳᠡᠭ ᠪᠣᠯᠤᠨ᠎ᠠ᠃ ᠪᠠᠭᠤᠳᠠᠯ ᠨᠢ ᠬᠥᠨᠳᠡᠯᠡᠨ ᠲᠣᠭᠤᠷᠢᠭ ᠤᠨ ᠰᠤᠷᠭᠠᠭᠤᠯᠢ ᠶᠢᠨ ᠵᠠᠮ ᠲᠡᠭᠡᠷ᠎ᠡ ᠪᠠᠶᠢᠷᠢᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠶᠢᠨ ᠪᠠᠷᠠᠭᠤᠨ ᠡᠭᠦᠳᠡ᠂ ᠵᠢᠩ ᠤᠦ ᠭᠠᠩ ᠲᠠᠢ    ᠬᠥᠷᠰᠢᠯᠡᠵᠦ᠂ ᠳ᠋ᠢ ᠵᠢᠩ ᠤᠨ ᠡᠮᠦᠨ᠎ᠡ ᠡᠭᠦᠳᠡ᠂ ᠲᠢᠶᠠᠨ ᠵᠢᠶᠠᠩ ᠯᠢ ᠴᠧᠩ ᠤᠨ ᠬᠤᠶᠢᠲᠤ ᠡᠭᠦᠳᠡᠨ ᠳᠤ ᠪᠠᠶᠢᠷᠢᠯᠠᠵᠤ᠂ ᠡᠷᠬᠢᠨ ᠲᠣᠭᠤᠷᠢᠨ ᠳᠤ ᠨᠢ ᠤᠯᠠᠨ ᠢᠳᠡᠭᠡᠨ ᠤᠮᠳᠠᠭᠠᠨ ᠤ ᠭᠠᠵᠠᠷ ᠲᠦᠪᠯᠡᠷᠡᠵᠤ᠂ ᠵᠠᠮ ᠬᠠᠷᠢᠯᠴᠠᠭ᠎ᠠ ᠳᠥᠭᠦᠮ ᠪᠠᠶᠢᠳᠠᠭ᠃     ᠪᠠᠶᠢᠭ᠎ᠠ ᠭᠠᠵᠠᠷ᠄ ᠬᠥᠨᠳᠡᠯᠡᠨ ᠲᠣᠭᠤᠷᠢᠭ ᠤᠨ ᠰᠤᠷᠭᠠᠭᠤᠯᠢ ᠶᠢᠨ ᠵᠠᠮ ᠳᠠᠬᠢ 76 ᠳ᠋ᠤᠭᠠᠷ ᠨᠣᠮᠧᠷ     ᠬᠠᠷᠢᠯᠴᠠᠬᠤ ᠤᠳᠠᠰᠤ᠄ 0472 — 6912666     6. ᠪᠤᠭᠤᠲᠤ ᠶᠢᠨ ᠵᠣᠴᠢᠳ ᠤᠨ ᠪᠠᠭᠤᠳᠠᠯ —     ᠪᠤᠭᠤᠲᠤ ᠶᠢᠨ ᠵᠣᠴᠢᠳ ᠤᠨ ᠪᠠᠭᠤᠳᠠᠯ ᠪᠣᠯ ᠪᠣᠯᠣᠳ ᠲᠡᠮᠦᠷ ᠵᠡᠭᠡᠯᠢ ᠳᠤ ᠪᠠᠶᠢᠷᠢᠯᠠᠵᠤ᠂ 2019 ᠣᠨ ᠳᠤ ᠳᠠᠬᠢᠨ ᠵᠠᠰᠠᠨ ᠴᠢᠮᠡᠭᠯᠡᠵᠤ ᠡᠵᠡᠩᠨᠡᠯᠳᠡ ᠪᠠᠨ ᠡᠬᠢᠯᠡᠬᠦᠯᠦᠭᠰᠡᠨ ᠶᠤᠮ᠃ ᠵᠣᠴᠢᠳ ᠤᠨ ᠪᠠᠭᠤᠳᠠᠯ ᠨᠢ ᠬᠥᠨᠳᠡᠯᠡᠨ ᠲᠣᠭᠤᠷᠢᠭ ᠤᠨ ᠵᠠᠰᠠᠭ ᠤᠨ ᠣᠷᠳᠣᠨ ᠲᠠᠢ ᠬᠥᠷᠰᠢᠯᠡᠵᠦ᠂ ᠭᠠᠳᠠᠷ ᠪᠠᠶᠢᠳᠠᠯ ᠨᠢ ᠲᠥᠬᠦᠮ ᠠᠪᠰᠠᠷᠬᠠᠨ ᠪᠥᠭᠡᠳ ᠣᠲᠣ ᠦᠶ᠎ᠡ ᠶᠢᠨ ᠪᠠᠶᠢᠵᠤ᠂  ᠪᠠᠭᠤᠳᠠᠯ ᠤᠨ ᠲᠤᠳᠤᠷ᠎ᠠ ᠨᠢ ᠲᠣᠬᠢᠯᠢᠭ ᠬᠡᠭᠡᠨᠴᠢᠷ ᠪᠠᠶᠢᠵᠤ᠂ ᠠᠳᠠᠯᠢ ᠪᠤᠰᠤ ᠬᠡᠷᠡᠭᠴᠡᠭᠡ ᠪᠦᠬᠦᠢ ᠬᠡᠷᠡᠭᠯᠡᠭᠴᠢᠳ ᠲᠤ ᠵᠤᠷᠢᠭᠤᠯᠤᠬᠰᠠᠨ ᠣᠯᠠᠨ ᠲᠦᠷᠦᠯ ᠬᠡᠯᠪᠡᠷᠢ ᠶᠢᠨ ᠵᠤᠴᠢᠨ ᠤ ᠥᠷᠥᠭᠡ ᠶᠢ ᠲᠤᠬᠢᠷᠠᠭᠤᠯᠵᠤ᠂ ᠣᠳᠣᠬᠢᠴᠢᠯᠠᠭᠰᠠᠨ ᠲᠤᠨᠤᠭ ᠲᠦᠬᠦᠬᠡᠷᠦᠮᠵᠢ ᠲᠠᠢ᠂ ᠣᠷᠴᠢᠨ ᠲᠣᠭᠤᠷᠢᠨ ᠨᠢ ᠬᠡᠭᠡᠨᠴᠢᠷ᠂ ᠨᠠᠮ ᠵᠢᠮ ᠪᠠᠶᠢᠵᠤ᠂ ᠬᠤᠨᠤᠭ ᠪᠠᠭᠤᠳᠠᠯ᠂ ᠢᠳᠡᠭᠡᠨ ᠤᠮᠳᠠᠭᠠᠨ᠂ ᠵᠤᠭ᠎ᠠ ᠴᠡᠩᠭᠡᠯ ᠢ ᠨᠢᠭᠡ ᠴᠣᠭᠴᠠᠵᠢᠭᠤᠯᠤᠭᠰᠠᠨ ᠲᠦᠷᠦᠯ ᠲᠡᠮᠳᠡᠭᠲᠦ ᠪᠠᠭᠤᠳᠠᠯ ᠪᠣᠯᠤᠨ᠎ᠠ᠃      ᠪᠠᠶᠢᠭ᠎ᠠ ᠭᠠᠵᠠᠷ᠄ ᠬᠥᠨᠳᠡᠯᠡᠨ ᠲᠣᠭᠤᠷᠢᠭ ᠤᠨ ᠪᠣᠯᠣᠳ ᠲᠡᠮᠦᠷ ᠵᠡᠭᠡᠯᠢ ᠶᠢᠨ 33 ᠳ᠋ᠤᠭᠠᠷ ᠨᠣᠮᠧᠷ      ᠬᠠᠷᠢᠯᠴᠠᠬᠤ ᠤᠳᠠᠰᠤ᠄ 0472 — 6911222     7.᠎ ᠶᠢᠨ ᠮᠤᠤ ᠳ᠋ᠦᠩ ᠹᠠᠩ ᠪᠠᠭᠤᠳᠠᠯ —      ᠪᠤᠭᠤᠳᠤ ᠬᠤᠳᠠ ᠶᠢᠨ ︽᠎ ᠶᠢᠨ ᠮᠤᠤ ᠳ᠋ᠦᠩ ᠹᠠᠩ︾ ᠪᠠᠭᠤᠳᠠᠯ ᠨᠢ ᠬᠦᠭᠵᠢᠶᠠᠨ ᠨᠡᠷᠬᠢᠶᠠᠨ ᠲᠠᠢ ᠪᠤᠭᠤᠳᠤ ᠶᠢᠨ ᠪᠦᠷᠢᠨ ᠪᠠᠷᠠᠭᠠᠳᠤ ᠬᠤᠳᠠᠯᠳᠤᠭᠠᠨ ᠤ ᠲᠤᠭᠤᠷᠢᠭ ᠲᠤ ᠪᠠᠶᠢᠷᠢᠯᠠᠵᠤ᠂ ᠬᠤᠳᠠᠯᠳᠤᠭᠠᠨ ᠤ ᠶᠠᠪᠤᠳᠠᠯ᠂ ᠪᠠᠷᠠᠭ᠎ᠠ ᠬᠤᠳᠠᠯᠳᠤᠨ ᠠᠪᠬᠤ᠂ ᠵᠤᠭ᠎ᠠ ᠴᠠᠩᠬᠡᠯ ᠤᠨ ᠭᠠᠵᠠᠷ ᠲᠦᠪᠯᠡᠷᠡᠭᠰᠡᠨ ᠵᠡᠬᠡᠯᠢ ᠶᠢᠨ ᠭᠤᠤᠯ ᠲᠦᠪ ᠲᠤ ᠤᠷᠤᠰᠢᠵᠤ    ᠪᠤᠢ᠃ ᠪᠤᠭᠤᠲᠤ ᠶᠢᠨ ᠭᠠᠯᠲᠤ ᠲᠡᠷᠭᠡᠨ ᠥᠷᠲᠡᠭᠡ ᠠᠴᠠ ᠵᠥᠪᠬᠡᠨ 10 ᠺᠢᠯᠣᠮᠧᠲᠷ ᠵᠠᠶᠢᠲᠠᠶ᠂ ᠪᠤᠭᠤᠲᠤ ᠶᠢᠨ ᠨᠢᠰᠬᠡᠯ ᠤᠨ ᠪᠠᠭᠤᠳᠠᠯ ᠠᠴᠠ 25 ᠺᠢᠯᠣᠮᠧᠲᠷ ᠵᠠᠶᠢᠲᠠᠶ ᠪᠠᠶᠢᠵᠤ᠂ ᠵᠠᠮ ᠬᠠᠷᠢᠯᠴᠠᠭ᠎ᠠ ᠮᠠᠰᠢ ᠲᠥᠬᠦᠮ ᠪᠠᠶᠢᠳᠠᠭ᠃ ᠪᠤᠭᠤᠲᠤ ᠶᠢᠨ ︽᠎ ᠶᠢᠨ ᠮᠤᠤ ᠳ᠋ᠦᠩ ᠹᠠᠩ︾ ᠪᠠᠭᠤᠳᠠᠯ ᠪᠣᠯ ᠬᠤᠳᠠᠯᠳᠤᠭᠠᠨ ᠤ ᠶᠠᠪᠤᠳᠠᠯ ᠤᠨ ᠪᠠᠭᠤᠳᠠᠯ ᠪᠣᠯᠤᠨ ᠵᠤᠴᠢᠳ ᠤᠨ ᠪᠠᠭᠤᠳᠠᠯ ᠤᠨ ᠮᠠᠶ᠋ᠢᠭ ᠤᠨ ᠨᠡᠶᠢᠲᠡ ᠶᠢᠨ ᠣᠷᠣᠨ ᠰᠠᠭᠤᠴᠠ ᠶᠢ ᠨᠢᠭᠡᠳᠬᠡᠭᠰᠡᠨ ᠶᠡᠷᠦᠩᠬᠡᠶᠢᠯᠡᠭᠰᠡᠨ ᠴᠢᠨᠡᠷᠳᠡᠢ ᠲᠣᠮᠣ ᠠᠰᠠᠷ ᠪᠣᠯᠤᠨ᠎ᠠ᠂ ᠨᠡᠶᠢᠲᠡ 200 ᠭᠠᠷᠤᠶ ᠵᠣᠴᠢᠨ ᠤ ᠥᠷᠥᠭᠡ ᠲᠠᠢ ᠪᠠᠶᠢᠵᠤ᠂ ᠠᠳᠠᠯᠢ ᠪᠤᠰᠤ ᠬᠡᠷᠡᠭᠴᠡᠭᠡ ᠪᠥᠬᠦᠶ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠤᠨ ᠬᠡᠷᠡᠭᠴᠡᠭᠡ ᠶᠢ ᠬᠠᠩᠭᠠᠵᠤ ᠴᠢᠳᠠᠨ᠎ᠠ᠃     ᠪᠠᠶᠢᠭ᠎ᠠ ᠭᠠᠵᠠᠷ᠄ ᠬᠥᠨᠳᠡᠯᠡᠨ ᠲᠣᠭᠤᠷᠢᠭ ᠤᠨ ᠪᠣᠯᠣᠳ ᠲᠡᠮᠦᠷ ᠵᠡᠭᠡᠯᠢ ᠶᠢᠨ 96 - 3 ᠳ᠋ᠤᠭᠠᠷ ᠨᠣᠮᠧᠷ     ᠬᠠᠷᠢᠯᠴᠠᠬᠤ ᠤᠳᠠᠰᠤ᠄ 0472 — 5219999     8. ᠪᠥᠸᠧ ᠵᠢᠩ ᠸᠠᠨ ᠬᠤᠳᠠᠯᠳᠤᠭᠠᠨ ᠤ ᠶᠠᠪᠤᠳᠠᠯ ᠤᠨ ᠪᠠᠭᠤᠳᠠᠯ —     ᠪᠥᠸᠧ ᠵᠢᠩ ᠸᠠᠨ ᠬᠤᠳᠠᠯᠳᠤᠭᠠᠨ ᠤ ᠶᠠᠪᠤᠳᠠᠯ ᠤᠨ ᠪᠠᠭᠤᠳᠠᠯ ᠨᠢ ᠪᠤᠭᠤᠲᠤ ᠬᠤᠲᠠ ᠶᠢᠨ ᠺᠦᠨᠪᠸᠢ ᠵᠠᠮ ᠪᠠ ᠰᠤᠶᠤᠯᠳᠤ ᠵᠠᠮ ᠤᠨ ᠠᠭᠤᠯᠵᠠᠷ ᠬᠡᠰᠡᠭ ᠲᠤ ᠪᠠᠶᠢᠷᠢᠯᠠᠵᠤ᠂ G6 ᠪᠡᠭᠡᠵᠢᠩ ᠠᠴᠠ ᠲᠥᠪᠡᠳ ᠬᠥᠷᠬᠦ ᠲᠦᠷᠭᠡᠨ ᠤ ᠵᠠᠰᠠᠮᠠᠯ ᠵᠠᠮ ᠤᠨ ᠪᠤᠭᠤᠲᠤ ᠳᠤ ᠣᠷᠣᠬᠤ ᠡᠭᠦᠳᠡ ᠠᠴᠠ ᠬᠠᠮᠤᠭ ᠤᠨ ᠣᠶᠢᠷ᠎ᠠ ᠪᠠᠶᠢᠭ᠎ᠠ ᠬᠤᠳᠠᠯᠳᠤᠭᠠᠨ ᠤ ᠶᠠᠪᠤᠳᠠᠯ ᠤᠨ ᠪᠠᠭᠤᠳᠠᠯ ᠪᠣᠯᠤᠨ᠎ᠠ᠃ ᠪᠠᠭᠤᠳᠠᠯ ᠨᠢ 2015 ᠣᠨ ᠳᠤ ᠡᠭᠦᠳᠡ ᠪᠠᠨ ᠨᠡᠭᠡᠭᠡᠵᠦ᠂ ᠡᠷᠬᠢᠮᠰᠦᠭ ᠬᠡᠭᠡᠨᠴᠢᠷ ᠵᠠᠰᠠᠯ ᠴᠢᠮᠡᠭᠯᠡᠯ ᠲᠠᠢ᠂ ᠠᠳᠠᠯᠢ ᠪᠤᠰᠤ ᠬᠡᠯᠪᠡᠷᠢ ᠶᠢᠨ 100 ᠭᠠᠷᠤᠶ ᠲᠠᠰᠤᠯᠭ᠎ᠠ ᠵᠤᠴᠢᠨ ᠤ ᠥᠷᠥᠭᠡ ᠲᠠᠢ ᠪᠠᠶᠢᠵᠤ᠂ ᠬᠤᠭᠤᠯᠠ ᠤᠮᠳᠠᠭᠠᠨ᠂ ᠪᠡᠶ᠎ᠡ ᠴᠢᠭᠢᠷᠠᠭᠵᠢᠭᠤᠯᠬᠤ᠂ ᠵᠤᠭ᠎ᠠ ᠴᠡᠩᠭᠡᠯ᠂ ᠬᠤᠷᠠᠯ ᠴᠤᠭᠯᠠᠭᠠᠨ ᠵᠡᠷᠭᠡ ᠳᠤ ᠵᠤᠷᠢᠭᠤᠯᠤᠬᠰᠠᠨ ᠲᠤᠨᠤᠭ ᠲᠥᠬᠦᠭᠡᠷᠦᠮᠵᠢ ᠲᠠᠢ ᠪᠠᠶᠢᠵᠤ᠂ ᠵᠣᠴᠢᠳ ᠲᠤ ᠴᠣᠩᠬᠤ ᠪᠠᠨ ᠨᠡᠭᠡᠭᠡᠮᠡᠭᠴᠡ ᠭᠤᠶᠢᠳᠠ ᠰᠠᠶᠢᠬᠠᠨ ᠦᠵᠡᠮᠵᠢ ᠶᠢ ᠰᠤᠨᠢᠷᠬᠠᠬᠤ ᠣᠷᠴᠢᠨ ᠲᠣᠭᠤᠷᠢᠨ ᠢ ᠪᠣᠶ ᠪᠣᠯᠭᠠᠵᠤ ᠦᠭᠴᠢ᠃     ᠪᠠᠶᠢᠭ᠎ᠠ ᠭᠠᠵᠠᠷ᠄ ᠬᠥᠨᠳᠡᠯᠡᠨ ᠲᠣᠭᠤᠷᠢᠭ ᠤᠨ ᠠᠷᠠᠳ ᠬᠤᠶᠢᠲᠤ ᠵᠡᠭᠡᠯᠢ ᠪᠣᠯᠤᠨ ᠰᠤᠶᠤᠯᠳᠤ ᠵᠠᠮ ᠤᠨ ᠠᠭᠤᠯᠵᠠᠷ ᠬᠡᠰᠡᠭ ᠠᠴᠠ ᠡᠮᠦᠨᠡᠰᠢ ᠪᠠᠨ 80 ᠮᠧᠲᠷ ᠤᠨ ᠵᠠᠢ ᠳᠤ ᠪᠤᠢ     ᠬᠠᠷᠢᠯᠴᠠᠬᠤ ᠤᠳᠠᠰᠤ᠄ 0472 — 5113666
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号