7 ᠰᠠᠷ᠎ᠠ ᠶᠢᠨ 15 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠶᠦᠩ ᠯᠢ | ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠ ᠣᠨᠴᠠᠯᠢᠭᠲᠤ ᠵᠡᠭᠡᠯᠢ ᠶᠢᠨ ᠲᠣᠭᠤᠷᠢᠭ ᠢ | ᠪᠠᠶᠢᠭᠤᠯᠬᠤ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃ | ᠲᠡᠮᠦᠷᠯᠢᠭ ᠢ ᠨᠠᠷᠢᠯᠢᠭ ᠡᠳ᠋ᠰᠢᠭᠦᠯᠬᠦ ᠠᠵᠤ ᠦᠢᠯᠡᠰ ᠤᠨ ᠬᠦᠷᠢᠶᠡᠯᠡᠩ ᠳᠤ᠂ ᠶᠢᠨ ᠶᠦᠩ ᠯᠢ ᠤᠷᠢᠳ | ᠬᠤᠵᠢᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠯᠡᠩ᠂ ᠪᠢᠶᠤᠤ ᠱᠧᠩ ᠳ᠋ᠡ | ᠢᠳᠡᠭᠳᠡᠯ ᠳᠤ ᠬᠡᠳᠤ ᠳᠠᠭᠠᠭᠠᠮᠠᠭᠠᠶ ᠬᠤᠪᠣᠷ ᠰᠢᠷᠣᠶ ᠶᠢᠨ ᠣᠯᠠᠨ ᠡᠰᠢᠲᠦ ᠬᠠᠶᠢᠯᠤᠰᠢ ᠶᠢᠨ ᠬᠡᠷᠡᠯᠴᠢ ᠴᠡᠨᠡᠭ ᠤᠨ | ᠲᠤᠯᠬᠤ ᠴᠠᠬᠤ ᠶᠢᠨ ᠠᠵᠤ ᠦᠢᠯᠡᠰ ᠤᠨ ᠰᠠᠭᠤᠷᠢᠨ ᠵᠡᠷᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ | ᠡᠮᠦᠨ᠎ᠡ ᠹᠷᠣᠨᠲ ᠲᠤ ᠬᠦᠷᠴᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ | ᠦᠵᠡᠵᠦ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠭᠦᠨᠵᠡᠭᠡᠶ ᠶᠠᠷᠢᠯᠴᠠᠵᠤ᠂ ᠲᠥᠷᠥᠯ ᠵᠦᠢᠯ ᠤᠨ ᠪᠠᠯᠠ | ᠣᠷᠣᠭᠤᠯᠤᠯᠲᠠ᠂ ᠴᠠᠭ ᠤᠨ ᠳᠠᠷᠠᠭᠠᠯᠠᠯ ᠤᠨ ᠠᠬᠢᠴᠠ ᠵᠡᠷᠭᠡ ᠪᠠᠶᠢᠳᠠᠯ ᠢ ᠣᠶᠢᠯᠠᠭᠠᠵᠤ᠂ ᠣᠷᠣᠰᠢᠵᠤ ᠪᠠᠶᠢᠭ᠎ᠠ | ᠬᠦᠴᠢᠷᠳᠡᠯ ᠪᠠ ᠠᠰᠠᠭᠤᠳᠠᠯ ᠳᠤ ᠴᠢᠭᠯᠡᠭᠦᠯᠦᠨ ᠲᠤᠬᠠᠶ ᠶᠢᠨ ᠲᠠᠯᠠᠪᠠᠶ ᠳᠤ ᠠᠯᠪᠠᠯᠠᠪᠠ᠃ ᠲᠡᠷᠡ᠂ ᠬᠤᠯᠪᠣᠭᠳᠠᠯ | ᠪᠥᠬᠦᠶ ᠰᠠᠯᠠᠭ᠎ᠠ ᠮᠥᠴᠢᠷ ᠨᠢᠭᠡᠴᠢ ᠶᠢᠨ ᠬᠢᠨ ︽ᠬᠤᠶᠠᠷ ᠰᠢᠨ᠎ᠡ︾ ᠪᠠᠷ ᠤᠳᠤᠷᠢᠳᠤᠮᠵᠢ ᠪᠣᠯᠭᠠᠬᠤ᠂ ᠲᠤᠭ᠎ᠠ | ᠬᠡᠮᠵᠢᠶ᠎ᠡ ᠶᠢ ᠨᠡᠮᠡᠭᠳᠡᠭᠦᠯᠬᠦ ᠤᠬᠠᠮᠰᠠᠷ᠂ ︽ᠯᠠᠪᠳᠠᠢ ᠰᠢᠢᠳᠪᠦᠷᠢᠯᠡᠬᠦ ᠠᠷᠭ᠎ᠠ ᠪᠠᠶᠢᠬᠤ ᠰᠡᠳᠬᠢᠬᠦᠶ︾ ᠪᠠᠷ | ᠶᠡᠷᠦᠩᠬᠡᠶᠢᠯᠡᠨ ᠵᠢᠯᠣᠭᠤᠳᠣᠭᠤᠯᠵᠤ᠂ ᠪᠥᠲᠥᠭᠡᠨ ᠪᠠᠶᠢᠭᠤᠯᠵᠤ ᠪᠠᠶᠢᠭ᠎ᠠ ᠭᠤᠤᠯᠳᠠᠯᠭ᠎ᠠ ᠲᠠᠢ ᠲᠥᠷᠥᠯ ᠵᠦᠢᠯ ᠤᠨ | ᠪᠠᠷᠢᠯᠭ᠎ᠠ ᠡᠬᠢᠯᠡᠭᠰᠡᠨ ᠨᠣᠷᠮ᠎ᠠ᠂ ᠪᠠᠯᠠ ᠣᠷᠣᠭᠤᠯᠤᠯᠲᠠ ᠶᠢ ᠪᠡᠶᠡᠯᠡᠭᠦᠯᠦᠭᠰᠡᠨ ᠨᠣᠷᠮ᠎ᠠ᠂ ᠪᠠᠯᠠ ᠮᠥᠩᠭᠦ ᠶᠢ | ᠪᠣᠳᠠᠲᠠᠶᠢᠵᠢᠭᠤᠯᠤᠭᠰᠠᠨ ᠨᠣᠷᠮ᠎ᠠ᠂ ᠲᠣᠭᠲᠠᠭᠰᠠᠨ ᠬᠤᠭᠤᠴᠠᠭᠠᠨ ᠳᠤ ᠪᠠᠷᠢᠯᠭ᠎ᠠ ᠳᠠᠭᠤᠰᠤᠭᠰᠠᠨ ᠨᠣᠷᠮ᠎ᠠ ᠶᠢ ᠨᠢᠬᠳᠠ | ᠴᠢᠩᠭ᠎ᠠ ᠠᠩᠬᠠᠷᠴᠤ᠂ ᠡᠭᠦᠷᠭᠡ ᠪᠠᠨ ᠴᠢᠨᠠᠭᠰᠢᠳᠠ ᠨᠠᠷᠢᠯᠢᠭᠵᠢᠭᠤᠯᠵᠤ᠂ ᠲᠣᠬᠢᠷᠠᠭᠤᠯᠤᠯᠲᠠ ᠪᠠᠨ ᠴᠢᠩᠭᠠᠳᠬᠠᠵᠤ᠂ | ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠦᠨᠡᠨ ᠬᠦ ᠠᠳᠬᠤᠨ ᠪᠣᠳᠠᠲᠠᠶ ᠠᠵᠢᠯᠯᠠᠵᠤ᠂ ᠰᠠᠶᠢᠲᠤᠷ ᠬᠢᠵᠦ | ᠰᠠᠶᠢᠲᠤᠷ ᠪᠦᠲᠦᠭᠡᠵᠦ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠪᠥᠬᠦ | ᠬᠦᠴᠦᠨ ᠢᠶᠠᠷ ᠢᠶᠠᠨ ᠠᠬᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢᠨ ᠪᠠᠲᠤ ᠰᠠᠭᠤᠷᠢ ᠶᠢ ᠪᠠᠬᠢᠵᠢᠭᠦᠯᠬᠦ ᠬᠡᠷᠡᠭᠲᠡᠶ᠃ | ᠪᠣᠳᠠᠲᠠᠶ ᠠᠷᠭ᠎ᠠ ᠬᠡᠮᠵᠢᠶ᠎ᠡ ᠶᠢ ᠪᠤᠳᠤᠵᠤ ᠪᠣᠳᠠᠲᠤ ᠦᠷ᠎ᠡ ᠪᠦᠲᠦᠮᠵᠢ ᠭᠠᠷᠭᠠᠬᠤ ᠶᠢ ᠡᠷᠬᠢᠮᠯᠡᠬᠦ ᠶᠢ ᠪᠠᠷᠢᠮᠲᠠᠯᠠᠵᠤ᠂ | ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠡᠮᠦᠨ᠎ᠡ ᠨᠢ ᠤᠷᠤᠵᠤ | ᠦᠢᠯᠡᠴᠢᠯᠡᠨ᠂ ᠲᠥᠷᠥᠯ ᠵᠦᠢᠯ ᠢ ᠠᠬᠢᠭᠤᠯᠬᠤ ᠶᠠᠪᠤᠴᠠ ᠳᠤ ᠲᠤᠯᠭᠠᠷᠠᠭᠰᠠᠨ ᠠᠰᠠᠭᠤᠳᠠᠯ ᠢ | ᠰᠠᠨᠠᠭᠠᠴᠢᠯᠠᠭ᠎ᠠ ᠠᠴᠠ ᠪᠠᠨ ᠮᠦᠷᠳᠡᠨ ᠳᠠᠭᠠᠵᠤ᠂ ᠴᠠᠭ ᠬᠢᠵᠠᠭᠠᠷᠯᠠᠨ ᠰᠢᠢᠳᠪᠦᠷᠢᠯᠡᠬᠦ ᠬᠡᠷᠡᠭᠲᠡᠶ᠃ ᠪᠠᠷᠢᠯᠭ᠎ᠠ ᠶᠢᠨ | ᠨᠢᠭᠡᠴᠢ ᠶᠢᠨ ᠬᠢᠨ ᠪᠠᠷᠢᠯᠭ᠎ᠠ ᠶᠢᠨ ᠠᠵᠢᠯ ᠢᠶᠠᠨ ᠰᠢᠨᠵᠢᠯᠡᠬᠦ ᠤᠬᠠᠭᠠᠨᠴᠢ ᠪᠠᠷ ᠵᠣᠬᠢᠶᠠᠨ ᠪᠠᠶᠢᠭᠤᠯᠵᠤ᠂ ᠶᠠᠰᠤ | ᠴᠢᠨᠠᠷ ᠤᠨ ᠬᠠᠮᠢᠶᠠᠷᠤᠯᠲᠠ ᠪᠠᠨ ᠴᠢᠩᠭᠠᠳᠬᠠᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ | ᠪᠥᠲᠥᠭᠡᠨ ᠪᠠᠶᠢᠭᠤᠯᠤᠯᠲᠠ ᠶᠢᠨ ᠰᠢᠵᠢᠷ ᠠᠯᠲᠠᠨ ᠬᠤᠭᠤᠴᠠᠭ᠎ᠠ ᠶᠢ ᠠᠮᠵᠢᠵᠤ᠂ ᠪᠥᠲᠥᠭᠡᠨ ᠪᠠᠶᠢᠭᠤᠯᠤᠯᠲᠠ ᠶᠢᠨ | ᠬᠤᠷᠳᠤᠴᠠ ᠪᠠᠨ ᠲᠦᠷᠭᠡᠳᠬᠡᠵᠦ᠂ ᠲᠥᠷᠥᠯ ᠵᠦᠢᠯ ᠢ ᠲᠣᠭᠲᠠᠭᠰᠠᠨ ᠬᠤᠭᠤᠴᠠᠭᠠᠨ ᠳᠤ ᠪᠥᠲᠥᠭᠡᠨ ᠪᠠᠶᠢᠭᠤᠯᠬᠤ ᠶᠢ | ᠪᠠᠲᠤᠯᠠᠵᠤ᠂ ᠴᠢᠨᠠᠷ ᠰᠠᠶᠢᠲᠠᠶ ᠬᠥᠭᠵᠢᠯᠲᠡ ᠳᠤ ᠰᠢᠨ᠎ᠡ ᠬᠥᠳᠡᠯᠭᠡᠬᠦ ᠡᠨᠧᠷᠭᠢ ᠨᠡᠮᠡᠷᠢᠯᠡᠵᠦ᠂ ᠰᠢᠨ᠎ᠡ ᠠᠮᠢᠵᠢᠷᠠᠯ ᠤᠨ | ᠬᠦᠴᠦᠨ ᠨᠡᠮᠡᠷᠢᠯᠡᠬᠦ ᠬᠡᠷᠡᠭᠲᠡᠶ ᠭᠡᠪᠠ᠃ | ᠳᠠᠷᠠᠭ᠎ᠠ ᠨᠢ᠂ ᠶᠢᠨ ᠶᠦᠩ ᠯᠢ ᠤᠨᠴᠠᠯᠢᠬᠳᠤ ᠵᠡᠭᠡᠯᠢ ᠶᠢᠨ ᠲᠣᠭᠤᠷᠢᠭ ᠢ ᠪᠠᠶᠢᠭᠤᠯᠬᠤ ᠠᠵᠢᠯ ᠢ ᠲᠤᠬᠠᠢ ᠶᠢᠨ | ᠭᠠᠵᠠᠷ ᠲᠤᠨᠢ ᠪᠠᠶᠢᠴᠠᠭᠠᠨ ᠦᠵᠡᠵᠦ᠂ ᠵᠡᠭᠡᠯᠢ ᠶᠢᠨ ᠲᠣᠭᠤᠷᠢᠭ ᠤᠨ ᠲᠥᠯᠥᠪᠵᠢᠭᠦᠯᠭᠡ ᠪᠠ ᠵᠢᠷᠤᠭ ᠲᠥᠯᠥᠪᠯᠡᠭᠡ᠂ | ᠢᠨᠵᠧᠨᠧᠷᠢᠩ ᠤᠨ ᠠᠬᠢᠴᠠ ᠪᠣᠯᠤᠨ ᠠᠷᠠᠯᠵᠢᠶᠠᠴᠢᠨ ᠤᠷᠢᠬᠤ ᠪᠠ ᠡᠵᠡᠩᠨᠡᠯᠳᠠ ᠶᠢᠨ ᠪᠠᠶᠢᠳᠠᠯ ᠢ ᠨᠠᠷᠢᠨ ᠣᠶᠢᠯᠠᠭᠠᠪᠠ᠃ | ᠲᠡᠷᠡ᠂ ᠥᠪᠡᠷᠮᠢᠴᠡ ᠣᠨᠴᠠᠯᠢᠭ ᠲᠠᠢ ᠵᠡᠭᠡᠯᠢ ᠶᠢᠨ ᠲᠣᠭᠤᠷᠢᠭ ᠢ ᠪᠠᠶᠢᠭᠤᠯᠬᠤ ᠨᠢ ᠬᠤᠳᠠ ᠶᠢᠨ ᠰᠣᠶᠣᠯ | ᠢᠷᠭᠡᠨᠰᠢᠯ ᠤᠨ ᠤᠯᠠᠨ ᠨᠡᠶᠢᠲᠡ ᠶᠢᠨ ᠣᠷᠣᠨ ᠵᠠᠢ ᠶᠢ ᠪᠤᠢ ᠪᠣᠯᠭᠠᠬᠤ᠂ ᠬᠤᠳᠠ ᠶᠢᠨ ᠠᠷᠠᠳ ᠤᠨ ᠤᠯᠠᠨ ᠡᠰᠢᠲᠦ | ᠬᠡᠷᠡᠭᠯᠡᠭᠡ ᠶᠢᠨ ᠬᠡᠷᠡᠭᠴᠡᠭᠡ ᠶᠢ ᠬᠠᠩᠭᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠨᠠᠷᠢᠨ ᠨᠢᠮᠪᠠᠶ | ᠲᠥᠯᠥᠪᠵᠢᠭᠦᠯᠵᠦ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠵᠡᠭᠡᠯᠢ ᠶᠢᠨ ᠲᠣᠭᠤᠷᠢᠭ ᠤᠨ | ᠲᠥᠯᠥᠪᠵᠢᠭᠦᠯᠭᠡ ᠶᠢ ᠴᠢᠨᠠᠭᠰᠢᠳᠠ ᠲᠡᠭᠦᠯᠳᠡᠷᠵᠢᠭᠦᠯᠵᠦ᠂ ᠡᠵᠡᠩᠨᠡᠯᠲᠡ ᠶᠢᠨ ᠬᠡᠯᠪᠡᠷᠢ ᠶᠢᠨ ᠪᠠᠶᠢᠷᠢᠰᠢᠭᠤᠯᠤᠯᠲᠠ ᠶᠢ | ᠰᠢᠯᠢᠳᠡᠭᠵᠢᠭᠦᠯᠵᠦ᠂ ᠣᠷᠴᠢᠨ ᠲᠣᠭᠤᠷᠢᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠡᠷᠬᠢᠨ ᠲᠣᠭᠤᠷᠢᠨ ᠤ ᠣᠷᠣᠨ | ᠪᠦᠰᠡ ᠶᠢᠨ ᠦᠢᠯᠡᠳᠦᠯ ᠴᠢᠳᠠᠪᠬᠢ ᠡᠵᠡᠩᠨᠡᠯᠲᠡ ᠶᠢᠨ ᠬᠡᠯᠪᠡᠷᠢ ᠶᠢ ᠲᠠᠰ ᠳᠡᠪᠰᠢᠭᠦᠯᠦᠨ ᠲᠡᠭᠦᠯᠳᠡᠷᠵᠢᠭᠦᠯᠵᠦ᠂ | ᠥᠪᠡᠷᠮᠢᠴᠡ ᠣᠨᠴᠠᠯᠢᠭ ᠲᠠᠢ ᠵᠡᠭᠡᠯᠢ ᠶᠢᠨ ᠲᠣᠭᠤᠷᠢᠭ ᠢ ᠪᠠᠶᠢᠭᠤᠯᠬᠤ ᠬᠡᠷᠡᠭᠲᠡᠶ᠃ ᠡᠯᠪᠡᠭ ᠪᠠᠶᠠᠯᠢᠭ ᠰᠣᠶᠣᠯ ᠤᠨ | ᠡᠬᠢ ᠪᠠᠶᠠᠯᠢᠭ ᠲᠤ ᠲᠦᠰᠢᠭᠯᠡᠨ ᠵᠡᠭᠡᠯᠢ ᠶᠢᠨ ᠲᠣᠭᠤᠷᠢᠭ ᠤᠨ ᠡᠵᠡᠩᠨᠡᠯᠲᠡ ᠬᠠᠮᠢᠶᠠᠷᠤᠯᠲᠠ ᠶᠢ ᠰᠠᠶᠢᠲᠤᠷ ᠬᠢᠵᠦ᠂ | ᠦᠢᠯᠡᠴᠢᠯᠡᠭᠡ ᠶᠢ ᠰᠢᠯᠢᠳᠡᠭᠵᠢᠭᠦᠯᠬᠦ᠂ ᠶᠠᠰᠤ ᠴᠢᠨᠠᠷ ᠢ ᠳᠡᠭᠡᠭᠰᠢᠯᠡᠭᠦᠯᠬᠦ ᠳᠡᠭᠡᠷ᠎ᠡ ᠦᠷᠭᠦᠯᠵᠢᠯᠡᠨ ᠬᠦᠴᠦ ᠲᠠᠯᠪᠢᠵᠤ᠂ | ᠤᠨᠴᠠᠯᠢᠬᠳᠤ ᠵᠡᠭᠡᠯᠢ ᠶᠢᠨ ᠲᠣᠭᠤᠷᠢᠭ ᠢ ᠪᠠᠶᠢᠷᠢᠰᠢᠯ ᠨᠢ ᠵᠦᠶ ᠵᠣᠬᠢᠰᠲᠠᠶ᠂ ᠡᠵᠡᠩᠨᠡᠯᠲᠡ ᠶᠢᠨ ᠬᠡᠯᠪᠡᠷᠢ ᠨᠢ ᠪᠠᠶᠠᠯᠢᠭ᠂ | ᠦᠷᠭᠦᠯᠵᠢᠯᠡᠨ ᠬᠦᠮᠦᠰ ᠤᠨ ᠠᠩᠬᠠᠷᠤᠯ ᠢ ᠬᠦᠴᠦᠳᠡᠢ ᠲᠠᠳᠠᠬᠰᠠᠨ ᠰᠦᠯᠵᠢᠶᠡᠨ ᠤ ᠬᠠᠯᠠᠮᠰᠢᠯ ᠭᠠᠵᠠᠷ ᠪᠣᠯᠭᠠᠨ | ᠪᠠᠶᠢᠭᠤᠯᠵᠤ᠂ ᠲᠠᠰᠤᠷᠠᠯᠲᠠ ᠥᠬᠡᠶ ᠬᠦᠮᠦᠰ ᠤᠨ ᠬᠦᠷᠢᠶᠡᠯᠡᠯ ᠢ ᠤᠯᠵᠤ ᠬᠤᠳᠠᠯᠳᠤᠭ᠎ᠠ ᠶᠢ ᠬᠦᠭᠵᠢᠶᠠᠨ ᠲᠠᠢ | ᠪᠤᠯᠭᠠᠵᠤ᠂ ᠬᠤᠲᠠ ᠶᠢᠨ ᠠᠮᠢᠵᠢᠷᠠᠯ ᠤᠨ ᠬᠦᠴᠦᠨ ᠢ ᠬᠦᠭᠵᠢᠭᠡᠬᠦ ᠳᠤ ᠲᠠᠰᠤᠷᠠᠯᠲᠠ ᠥᠬᠡᠶ ᠬᠦᠴᠦᠨ ᠨᠡᠮᠡᠷᠢᠯᠡᠬᠦ | ᠬᠡᠷᠡᠭᠲᠡᠶ ᠬᠡᠪᠡ᠃ | ᠲᠤᠭᠤᠷᠢᠭ ᠤᠨ ᠤᠳᠤᠷᠢᠳᠤᠯᠭ᠎ᠠ ᠯᠢ ᠵᠦᠩ᠂ ᠢᠦᠢ ᠷᠦᠢ ᠴᠢᠩ᠂ ᠶᠠᠩ ᠶᠦᠩ᠂ ᠵᠧᠦ ᠬᠠᠢ ᠹᠸᠢ ᠵᠢᠴᠢ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ ︵ | ᠢᠷᠡᠯᠲᠡ᠄ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠬᠡᠷ︶ |