ᠲᠠᠨᠤᠰ ᠤᠨ ᠬᠦᠰᠡᠵᠦ ᠤᠳᠠᠭᠰᠠᠨ ᠫᠢᠸᠤ᠋ ᠶᠢᠨ ᠨᠡᠶᠢᠷ ᠬᠦᠷᠴᠦ ᠢᠷᠡᠯ᠎ᠡ | | ᠪᠤᠭᠤᠲᠤ ᠬᠤᠲᠠ ᠶᠢᠨ ︽ᠬᠡᠷᠡᠭᠯᠡᠭᠡ ᠶᠢ ᠠᠬᠢᠭᠤᠯᠵᠤ᠂ ᠨᠡᠮᠡᠭᠳᠡᠯ ᠢ ᠲᠣᠭᠲᠠᠪᠤᠷᠢᠵᠢᠭᠤᠯᠬᠤ︾ ᠠᠯᠢ ᠣᠯᠠᠨ | ᠲᠥᠷᠥ ᠶᠢᠨ ᠪᠣᠳᠣᠯᠭ᠎ᠠ ᠶᠢ ᠢᠳᠡᠪᠬᠢᠲᠡᠶ ᠴᠤᠤᠷᠢᠶᠠᠲᠤᠨ ᠳᠠᠭᠠᠵᠤ᠂ ᠣᠯᠠᠨ ᠵᠦᠶᠯ ᠤᠨ ᠬᠡᠯᠪᠡᠷᠢ ᠪᠥᠬᠦᠶ | ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ ᠪᠠᠷ ᠳᠠᠮᠵᠢᠭᠤᠯᠤᠨ᠂ ᠬᠤᠲᠠ ᠶᠢᠨ ᠬᠥᠭᠵᠢᠶᠡᠨᠲᠦ ᠪᠠᠶᠢᠳᠠᠯ ᠢ | ᠰᠡᠷᠭᠦᠭᠡᠬᠦ ᠶᠢᠨ ᠲᠥᠯᠥᠭᠡ᠂ ᠬᠥᠨᠳᠡᠯᠡᠨ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ | 7 ᠰᠠᠷ᠎ᠠ ᠶᠢᠨ 15 — 8 ᠰᠠᠷ᠎ᠠ ᠶᠢᠨ 3 ᠤ ᠡᠳᠦᠷ ᠪᠤᠯᠳᠠᠯ᠎ᠠ ︽ᠪᠤᠭᠤᠳᠤ ᠳᠤ ᠪᠤᠯᠵᠤᠵᠤ᠂ ᠬᠥᠨᠳᠡᠯᠡᠨ ᠳᠤ | ᠪᠠᠶᠠᠷ ᠪᠠᠶᠠᠰᠤᠯ ᠢ ᠡᠳ᠋ᠯᠡᠶ᠎ᠡ︾ ᠵᠢᠴᠢ ︽ᠳᠥᠷᠪᠡᠳᠦᠭᠡᠷ ᠬᠤᠭᠤᠴᠠᠭᠠᠨ ᠤ ᠳᠤᠮᠳᠠᠳᠤ ᠤᠯᠤᠰ ᠤᠨ ᠪᠠᠩᠬᠢ · ᠶᠠᠨ | ᠵᠢᠩ ᠰᠢᠤᠸᠠᠢ ᠯᠦ ᠫᠢᠸᠤ᠋ ᠶᠢᠨ ᠨᠠᠶᠢᠷ ︾ ᠢ ᠡᠷᠬᠢᠯᠡᠬᠦ ᠪᠠᠷ ᠲᠣᠭᠲᠠᠪᠠ᠃ | ᠲᠣᠰ ᠬᠤᠭᠤᠴᠠᠭᠠᠨ ᠤ ︽ ᠶᠠᠨ ᠵᠢᠩ ᠰᠢᠤᠸᠠᠢ ᠯᠦ ᠫᠢᠸᠤ᠋ ᠶᠢᠨ ᠨᠠᠶᠢᠷ︾ ᠨᠢ ᠬᠤᠷᠢᠨ ᠡᠳᠦᠷ ᠤᠨ | ᠬᠤᠭᠤᠴᠠᠭ᠎ᠠ ᠶᠠᠪᠤᠬᠳᠠᠵᠤ᠂ ᠵᠠᠰᠠᠭ ᠤᠨ ᠣᠷᠳᠣᠨ ᠬᠠᠮᠵᠢᠯᠴᠠᠬᠤ᠂ ᠠᠵᠤ ᠠᠬᠤᠶᠢᠯᠠᠯ ᠠᠴᠠ ᠶᠠᠪᠤᠬᠳᠠᠭᠤᠯᠬᠤ | ᠬᠡᠯᠪᠡᠷᠢ ᠪᠠᠷ ᠳᠠᠮᠵᠢᠭᠤᠯᠤᠨ᠂ ᠵᠣᠨ ᠤ ᠴᠠᠭ ᠤᠨ ᠦᠪᠡᠳᠡᠭᠰᠢ ᠪᠶᠠᠰᠤᠯ ᠢ ᠡᠳ᠋ᠯᠡᠬᠦ᠂ ᠠᠵᠤ ᠠᠬᠤᠶᠢᠯᠠᠯ ᠤᠨ ᠳᠦᠷᠢ | ᠲᠥᠷᠬᠦ ᠶᠢ ᠢᠯᠡᠷᠡᠭᠦᠯᠬᠦ ᠥᠷᠭᠡᠨ ᠶᠡᠭᠡ ᠲᠠᠪᠴᠠᠩ ᠢ ᠪᠠᠶᠢᠭᠤᠯᠵᠤ᠂ ᠮᠠᠨ ᠤ ᠲᠤᠭᠤᠷᠢᠭ ᠤᠨ ᠬᠡᠷᠡᠭᠯᠡᠭᠡᠨ ᠤ ᠲᠠᠲᠠᠬᠤ | ᠬᠦᠴᠦᠨ ᠢ ᠥᠷᠭᠡᠳᠬᠡᠬᠦ ᠶᠢᠨ ᠬᠠᠮᠲᠤ᠂ ᠰᠠᠭᠤᠭᠠᠯᠢ ᠠᠷᠠᠳ ᠤᠨ ᠠᠵᠢᠯ ᠤᠨ ᠴᠢᠯᠥᠭᠡᠨ ᠤ ᠠᠮᠢᠳᠤᠷᠠᠯ ᠢ | ᠪᠠᠶᠠᠯᠢᠭᠵᠢᠭᠤᠯᠬᠤ ᠪᠠᠷ ᠵᠤᠷᠢᠯᠭ᠎ᠠ ᠪᠠᠨ ᠪᠤᠯᠭᠠᠬᠰᠠᠨ ᠶᠤᠮ᠃ | 7 ᠰᠠᠷ᠎ᠠ ᠶᠢᠨ 15 ᠤ ᠣᠷᠣᠢ ᠶᠢᠨ 8᠄ 00 ᠴᠠᠭ ᠲᠤ ᠬᠥᠨᠳᠡᠯᠡᠨ ᠲᠣᠭᠤᠷᠢᠭ ᠤᠨ ᠮᠤᠨᠠ ᠬᠠᠨ ᠵᠠᠮ ᠤᠨ | ᠶᠠᠨ ᠵᠢᠩ ᠰᠢᠤᠸᠠᠢ ᠯᠦ ᠫᠢᠸᠤ᠋ ᠶᠢᠨ ᠦᠶᠯᠡᠳᠪᠦᠷᠢ ᠶᠢᠨ ᠡᠭᠦᠳᠡᠨ ᠳᠤ ᠠᠭᠤᠯᠵᠠᠵᠠᠭᠠᠶ᠎ᠠ᠃ |