ᠬᠥᠨᠳᠡᠯᠡᠨ ᠲᠣᠭᠤᠷᠢᠭ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠵᠦ ᠂  ᠵᠤᠨ ᠤ ᠪᠠᠶᠠᠷ ᠪᠠᠶᠠᠰᠤᠯ ᠎ ᠢ ᠠᠪᠴᠢᠷᠠᠬᠰᠠᠨ ᠰᠢᠤᠸᠠᠢ ᠯᠦ ᠫᠢᠸᠤ᠋ ᠶᠢᠨ ᠨᠠᠶᠢᠷ ᠪᠤᠯᠤᠯ᠎ᠠ︕
ᠨᠡᠶᠢᠲᠡᠯᠡᠭᠰᠡᠨ ᠴᠠᠭ᠄
2023/7/17
     ᠶᠠᠨ ᠵᠢᠩ ᠫᠢᠸᠤ᠋ ︵ᠪᠤᠭᠤᠲᠤ ᠶᠢᠨ ᠰᠢᠤᠸᠠᠢ ᠯᠦ︶᠎ ᠶᠢᠨ ᠬᠤᠪᠢᠴᠠᠭᠠᠳᠤ ᠬᠢᠵᠠᠭᠠᠷᠲᠤ ᠺᠣᠮᠫᠠᠨᠢ 1997 ᠣᠨ ᠤ 10 ᠰᠠᠷ᠎ᠠ ᠶᠢᠨ 17᠎ ᠤ ᠡᠳᠦᠷ ᠪᠠᠶᠢᠭᠤᠯᠤᠭᠳᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠤᠭᠤᠲᠤ ᠬᠤᠲᠠ ᠶᠢᠨ ᠬᠥᠨᠳᠡᠯᠡᠨ ᠲᠣᠭᠤᠷᠢᠭ ᠤᠨ ᠮᠤᠨᠠ ᠬᠠᠨ ᠵᠠᠮ ᠤᠨ ᠵᠡᠭᠦᠨ ᠬᠡᠰᠡᠭ ᠲᠤ ᠪᠠᠶᠢᠷᠢᠯᠠᠵᠤ ᠪᠣᠶ᠃ ᠡᠵᠡᠩᠨᠡᠬᠦ ᠬᠡᠪᠴᠢᠶᠡᠨ ᠳᠤ ᠫᠢᠸᠤ᠋ ᠦᠶᠯᠡᠳᠪᠦᠷᠢᠯᠡᠬᠦ᠂ ᠪᠣᠷᠣᠯᠠᠭᠤᠯᠬᠤ︔ ᠤᠮᠳᠠᠭᠠᠨ᠂ ᠷᠠᠰᠢᠶᠠᠨ ᠤᠰᠤ ᠦᠶᠯᠡᠳᠪᠦᠷᠢᠯᠡᠬᠦ᠂ ᠪᠣᠷᠣᠯᠠᠭᠤᠯᠬᠤ︔ ᠫᠢᠸᠤ᠋ ᠶᠢᠨ ᠲᠦᠭᠦᠬᠡᠶ ᠮᠠᠲ᠋ᠧᠷᠢᠶᠠᠯ︔ ᠪᠣᠷᠳᠤᠭ᠎ᠠ︔ ᠢᠳᠡᠭᠡᠨ ᠤᠮᠳᠠᠭᠠᠨ︔  ᠨᠠᠶᠢᠷᠠᠭᠤᠯᠤᠬᠰᠠᠨ ᠠᠷᠢᠬᠢ ︵ᠤᠷᠢᠳᠴᠢᠯᠠᠨ ᠲᠣᠬᠢᠷᠠᠭᠤᠯᠤᠭᠰᠠᠨ ᠠᠷᠢᠬᠢ︶ ᠦᠢᠯᠡᠳᠪᠦᠷᠢᠯᠡᠬᠦ᠂ ᠪᠣᠷᠣᠯᠠᠭᠤᠯᠬᠤ ᠵᠡᠷᠭᠡ ᠲᠠᠯ᠎ᠠ ᠶᠢ ᠪᠠᠭᠳᠠᠭᠠᠨ᠎ᠠ᠃ ᠶᠠᠨ ᠵᠢᠩ ᠫᠢᠸᠤ᠋ ︵ᠪᠤᠭᠤᠲᠤ ᠶᠢᠨ ᠰᠢᠤᠸᠠᠢ ᠯᠦ︶᠎ ᠶᠢᠨ ᠬᠤᠪᠢᠴᠠᠭᠠᠳᠤ ᠬᠢᠵᠠᠭᠠᠷᠲᠤ ᠺᠣᠮᠫᠠᠨᠢ ᠣᠯᠠᠨ ᠵᠢᠯ ᠤᠨ ᠲᠤᠷᠰᠢ ᠬᠥᠨᠳᠡᠯᠡᠨ ᠲᠣᠭᠤᠷᠢᠭ ᠤᠨ ᠠᠵᠤ ᠠᠬᠤᠶ ᠶᠢᠨ ᠬᠥᠭᠵᠢᠯᠲᠡ᠂ ᠠᠵᠢᠯ ᠣᠯᠭᠤᠯᠲᠠ ᠠᠷᠠᠳ ᠤᠨ ᠠᠮᠢᠳᠤᠷᠠᠯ ᠳᠤ ᠬᠦᠴᠦᠨ ᠨᠡᠮᠡᠷᠢᠯᠡᠵᠦ᠂ ᠬᠥᠨᠳᠡᠯᠡᠨ ᠲᠣᠭᠤᠷᠢᠭ ᠤᠨ ᠴᠢᠨᠠᠷ ᠰᠠᠶᠢᠲᠠᠶ ᠬᠥᠭᠵᠢᠯᠲᠡ ᠳᠤ ᠬᠤᠪᠢ ᠨᠡᠮᠡᠷᠢ ᠪᠠᠨ ᠦᠵᠡᠭᠦᠯᠵᠤ ᠢᠷᠡᠪᠡ᠃      ᠦᠪᠡᠳᠡᠭᠰᠢ ᠨᠠᠶᠢᠷ ᠪᠣᠯᠵᠤᠭ᠎ᠠ ᠶᠣᠰᠣᠭᠠᠷ ᠬᠦᠷᠴᠦ ᠢᠷᠠᠯ᠎ᠠ᠂  ᠳᠡᠯᠭᠡᠷ ᠵᠤᠨ ᠪᠠᠶᠠᠷ ᠪᠠᠶᠠᠰᠤᠯ ᠢᠶᠠᠷ ᠪᠢᠯᠬᠠᠨ᠎ᠠ      7 ᠰᠠᠷ᠎ᠠ ᠶᠢᠨ 15᠎ ᠤ ᠤᠷᠤᠢ᠂ ︽ᠪᠤᠭᠤᠳᠤ ᠳᠤ ᠪᠤᠯᠵᠤᠵᠤ᠂ ᠬᠥᠨᠳᠡᠯᠡᠨ ᠳᠤ ᠪᠠᠶᠠᠷ ᠵᠢᠷᠭᠠᠯ ᠢ ᠡᠳ᠋ᠯᠡᠰᠦᠭᠡᠢ︾ ᠵᠤᠨ ᠤ ᠤᠯᠠᠷᠢᠯ ᠤᠨ ᠪᠣᠷᠣᠯᠠᠭᠤᠯᠭ᠎ᠠ ᠶᠢ ᠠᠬᠢᠭᠤᠯᠬᠤ ᠵᠢᠴᠢ ᠳᠥᠷᠪᠡᠳᠦᠭᠡᠷ ᠬᠤᠭᠤᠴᠠᠭᠠᠨ ᠤ ︽ᠳᠤᠮᠳᠠᠳᠤ ᠤᠯᠤᠰ ᠤᠨ ᠪᠠᠩᠬᠢ  ᠶᠠᠨ ᠵᠢᠩ ᠰᠢᠤᠸᠠᠢ ᠯᠦ ᠫᠢᠸᠤ᠋ ᠶᠢᠨ ᠨᠠᠶᠢᠷ︾᠎ ᠤᠨ ᠠᠵᠢᠯᠯᠠᠭ᠎ᠠ ᠦᠪᠡᠳᠡᠭᠰᠢ    ᠶᠡᠭᠡ ᠪᠠᠷ ᠡᠬᠢᠯᠡᠯ᠎ᠡ︕      ᠶᠠᠨ ᠵᠢᠩ ᠫᠢᠸᠤ᠋ ︵ᠪᠤᠭᠤᠲᠤ ᠶᠢᠨ ᠰᠢᠤᠸᠠᠢ ᠯᠦ︶  ᠎ ᠶᠢᠨ ᠬᠤᠪᠢᠴᠠᠭᠠᠳᠤ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠪᠠᠩᠬᠢ ᠶᠢᠨ ᠪᠤᠭᠤᠲᠤ ᠶᠢᠨ ᠬᠤᠪᠢᠶᠠᠷᠢ ᠪᠠᠩᠬᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠲᠣᠰ ᠲᠣᠰ ᠦᠭᠡ ᠬᠡᠯᠡᠪᠡ᠃ ᠲᠤᠬᠠᠢ ᠶᠢᠨ ᠲᠠᠯᠠᠪᠠᠢ ᠶᠢᠨ ᠤᠳᠤᠷᠢᠳᠤᠯᠭ᠎ᠠ ᠨᠡᠷ ᠠᠵᠢᠯᠯᠠᠭ᠎ᠠ ᠶᠢ ᠡᠬᠢᠯᠡᠬᠦᠯᠬᠦ ᠪᠥᠮᠪᠦᠭᠡ ᠳᠤ ᠬᠦᠷᠦᠯᠴᠡᠬᠦ ᠶᠢ ᠳᠠᠭᠠᠯᠳᠤᠨ᠂ ︽ᠪᠤᠭᠤᠳᠤ ᠳᠤ ᠪᠤᠯᠵᠤᠵᠤ᠂ ᠬᠥᠨᠳᠡᠯᠡᠨ ᠳᠤ ᠪᠠᠶᠠᠷ ᠵᠢᠷᠭᠠᠯ ᠢ ᠡᠳ᠋ᠯᠡᠰᠦᠭᠡᠢ︾ ᠵᠤᠨ ᠤ ᠤᠯᠠᠷᠢᠯ ᠤᠨ ᠪᠣᠷᠣᠯᠠᠭᠤᠯᠭ᠎ᠠ ᠶᠢ ᠠᠬᠢᠭᠤᠯᠬᠤ ᠵᠢᠴᠢ ᠳᠥᠷᠪᠡᠳᠦᠭᠡᠷ ᠬᠤᠭᠤᠴᠠᠭᠠᠨ ᠤ ︽ᠳᠤᠮᠳᠠᠳᠤ ᠤᠯᠤᠰ ᠤᠨ ᠪᠠᠩᠬᠢ   ᠶᠠᠨ ᠵᠢᠩ ᠰᠢᠤᠸᠠᠢ ᠯᠦ ᠫᠢᠸᠤ᠋ ᠶᠢᠨ ᠨᠠᠶᠢᠷ︾᠎ ᠤᠨ ᠠᠵᠢᠯᠯᠠᠭ᠎ᠠ ᠵᠢᠩᠬᠢᠨᠢ ᠪᠠᠷ ᠡᠬᠢᠯᠡᠯ᠎ᠡ︕  ᠠᠬᠤᠢ ᠲᠠᠯᠠᠪᠠᠢ ᠪᠠᠶᠠᠷ ᠨᠡᠷᠬᠢᠶᠡᠨ ᠢᠶᠠᠷ ᠪᠤᠴᠠᠯᠵᠤ᠂ ᠥᠷᠭᠡᠨ ᠤᠯᠠᠨ ᠬᠤᠲᠠ ᠶᠢᠨ ᠠᠷᠠᠳ ᠫᠢᠸᠤ᠋ ᠪᠠᠷ ᠳᠠᠮᠵᠢᠭᠤᠯᠤᠨ ᠵᠤᠨ ᠤ ᠤᠷᠬᠢᠯᠤᠮ᠎ᠠ ᠬᠠᠯᠠᠭᠤᠨ ᠰᠡᠳᠬᠢᠯᠭᠡ ᠶᠢ ᠳᠠᠮᠵᠢᠭᠤᠯᠵᠤ᠂ ᠬᠠᠮᠲᠤ ᠪᠠᠷ ᠡᠨᠡ ᠬᠦ ᠦᠪᠡᠳᠡᠭᠰᠢ ᠨᠠᠶᠢᠷ ᠢ ᠡᠬᠢᠯᠡᠭᠦᠯᠪᠡ᠃  
     ᠲᠠᠶᠢᠰᠠᠨ ᠳᠡᠭᠡᠷ᠎ᠡ ᠥᠩᠭᠡ ᠪᠦᠷᠢ ᠶᠢᠨ ᠳ᠋ᠧᠩ ᠬᠡᠷᠡᠯᠳᠦᠨ ᠬᠢᠯᠡᠯᠵᠡᠵᠤ᠂ ᠳᠠᠭᠤᠤ ᠬᠥᠭᠵᠢᠮ ᠤᠶᠠᠩᠭᠠᠷᠠᠨ ᠬᠠᠩᠬᠢᠨᠠᠵᠤ᠂ ᠫᠢᠸᠤ᠋ ᠶᠢᠨ ᠠᠩᠬᠢᠯᠤᠮ᠎ᠠ ᠪᠠ ᠡᠯ᠎ᠡ ᠵᠦᠢᠯ ᠤᠨ ᠠᠮᠲᠠᠲᠤ ᠢᠳᠡᠭᠡᠨ ᠤ ᠠᠩᠬᠢᠯᠤᠮ᠎ᠠ ᠦᠨᠦᠷ       ᠬᠤᠯᠠ ᠠᠴᠠ ᠦᠨᠦᠷᠳᠦᠭᠳᠡᠨ᠎ᠡ᠂ ᠬᠤᠲᠠ ᠶᠢᠨ ᠠᠷᠠᠳ ᠨᠢᠭᠡ ᠲᠠᠯ᠎ᠠ ᠪᠠᠷ ᠬᠤᠨᠳᠠᠭ᠎ᠠ ᠡᠷᠭᠦᠨ ᠨᠠᠶᠢᠵᠠ ᠨᠥᠬᠦᠳ ᠲᠥᠷᠥᠯ ᠰᠠᠳᠤᠨ ᠲᠠᠢ ᠪᠠᠨ ᠨᠠᠶᠢᠯᠠᠨ ᠡᠨᠡ ᠪᠠᠶᠠᠷᠳᠤ ᠮᠦᠴᠠ ᠶᠢ ᠡᠳ᠋ᠯᠡᠬᠦ ᠶᠢᠨ ᠬᠠᠮᠲᠤ᠂ ᠭᠤᠶᠢᠳᠠ ᠰᠠᠶᠢᠬᠠᠨ ᠲᠣᠭᠯᠠᠯᠲᠠ ᠰᠣᠨᠢᠷᠬᠠᠵᠤ᠂ ᠲᠤᠬᠠᠢ ᠶᠢᠨ ᠲᠠᠯᠠᠪᠠᠢ ᠳᠤ ᠠᠷᠢᠬᠢᠨ ᠬᠤᠨᠳᠠᠭ᠎ᠠ ᠮᠦᠷᠬᠦᠯᠳᠦᠬᠦᠯᠵᠤ᠂ ᠪᠠᠶᠠᠷ ᠵᠢᠷᠭᠠᠯ ᠢᠶᠠᠷ ᠪᠢᠯᠬᠠᠨ᠎ᠠ᠃ ︽ᠥᠨᠥᠳᠦᠷ ᠪᠣᠯ ᠭᠠᠷᠠᠭ ᠤᠨ ᠰᠡᠭᠦᠯᠴᠢ᠂ ᠨᠠᠶᠢᠵᠠ ᠨᠡᠷ ᠲᠠᠢ ᠪᠠᠨ ᠬᠠᠮᠲᠤ ᠠᠷᠢᠬᠢ ᠤᠤᠭᠤᠵᠤ ᠱᠤᠷᠤᠯᠢᠭ ᠢᠳᠡᠨ᠎ᠡ᠂ ᠪᠠᠰᠠ ᠡᠯ᠎ᠡ ᠵᠦᠢᠯ ᠤᠨ ᠳᠠᠭᠤᠤ ᠬᠥᠭᠵᠢᠮ ᠤᠨ ᠲᠣᠭᠯᠠᠯᠲᠠ ᠲᠠᠢ᠂ ᠲᠤᠩ ᠲᠠᠭᠠᠯᠠᠮᠵᠢᠲᠠᠢ ᠲᠤᠩ    ᠪᠠᠶᠠᠷ ᠲᠠᠢ ᠰᠠᠨᠠᠭᠳᠠᠵᠤ ᠪᠠᠶᠢᠨ᠎ᠠ  ︾ ᠭᠡᠵᠦ ᠬᠤᠲᠠ ᠶᠢᠨ ᠠᠷᠠᠳ ᠱᠢ ᠯᠸᠢ ᠬᠡᠯᠡᠵᠡᠶ᠃
     ᠲᠣᠰ ᠤᠳᠠᠭᠠᠨ ᠤ ᠠᠵᠢᠯᠯᠠᠭ᠎ᠠ ᠨᠢ ︽ᠠᠷᠢᠬᠢ ᠪᠠᠷ ᠵᠠᠭᠤᠴᠢ ᠪᠣᠯᠭᠠᠪᠠ︾᠃ ᠲᠤᠬᠠᠶ ᠶᠢᠨ ᠲᠠᠯᠠᠪᠠᠶ ᠳᠤ ᠪᠠᠰᠠ ᠫᠢᠸᠣ᠋ ᠠᠮᠳᠠᠯᠠᠬᠤ᠂ ᠫᠢᠸᠣ᠋ ᠦᠢᠯᠡᠳᠪᠦᠷᠢᠯᠡᠬᠦ ᠵᠡᠷᠭᠡ ᠣᠯᠠᠨ ᠵᠦᠶᠯ ᠤᠨ ᠬᠦᠮᠦᠨ ᠪᠦᠬᠦᠨ ᠤᠷᠤᠯᠴᠠᠵᠤ ᠪᠤᠯᠬᠤ᠂ ᠰᠢᠨ᠎ᠡ ᠰᠠᠪᠡᠬᠦᠨ᠂ ᠤᠯᠠᠨ ᠤ ᠠᠩᠬᠠᠷᠤᠯ ᠢ ᠲᠠᠳᠠᠨᠰᠠᠨ ᠠᠵᠢᠯᠯᠠᠭ᠎ᠠ ᠶᠢ ᠦᠷᠨᠢᠬᠦᠯᠪᠡ᠃ ᠡᠭᠦᠨ ᠤ ᠬᠠᠮᠲᠤ ᠲᠤᠬᠠᠶ ᠶᠢᠨ ᠲᠠᠯᠠᠪᠠᠶ ᠳᠤ ᠪᠠᠰᠠ ᠵᠢᠦ ᠶᠤᠸᠠᠢ ᠢᠳᠡᠭᠡᠨ ᠤᠮᠳᠠᠭᠠᠨ᠂ ᠶᠢᠨ ᠮᠠᠶ ᠶᠤᠸᠠᠨ ᠰᠢᠷᠠᠭᠰᠠᠨ ᠮᠢᠬ᠎ᠠ ᠵᠡᠷᠭᠡ ᠮᠠᠨ ᠤ ᠬᠤᠲᠠ ᠶᠢᠨ ᠨᠠᠷᠠᠲᠤ ᠢᠳᠡᠭᠡᠨ ᠤᠮᠳᠠᠭᠠᠨ ᠤ ᠲᠦᠷᠦᠯ ᠲᠡᠮᠳᠡᠭ ᠢ ᠴᠤᠭᠯᠠᠭᠤᠯᠤᠭᠰᠠᠨ ᠪᠤᠭᠤᠲᠤ ᠶᠢᠨ ᠠᠩᠬᠠᠳᠠᠭᠴᠢ ᠫᠢᠸᠤ᠋ ᠶᠢᠨ ᠭᠤᠤᠯ ᠰᠡᠳᠦᠪᠲᠦ ᠴᠡᠴᠡᠷᠯᠢᠭ ᠮᠠᠶ᠋ᠢᠭ ᠤᠨ ᠬᠤᠭᠤᠯᠠᠨ ᠬᠡᠷ ᠮᠦᠨ ᠲᠤᠰ ᠡᠳᠦᠷ ᠡᠭᠦᠳᠡ ᠪᠠᠨ ᠨᠡᠭᠡᠭᠡᠵᠦ ᠵᠣᠴᠢᠨ ᠢᠶᠠᠨ ᠤᠭᠲᠤᠪᠠ᠃ ᠵᠠᠰᠠᠭ ᠤᠨ ᠣᠷᠳᠣᠨ ᠬᠠᠮᠵᠢᠯᠴᠠᠬᠤ᠂ ᠠᠵᠤ ᠠᠬᠤᠶᠢᠯᠠᠯ ᠶᠠᠪᠤᠬᠳᠠᠭᠤᠯᠬᠤ ᠡᠶᠢᠮᠦᠷᠬᠦ ᠬᠡᠯᠪᠡᠷᠢ ᠪᠠᠷ ᠳᠠᠮᠵᠢᠭᠤᠯᠤᠨ᠂ ᠵᠤᠨ ᠤ ᠤᠯᠠᠷᠢᠯ ᠤᠨ ᠦᠪᠡᠳᠡᠭᠰᠢ ᠨᠠᠶᠢᠷ ᠢ ᠡᠳ᠋ᠯᠡᠬᠦ᠂ ᠠᠵᠤ ᠠᠬᠤᠶᠢᠯᠠᠯ ᠤᠨ ᠳᠦᠷᠢ ᠲᠥᠷᠬᠦ ᠶᠢ ᠢᠯᠡᠷᠡᠭᠦᠯᠬᠦ ᠥᠷᠭᠡᠨ ᠲᠠᠪᠴᠠᠩ ᠢ ᠪᠠᠶᠢᠭᠤᠯᠵᠤ᠂ ᠮᠠᠨ ᠤ ᠲᠤᠭᠤᠷᠢᠭ ᠤᠨ ᠬᠡᠷᠡᠭᠯᠡᠭᠡ ᠶᠢᠨ ᠲᠠᠲᠠᠬᠤ ᠬᠦᠴᠦᠨ ᠢ ᠥᠷᠭᠡᠳᠬᠡᠬᠦ ᠶᠢᠨ ᠬᠠᠮᠲᠤ ᠰᠠᠭᠤᠭᠠᠯᠢ ᠠᠷᠠᠳ ᠤᠨ ᠠᠵᠢᠯ ᠤᠨ ᠴᠢᠯᠥᠭᠡᠨ ᠤ ᠠᠮᠢᠳᠤᠷᠠᠯ ᠢ ᠪᠠᠶᠠᠯᠢᠭᠵᠢᠭᠤᠯᠪᠠ᠃
     ᠴᠤᠤ ᠡᠾᠧ ᠵᠡᠭᠡᠯᠢ ᠶᠢᠨ ᠲᠤᠭᠤᠷᠢᠭ ᠠᠴᠠ ᠠᠪᠤᠭᠠᠳ ᠵᠡᠭᠡᠯᠢ ᠲᠡᠭᠡᠷᠡᠬᠢ ᠭᠤᠶᠢᠳᠠ ᠰᠠᠶᠢᠬᠠᠨ ᠲᠣᠭᠯᠠᠯᠲᠠ ᠬᠦᠷᠲᠡᠯ᠎ᠡ᠂ ︽ᠶᠠᠨ ᠵᠢᠩ ᠰᠢᠤᠸᠠᠢ ᠯᠦ ᠫᠢᠸᠤ᠋ ᠶᠢᠨ ᠨᠠᠶᠢᠷ︾᠎ ᠠᠴᠠ ᠠᠪᠤᠭᠠᠳ ︽ᠬᠦᠨᠳᠡᠯᠡᠨ ᠭᠤᠤᠯ ᠤᠨ ᠳᠠᠭᠤᠤ ᠬᠥᠭᠵᠢᠮ ᠤᠨ ᠨᠠᠶᠢᠷ︾ ᠬᠦᠷᠲᠡᠯ᠎ᠡ᠂ ᠬᠥᠨᠳᠡᠯᠡᠨ ᠲᠣᠭᠤᠷᠢᠭ ᠪᠤᠭᠤᠲᠤ ᠬᠤᠲᠠ ᠶᠢᠨ ︽ᠬᠡᠷᠡᠭᠯᠡᠭᠡ ᠶᠢ ᠠᠬᠢᠭᠤᠯᠵᠤ᠂ ᠨᠡᠮᠡᠭᠳᠡᠯ ᠢ ᠲᠣᠭᠲᠠᠪᠤᠷᠢᠵᠢᠭᠤᠯᠬᠤ︾ ᠠᠯᠢ ᠣᠯᠠᠨ ᠲᠥᠷᠥ ᠶᠢᠨ ᠪᠣᠳᠣᠯᠭ᠎ᠠ ᠶᠢ ᠢᠳᠡᠪᠬᠢᠲᠡᠶ ᠴᠤᠤᠷᠢᠶᠠᠲᠤᠨ    ᠳᠠᠭᠠᠵᠤ᠂ ᠣᠯᠠᠨ ᠵᠦᠶᠯ ᠤᠨ ᠬᠡᠯᠪᠡᠷᠢ ᠪᠥᠬᠦᠶ ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ ᠪᠠᠷ ᠳᠠᠮᠵᠢᠭᠤᠯᠤᠨ᠂ ᠬᠤᠲᠠ ᠶᠢᠨ ᠬᠥᠭᠵᠢᠶᠡᠨ ᠨᠠᠷᠭᠢᠶᠠᠨ ᠢ ᠰᠡᠷᠭᠦᠭᠡᠭᠰᠡᠭᠡᠷ ᠢᠷᠡᠵᠡᠶ᠃ ᠠᠮᠲᠠᠲᠤ ᠰᠠᠷᠬᠤᠳ ᠤᠨ ᠦᠨᠦᠷ ᠬᠠᠩᠬᠤᠯᠵᠤ᠂ ᠬᠥᠮᠦᠨ ᠤ ᠤᠷᠤᠰᠬᠠᠯ ᠳᠠᠪᠠᠯᠭᠠᠯᠠᠭᠰᠠᠨ ᠠᠬᠤᠶ ᠲᠠᠯᠠᠪᠠᠶ ᠨᠢᠭᠡᠪᠦᠷᠢ ᠳᠤ᠂ ᠤᠳᠠᠭ᠎ᠠ ᠪᠦᠷᠢ ᠶᠢᠨ ᠬᠤᠨᠳᠠᠭ᠎ᠠ ᠮᠥᠷᠭᠦᠭᠦᠯᠭᠦ ᠴᠡᠭᠡᠯᠬᠡᠨ ᠲᠠᠭᠤ ᠶᠢᠨ ᠳᠤᠮᠳᠠ ᠴᠥᠮ ᠬᠥᠨᠳᠡᠯᠡᠨ ᠲᠣᠭᠤᠷᠢᠭ ᠤᠨ ᠨᠡᠭᠡᠭᠡᠯᠲᠡ᠂ ᠠᠮᠢᠵᠢᠷᠠᠯ ᠤᠨ ᠬᠦᠴᠦᠨ᠂ ᠴᠠᠭ ᠤᠨ ᠥᠩᠭᠡ᠂ ᠬᠥᠨᠳᠡᠯᠡᠨ ᠲᠣᠭᠤᠷᠢᠭ ᠤᠨ ᠬᠥᠮᠦᠰ ᠤᠨ ᠤᠷᠬᠢᠯᠤᠮ᠎ᠠ ᠬᠠᠯᠠᠭᠤᠨ ᠰᠡᠳᠬᠢᠯᠭᠡ᠂ ᠪᠠᠶᠠᠰᠤᠩᠭᠤᠶ ᠤᠪᠤᠷ᠂ ᠵᠣᠴᠢᠨᠰᠠᠭ ᠵᠠᠩ ᠠᠷᠠᠨᠰᠢᠨ ᠢ ᠢᠯᠡᠷᠡᠭᠦᠯᠵᠦ ᠪᠠᠶᠢᠳᠠᠭ᠃  
     ᠲᠣᠰ ᠬᠤᠭᠤᠴᠠᠭᠠᠨ ᠤ ︽ᠶᠠᠨ ᠵᠢᠩ ᠰᠢᠤᠸᠠᠢ ᠯᠦ ᠫᠢᠸᠤ᠋ ᠶᠢᠨ ᠨᠠᠶᠢᠷ︾᠎ ᠢ ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠭᠤᠤᠯᠯᠠᠨ ᠡᠷᠭᠢᠯᠡᠵᠦ᠂ ᠶᠠᠨ ᠵᠢᠩ ᠫᠢᠸᠤ᠋ ︵ᠪᠤᠭᠤᠲᠤ ᠶᠢᠨ ᠰᠢᠤᠸᠠᠢ ᠯᠦ︶᠎ ᠶᠢᠨ ᠬᠤᠪᠢᠴᠠᠭᠠᠳᠤ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠪᠠᠩᠬᠢ ᠶᠢᠨ ᠪᠤᠭᠤᠲᠤ ᠶᠢᠨ ᠬᠤᠪᠢᠶᠠᠷᠢ ᠪᠠᠩᠬᠢ ᠳᠠᠭᠠᠭᠠᠴᠢᠯᠠᠨ ᠡᠷᠭᠢᠯᠡᠵᠦ᠂ 7 ᠰᠠᠷ᠎ᠠ ᠶᠢᠨ 15᠎ ᠤ ᠡᠳᠦᠷ ᠠᠴᠠ 8 ᠰᠠᠷ᠎ᠠ ᠶᠢᠨ 3᠎ ᠤ ᠡᠳᠦᠷ ᠪᠣᠯᠲᠠᠯ᠎ᠠ 20 ᠡᠳᠦᠷ ᠶᠠᠪᠤᠭᠳᠠᠨ᠎ᠠ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号