ᠬᠦᠷ ᠨᠡᠷᠬᠢᠶᠠᠨ ᠢᠶᠠᠷ ᠴᠠᠯᠬᠢᠯᠠᠨ᠎ᠠ︕ ᠬᠤᠶᠠᠳᠤᠭᠠᠷ ᠬᠤᠭᠤᠴᠠᠭᠠᠨ ᠤ ᠬᠦᠨᠳᠡᠯᠡᠨ ᠭᠤᠤᠯ ᠤᠨ ᠫᠢᠸᠤ᠋ ᠶᠢᠨ ᠨᠠᠶᠢᠷ ᠡᠬᠢᠯᠡᠯ᠎ᠡ︕
ᠨᠡᠶᠢᠲᠡᠯᠡᠭᠰᠡᠨ ᠴᠠᠭ᠄
2023/7/17
      7 ᠰᠠᠷ᠎ᠠ ᠶᠢᠨ 13 ᠤ ᠡᠳᠦᠷ᠂ ᠠᠷᠪᠠᠨ ᠲᠠᠪᠤᠳᠤᠭᠠᠷ ᠬᠤᠭᠤᠴᠠᠭᠠᠨ ᠤ ︽ ᠭᠠᠶᠢᠬᠠᠮᠰᠢᠬᠳᠤ ᠬᠥᠨᠳᠡᠯᠡᠨ︾ ᠰᠣᠶᠣᠯ ᠪᠡᠶ᠎ᠡ ᠶᠢᠨ ᠲᠠᠮᠢᠷ ᠤᠨ ᠵᠢᠭᠤᠯᠴᠢᠯᠠᠯ ᠤᠨ ᠨᠠᠶᠢᠷ ᠵᠢᠴᠢ ᠬᠤᠶᠠᠳᠤᠭᠠᠷ ᠬᠤᠭᠤᠴᠠᠭᠠᠨ ᠤ ᠬᠦᠨᠳᠡᠯᠡᠨ ᠭᠤᠤᠯ ᠫᠢᠸᠤ᠋ ᠶᠢᠨ ᠨᠠᠶᠢᠷ ᠬᠦᠨᠳᠡᠯᠡᠨ ᠭᠤᠤᠯ ᠴᠡᠴᠡᠷᠯᠢᠭ ᠤᠨ ᠠᠭᠤᠳᠠᠮ ᠲᠠᠯᠠᠪᠠᠢ ᠳᠤ ᠦᠪᠡᠳᠡᠭᠰᠢ ᠶᠡᠭᠡ ᠪᠠᠷ ᠡᠬᠢᠯᠡᠪᠡ᠃ ᠲᠣᠰ ᠣᠷᠣᠶ ᠶᠢᠨ 8 ᠴᠠᠭ ᠤᠨ ᠦᠶ᠎ᠡ ᠪᠠᠷ᠂ ᠡᠬᠢᠯᠡᠯᠲᠡ ᠶᠢᠨ ᠶᠣᠰᠣᠯᠠᠯ ᠨᠢ ᠣᠷᠭᠢᠯᠤᠮ᠎ᠠ ᠬᠠᠯᠠᠭᠤᠨ ᠰᠡᠳᠬᠢᠯᠭᠡ  ᠪᠠᠷ ᠪᠢᠯᠬᠠᠬᠰᠠᠨ ᠮᠣᠩᠭᠤᠯ ᠦᠨᠳᠦᠰᠦᠲᠡᠨ ᠤ ᠬᠠᠮᠲᠤ ᠶᠢᠨ ᠪᠥᠵᠢᠭ ︽ᠰᠡᠷᠡᠯ ᠮᠣᠷᠢ︾ ᠪᠠᠷ ᠬᠥᠰᠢᠭᠡ ᠪᠠᠨ ᠨᠡᠭᠡᠭᠡᠵᠤ᠂ ᠠᠵᠢᠯᠯᠠᠭ᠎ᠠ ᠳᠤ ᠣᠷᠣᠯᠴᠠᠭᠰᠠᠨ ᠤᠳᠤᠷᠢᠳᠤᠯᠭ᠎ᠠ ᠨᠠᠷ ᠲᠠᠶᠢᠰᠠᠨ ᠳᠤ ᠭᠠᠷᠴᠤ ᠬᠠᠮᠲᠤ ᠪᠠᠷ ᠨᠡᠭᠡᠭᠡᠯᠬᠡᠢ ᠶᠢ ᠳᠠᠷᠤ᠊ᠬᠤ ᠶᠢᠨ  ᠠᠭᠱᠠᠨ᠂ ᠳᠡᠭᠦᠯᠢᠨ ᠨᠢᠰᠦᠭᠰᠡᠨ ᠲᠤᠯᠤᠭᠠᠨ ᠥᠩᠭᠡᠲᠦ ᠬᠡᠶᠢᠲᠦ ᠪᠥᠮᠪᠦᠭᠡ ᠠᠭᠠᠷ ᠲᠤ ᠲᠡᠭᠳᠡᠨ᠂ ᠫᠢᠸᠤ᠋ ᠪᠠᠷ ᠵᠢᠷᠭᠠᠬᠰᠠᠨ ᠵᠣᠨ ᠤ ᠡᠳᠦᠷ ᠤᠨ ᠨᠠᠷᠭᠢᠯ ᠪᠠᠶᠠᠷ ᠵᠢᠩᠬᠢᠨᠢ ᠪᠠᠷ ᠡᠬᠢᠯᠡᠪᠡ︕
      ᠷᠣᠮᠠᠨᠲ᠋ᠢᠭ ᠭᠡᠷᠡᠯ ᠰᠡᠬᠦᠳᠡᠷ ᠪᠣᠯᠤᠨ ᠰᠢᠬᠢᠷᠯᠢᠭ ᠪᠤᠭᠤᠳᠠᠢ ᠶᠢᠨ ᠨᠠᠬᠢᠶ᠎ᠠ ᠬᠦᠮᠦᠰ ᠤᠨ ᠲᠦᠷᠰᠦᠯᠡᠨ ᠪᠤᠳᠤᠯᠳᠠ ᠶᠢ ᠡᠬᠦᠰᠭᠡᠵᠤ᠂ ᠠᠬᠤᠢ ᠲᠠᠯᠠᠪᠠᠢ ᠳᠤ ᠬᠥᠮᠦᠨ ᠤ ᠲᠠᠯᠠᠢ ᠪᠤᠯᠵᠤ ᠪᠠᠶᠠᠷ ᠬᠥᠷ ᠢᠶᠠᠷ ᠪᠢᠯᠬᠠᠨ᠎ᠠ᠃ ᠷᠣᠺ ᠬᠠᠮᠲᠤᠯᠢᠭ ᠰᠡᠳᠬᠢᠯ ᠳᠣᠭᠳᠣᠯᠤᠨ ᠳᠠᠭᠤᠯᠠᠵᠤ᠂ ᠡᠷᠡᠤ ᠬᠤᠭᠤᠷ ᠬᠥᠭᠵᠢᠮᠳᠡᠵᠦ᠂ ᠡᠷᠲᠡᠨ ᠤ ᠬᠡᠪ ᠨᠠᠮᠪᠠ ᠲᠠᠢ ᠪᠥᠵᠢᠭ ᠪᠥᠵᠢᠭᠯᠡᠵᠦ᠂ ᠠᠶ᠎ᠠ ᠳᠠᠭᠤᠤ ᠠᠷᠤ ᠠᠷᠤ ᠠᠴᠠ ᠪᠠᠨ ᠦᠷᠬᠦᠯᠵᠢᠯᠡᠨ᠂ ᠲᠤᠬᠠᠶ ᠶᠢᠨ ᠲᠠᠯᠠᠪᠠᠶ ᠶᠢᠨ ᠦᠵᠡᠭᠴᠢᠳ ᠰᠣᠨᠣᠰᠬᠤ ᠶᠢᠨ ᠳᠠᠭᠠᠤ ᠲᠤᠭᠤᠷᠢᠨ ᠦᠵᠡᠵᠤ᠂ ᠦᠵᠡᠬᠦ ᠶᠢᠨ ᠳᠠᠭᠠᠤ ᠰᠣᠨᠢᠷᠬᠠᠵᠤ᠂ ᠣᠯᠠᠨ ᠢᠶᠠᠷ ᠢᠶᠠᠨ ᠵᠣᠨ ᠤ ᠰᠡᠷᠢᠭᠦᠨ ᠰᠠᠯᠬᠢ ᠶᠢ ᠠᠮᠢᠰᠬᠤᠨ᠂ ᠡᠨᠡᠬᠦ ᠬᠤᠪᠤᠷ ᠨᠡᠨᠳᠢᠨ ᠪᠠᠶᠠᠷ ᠵᠢᠷᠭᠠᠯ ᠢ ᠡᠳ᠋ᠯᠡᠵᠦ ᠪᠠᠶᠢᠯ᠎ᠠ᠃
    ︽ᠨᠢᠳᠤᠨᠤᠨ ᠤ ᠬᠦᠳᠡᠯᠡᠨ ᠭᠤᠤᠯ ᠫᠢᠸᠤ᠋ ᠶᠢᠨ ᠨᠠᠶᠢᠷ ᠨᠠᠳᠠ ᠳᠤ ᠬᠦᠨ ᠰᠠᠭᠤᠬᠳᠠᠯ ᠦᠯᠡᠳᠡᠭᠡᠭᠰᠡᠨ ᠶᠤᠮ᠂ ᠲᠤᠬᠠᠢ ᠶᠢᠨ ᠲᠠᠯᠠᠪᠠᠢ ᠶᠢᠨ ᠬᠦᠷ ᠨᠡᠷᠭᠢᠶᠡᠨᠳᠤ ᠠᠭᠤᠷ ᠠᠮᠢᠰᠬᠤᠯ᠂ ᠪᠠᠶᠠᠷᠯᠠᠯᠳᠤᠨ ᠬᠦᠬᠡᠷᠦᠯᠳᠦᠭᠰᠡᠨ ᠣᠯᠠᠨ    ᠲᠦᠮᠡᠨ᠂ ᠪᠠᠰᠠ ᠮᠠᠨ ᠤ ᠲᠤᠬᠠᠶ ᠶᠢᠨ ᠭᠠᠵᠠᠷ ᠤᠨ ᠣᠨᠴᠠᠯᠢᠭᠲᠤ ᠠᠮᠲᠠᠲᠤ ᠢᠳᠡᠭᠡᠨ ᠁ ᠡᠨᠡ ᠵᠢᠯ ᠤᠨ ᠬᠤᠶᠠᠳᠤᠭᠠᠷ ᠬᠤᠭᠤᠴᠠᠭᠠᠨ ᠤ ᠫᠢᠸᠤ᠋ ᠶᠢᠨ ᠨᠠᠶᠢᠷ ᠳᠡᠭᠡᠷ᠎ᠡ ᠪᠢ ᠭᠠᠳᠠᠷ ᠣᠷᠣᠨ ᠳᠤ ᠪᠠᠶᠢᠭ᠎ᠠ ᠨᠠᠶᠢᠵᠠ ᠨᠠᠷ ᠢᠶᠠᠨ ᠤᠷᠢᠵᠤ ᠪᠤᠭᠤᠲᠤ ᠳᠤ ᠢᠷᠡᠬᠦᠯᠦᠨ᠂ ᠮᠠᠨ ᠤ ᠥᠪᠥᠷ ᠮᠣᠩᠭᠤᠯ ᠤᠨ ᠵᠤᠨ ᠤ ᠤᠯᠠᠷᠢᠯ ᠤᠨ ᠵᠤᠯ ᠵᠢᠷᠭᠠᠯ ᠢ ᠡᠳ᠋ᠯᠡᠬᠦᠯᠬᠦ ᠪᠠᠷ ᠲᠥᠯᠥᠪᠯᠡᠵᠦ ᠪᠠᠶᠢᠨ᠎ᠠ︕︾ ᠭᠡᠵᠦ ᠬᠤᠲᠠ ᠶᠢᠨ ᠠᠷᠠᠳ ᠸᠠᠩ ᠬᠤᠶ ᠮᠢᠨ ᠬᠡᠯᠡᠪᠡ᠃
    ᠡᠭᠦᠨ ᠤ ᠬᠠᠮᠲᠤ᠂ ᠲᠤᠬᠠᠶ ᠶᠢᠨ ᠲᠠᠯᠠᠪᠠᠶ ᠳᠤ ᠪᠠᠰᠠ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠯᠪᠠᠰᠤᠨ ᠲᠣᠰᠬᠤᠨ ᠪᠠᠯᠭᠠᠰᠤ᠂ ᠪᠣᠯᠪᠠᠰᠤᠨ ᠨᠢᠭᠡᠴᠢ᠂ ᠪᠣᠯᠪᠠᠰᠤᠨ ᠬᠡᠷ ᠪᠦᠯᠢ᠂ ᠪᠣᠯᠪᠠᠰᠤᠨ ᠨᠡᠶᠢᠭᠡᠮ ᠲᠣᠭᠤᠷᠢᠭ ᠵᠢᠴᠢ ᠬᠥᠨᠳᠡᠯᠡᠨ ᠲᠣᠭᠤᠷᠢᠭ ᠤᠨ ᠪᠣᠯᠪᠠᠰᠤᠨ ᠨᠢᠭᠡᠴᠢ᠂ ᠪᠣᠯᠪᠠᠰᠤᠨ ᠨᠡᠶᠢᠭᠡᠮ ᠲᠣᠭᠤᠷᠢᠭ᠂ ᠪᠣᠯᠪᠠᠰᠤᠨ ᠬᠡᠷ ᠪᠦᠯᠢ᠂ 2022 ᠣᠨ ᠤ ︽ᠠᠷᠪᠠᠨ ᠣᠳᠣᠲᠤ ᠬᠡᠷ ᠪᠦᠯᠢ ᠶᠢᠨ ᠵᠢᠱᠢᠶ᠎ᠡ ᠦᠵᠡᠭᠦᠯᠬᠦ ᠡᠷᠦᠬᠡ︾᠂ ᠶᠣᠰᠣ ᠰᠤᠷᠲᠠᠬᠤᠨ ᠤ ᠵᠢᠱᠢᠶᠡᠴᠢ᠂ ︽ᠬᠥᠨᠳᠡᠯᠡᠨ ᠤ ᠰᠠᠶᠢᠨ ᠬᠥᠮᠦᠨ︾ ᠵᠡᠷᠭᠡ ᠨᠢᠭᠡᠴᠢ ᠵᠢᠴᠢ ᠬᠤᠪᠢ ᠬᠥᠮᠦᠨ ᠤ ᠲᠥᠯᠥᠭᠡᠯᠡᠭᠴᠢ ᠳᠤ ᠱᠠᠩᠨᠠᠯ ᠭᠠᠷᠳᠠᠭᠤᠯᠪᠠ᠃
   ᠣᠶᠢᠯᠠᠭᠠᠭᠰᠠᠨ ᠢᠶᠠᠷ᠂ ᠲᠤᠰ ᠤᠳᠠᠭᠠᠨ ᠤ ᠬᠦᠨᠳᠡᠯᠡᠨ ᠭᠤᠤᠯ ᠫᠢᠸᠤ᠋ ᠶᠢᠨ ᠨᠠᠶᠢᠷ ᠨᠢ 7 ᠰᠠᠷ᠎ᠠ ᠶᠢᠨ 12 ᠤᠨ ᠡᠳᠦᠷ ᠠᠴᠠ 8 ᠰᠠᠷ᠎ᠠ ᠶᠢᠨ 13 ᠤ ᠡᠳᠦᠷ ᠪᠣᠯᠲᠠᠯ᠎ᠠ ᠦᠷᠭᠦᠯᠵᠢᠯᠡᠵᠦ᠂ ︽ᠵᠠᠰᠠᠭ ᠤᠨ ᠣᠷᠳᠣᠨ ᠲᠠᠪᠴᠠᠩ ᠪᠠᠶᠢᠭᠤᠯᠵᠤ ᠦᠭᠬᠦ᠂ ᠠᠵᠤ ᠠᠬᠤᠶᠢᠯᠠᠯ ᠣᠷᠣᠯᠴᠠᠬᠤ᠂ ᠠᠷᠠᠳ ᠤᠨ ᠠᠮᠢᠳᠤᠷᠠᠯ ᠢᠶᠠᠷ ᠤᠳᠤᠷᠢᠳᠤᠮᠵᠢ ᠪᠣᠯᠭᠠᠬᠤ᠂ ᠠᠵᠤ ᠠᠬᠤᠶᠢᠯᠠᠯ ᠳᠤ ᠠᠰᠢᠭ ᠬᠦᠷᠲᠡᠭᠡᠨ ᠠᠷᠠᠳ ᠲᠤ ᠠᠰᠢᠭ ᠬᠦᠷᠲᠡᠭᠡᠬᠦ᠂ ᠳᠡᠭᠡᠳᠦ ᠳᠤᠤᠷᠠᠳᠤ ᠱᠠᠲᠤ ᠬᠤᠯᠪᠣᠭᠠᠯᠠᠨ ᠬᠥᠳᠡᠯᠦᠯᠴᠡᠬᠦ᠂ ᠬᠤᠲᠠ ᠬᠥᠳᠡᠭᠡ ᠶᠢ ᠬᠠᠮᠲᠤ ᠳᠤᠨᠢ ᠬᠠᠷᠠᠭᠠᠯᠵᠠᠬᠤ︾ ᠪᠠᠷ ᠵᠠᠷᠴᠢᠮ ᠪᠣᠯᠭᠠᠵᠤ᠂ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠤᠨ ᠨᠠᠶᠢᠷ ᠤᠨ ᠠᠵᠢᠯᠯᠠᠭ᠎ᠠ ᠶᠢᠨ ᠳᠠᠪᠠᠭᠤᠯᠢᠭ ᠲᠤ ᠲᠦᠰᠢᠭᠯᠡᠨ᠂ ᠬᠥᠨᠳᠡᠯᠡᠨ ᠲᠣᠭᠤᠷᠢᠭ ᠤᠨ ᠰᠣᠶᠣᠯ ᠵᠢᠭᠤᠯᠴᠢᠯᠠᠯ ᠤᠨ ᠬᠡᠷᠡᠭᠯᠡᠭᠡ ᠶᠢᠨ ᠠᠴᠢᠶᠠᠯᠠᠪᠤᠷᠢ ᠶᠢᠨ ᠰᠢᠨ᠎ᠡ ᠶᠢ ᠡᠭᠦᠳᠴᠦ᠂ ᠣᠯᠠᠨ ᠬᠦᠷᠢᠶ᠎ᠡ ᠴᠠᠷᠠᠭ᠎ᠠ᠂ ᠣᠯᠠᠨ ᠲᠠᠰ ᠳᠠᠪᠬᠤᠷᠭ᠎ᠠ᠂ ᠣᠯᠠᠨ ᠡᠰᠢᠵᠢᠭᠰᠡᠨ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠲᠠᠰᠤᠷᠠᠯᠲᠠ ᠥᠬᠡᠶ ᠥᠷᠨᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ︽ᠪᠤᠭᠤᠲᠤ ᠪᠠᠨ ᠬᠠᠶᠢᠷᠠᠯᠠᠵᠤ᠂ ᠬᠤᠪᠢ ᠨᠡᠮᠡᠷᠢ ᠦᠵᠡᠭᠦᠯᠬᠦ︾ ᠶᠢ ᠦᠢᠯᠡᠳᠦᠯᠭᠡᠵᠢᠬᠦᠯᠬᠦ ᠶᠢ ᠵᠤᠷᠢᠬᠰᠠᠨ ᠪᠠᠶᠢᠨ᠎ᠠ᠃ ︵ᠰᠤᠷᠪᠤᠯᠵᠢᠯᠠᠭᠴᠢ᠄ ᠯᠢᠦ ᠬᠤᠢ ᠰᠢᠤᠸᠠᠨ᠂  ᠶᠠᠩ ᠧᠨ ᠨᠢᠩ᠂  ᠵᠠᠩ ᠯᠸᠢ᠂ ᠯᠢᠦ ᠵᠧᠨ᠂ ᠰᠢᠶᠠ ᠫᠧᠩ ᠹᠸᠢ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号