ᠦᠪᠡᠳᠡᠭᠰᠢ ᠨᠠᠶᠢᠷ ᠪᠣᠯᠵᠤᠭ᠎ᠠ ᠶᠣᠰᠣᠭᠠᠷ ᠶᠠᠪᠤᠭᠳᠠᠵᠤ᠂ ᠳᠡᠯᠭᠡᠷ ᠵᠤᠨ ᠤ ᠭᠠᠶᠢᠬᠠᠮᠰᠢᠬᠳᠤ ᠬᠦᠨᠳᠡᠯᠡᠨ | ᠲᠤᠯᠤᠭᠠᠨ ᠦᠩᠭᠡ ᠪᠠᠷ ᠰᠤᠯᠤᠩᠭᠠᠷᠠᠨ᠎ᠠ᠃ 7 ᠰᠠᠷ᠎ᠠ ᠶᠢᠨ 15 ᠤ ᠣᠷᠣᠶ᠂ ︽ᠪᠤᠭᠤᠳᠤ ᠬᠤᠳᠠ ᠳᠤ ᠪᠤᠯᠵᠤᠵᠤ | ᠬᠥᠨᠳᠡᠯᠡᠨ ᠲᠤᠭᠤᠷᠢᠭ ᠲᠤ ᠨᠡᠷᠬᠢᠰᠤᠭᠠᠢ︾ ᠳᠡᠯᠭᠡᠷ ᠵᠣᠨ ᠤ ᠤᠯᠠᠷᠢᠯ ᠤᠨ ᠪᠣᠷᠣᠯᠠᠭᠤᠯᠭ᠎ᠠ ᠶᠢ ᠠᠬᠢᠭᠤᠯᠬᠤ ᠤᠯᠠᠷᠢᠯ | ᠵᠢᠴᠢ ᠳᠥᠷᠪᠡᠳᠦᠭᠡᠷ ᠬᠤᠭᠤᠴᠠᠭᠠᠨ ᠤ ︽ᠳᠤᠮᠳᠠᠳᠤ ᠤᠯᠤᠰ ᠤᠨ ᠪᠠᠩᠬᠢ ᠶᠠᠨ ᠵᠢᠩ ᠰᠢᠤᠸᠠᠢ ᠯᠦ ᠫᠢᠸᠤ᠋ ᠶᠢᠨ | ᠨᠠᠶᠢᠷ︾ ᠤᠨ ᠠᠵᠢᠯᠯᠠᠭ᠎ᠠ ᠦᠪᠡᠳᠡᠭᠰᠢ ᠶᠡᠬᠡᠪᠡᠷ ᠡᠬᠢᠯᠡᠪᠡ︕ | | | ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠶᠠᠨ ᠵᠢᠩ ᠫᠢᠸᠤ᠋ ︵ᠪᠤᠭᠤᠲᠤ ᠶᠢᠨ ᠰᠢᠤᠸᠠᠢ ᠯᠦ︶ ᠶᠢᠨ | ᠬᠤᠪᠢᠴᠠᠭᠠᠳᠤ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠪᠠᠩᠬᠢ ᠶᠢᠨ ᠪᠤᠭᠤᠲᠤ ᠶᠢᠨ ᠬᠤᠪᠢᠶᠠᠷᠢ ᠪᠠᠩᠬᠢ ᠶᠢᠨ | ᠬᠤᠯᠪᠣᠭᠳᠠᠯ ᠪᠥᠬᠦᠶ ᠬᠠᠷᠢᠭᠤᠴᠠᠯᠭᠠᠲᠠᠨ ᠲᠣᠰ ᠲᠣᠰ ᠦᠭᠡ ᠬᠡᠯᠡᠪᠡ᠃ ᠲᠤᠬᠠᠢ ᠶᠢᠨ ᠲᠠᠯᠠᠪᠠᠢ ᠳᠤ ᠬᠦᠷᠦᠯᠴᠡᠨ | ᠢᠷᠡᠭᠰᠡᠨ ᠤᠳᠤᠷᠢᠳᠤᠯᠭ᠎ᠠ ᠨᠡᠷ ᠡᠬᠢᠯᠠᠯᠳᠠ ᠶᠢᠨ ᠪᠥᠮᠪᠦᠭᠡ ᠳᠤ ᠬᠦᠷᠦᠯᠴᠡᠬᠦ ᠶᠢ ᠳᠠᠭᠠᠯᠳᠤᠨ᠂ ︽ ᠪᠤᠭᠤᠳᠤ ᠬᠤᠳᠠ | ᠳᠤ ᠪᠤᠯᠵᠤᠵᠤ ᠬᠥᠨᠳᠡᠯᠡᠨ ᠲᠤᠭᠤᠷᠢᠭ ᠲᠤ ᠨᠡᠷᠬᠢᠰᠤᠭᠠᠢ︾ ᠲᠡᠯᠭᠡᠷ ᠵᠤᠨ ᠤ ᠤᠯᠠᠷᠢᠯ ᠤᠨ ᠪᠣᠷᠣᠯᠠᠭᠤᠯᠭ᠎ᠠ ᠶᠢ | ᠠᠬᠢᠭᠤᠯᠬᠤ ᠤᠯᠠᠷᠢᠯ ᠵᠢᠴᠢ ᠳᠥᠷᠪᠡᠳᠦᠭᠡᠷ ᠬᠤᠭᠤᠴᠠᠭᠠᠨ ᠤ ︽ᠳᠤᠮᠳᠠᠳᠤ ᠤᠯᠤᠰ ᠤᠨ ᠪᠠᠩᠬᠢ ᠶᠠᠨ ᠵᠢᠩ ᠰᠢᠤᠸᠠᠢ | ᠯᠦ ᠫᠢᠸᠤ᠋ ᠶᠢᠨ ᠨᠠᠶᠢᠷ︾ ᠤᠨ ᠠᠵᠢᠯᠯᠠᠭ᠎ᠠ ᠵᠢᠩᠬᠢᠨᠢ ᠪᠠᠷ ᠡᠬᠢᠯᠡᠵᠦ᠂ ᠲᠤᠬᠠᠢ ᠶᠢᠨ ᠲᠠᠯᠠᠪᠠᠢ ᠪᠠᠶᠠᠷ ᠨᠠᠶᠢᠷ ᠢᠶᠠᠷ | ᠴᠠᠯᠬᠢᠯᠠᠵᠤ᠂ ᠥᠷᠭᠡᠨ ᠤᠯᠠᠨ ᠬᠤᠲᠠ ᠶᠢᠨ ᠠᠷᠠᠳ ᠫᠢᠸᠤ᠋ ᠪᠠᠷ ᠳᠠᠮᠵᠢᠭᠤᠯᠤᠨ ᠵᠤᠨ ᠤ ᠡᠳᠦᠷ ᠤᠨ ᠤᠷᠬᠢᠯᠤᠮ᠎ᠠ | ᠬᠠᠯᠠᠭᠤᠨ ᠰᠡᠳᠬᠢᠯᠭᠡ ᠶᠢ ᠳᠠᠮᠵᠢᠭᠤᠯᠵᠤ᠂ ᠬᠠᠮᠲᠤ ᠪᠠᠷ ᠡᠨᠡ ᠬᠦ ᠦᠪᠡᠳᠡᠭᠰᠢ ᠨᠠᠶᠢᠷ ᠢ ᠡᠬᠢᠯᠡᠭᠦᠯᠪᠡ᠃ | | | | | | | ᠪᠥᠵᠢᠭ ᠤᠨ ᠲᠠᠶᠢᠰᠠ ᠨᠢ ᠨᠠᠩ ᠴᠤ ᠲᠤᠯᠤᠭᠠᠨ ᠥᠩᠭᠡ ᠪᠠᠷ ᠰᠤᠯᠤᠩᠭᠠᠷᠠᠵᠤ᠂ ᠳᠠᠭᠤᠤ ᠬᠥᠭᠵᠢᠮ | ᠤᠶᠠᠩᠭᠠᠷᠠᠨ᠂ ᠫᠢᠸᠤ᠋᠂ ᠠᠮᠲᠠᠲᠤ ᠢᠳᠡᠭᠡᠨ ᠤ ᠠᠩᠬᠢᠯᠤᠮ᠎ᠠ ᠦᠨᠦᠷ ᠬᠠᠮᠠᠷ ᠴᠣᠷᠭᠢᠨ᠎ᠠ᠂ ᠬᠤᠲᠠ ᠶᠢᠨ ᠠᠷᠠᠳ | ᠨᠠᠶᠢᠵᠠ ᠨᠠᠷ ᠲᠥᠷᠥᠯ ᠰᠠᠳᠤᠨ ᠨᠠᠶᠢᠵᠠ ᠨᠥᠬᠦᠳ ᠲᠠᠢ ᠪᠠᠨ ᠬᠠᠮᠳᠤ ᠨᠡᠷᠬᠢᠯᠳᠤᠨ ᠬᠦᠬᠡᠷᠦᠯᠳᠦᠬᠦ ᠶᠢᠨ ᠪᠠᠶᠠᠷ | ᠵᠢᠷᠭᠠᠯ ᠢ ᠡᠳ᠋ᠯᠡᠬᠦ ᠶᠢᠨ ᠬᠠᠮᠲᠤ᠂ ᠨᠢᠭᠡ ᠲᠠᠯ᠎ᠠ ᠪᠠᠷ ᠬᠤᠨᠳᠠᠭ᠎ᠠ ᠡᠷᠭᠦᠨ ᠬᠠᠨᠲᠠᠯ᠎ᠠ ᠤᠤᠭᠤᠵᠤ᠂ ᠨᠢᠭᠡ ᠲᠠᠯ᠎ᠠ ᠪᠠᠷ | ᠭᠤᠶᠢᠳᠠ ᠰᠠᠶᠢᠬᠠᠨ ᠲᠣᠭᠯᠠᠯᠲᠠ ᠶᠢ ᠰᠣᠨᠢᠷᠬᠠᠵᠤ᠂ ᠲᠤᠬᠠᠢ ᠶᠢᠨ ᠲᠠᠯᠠᠪᠠᠢ ᠪᠠᠶᠠᠷ ᠪᠠᠭ᠋ᠠᠳᠤᠯ ᠢᠶᠠᠷ ᠪᠢᠯᠬᠠᠨ᠎ᠠ᠃ ︽ | ᠭᠠᠷᠠᠭ ᠤᠨ ᠰᠡᠭᠦᠯᠴᠢ ᠪᠤᠯᠤᠯ᠎ᠠ᠂ ᠨᠠᠶᠢᠵᠠ ᠨᠦᠬᠦᠳ ᠲᠠᠢ ᠪᠠᠨ ᠬᠠᠮᠲᠤ ᠫᠢᠸᠤ᠋ ᠤᠤᠭᠤᠵᠤ ᠱᠣᠷᠣᠯᠠᠭ ᠢᠳᠡᠨ᠎ᠡ᠂ | ᠪᠠᠰᠠ ᠡᠯ᠎ᠡ ᠵᠦᠢᠯ ᠤᠨ ᠳᠠᠭᠤᠤ ᠬᠥᠭᠵᠢᠮ ᠤᠨ ᠲᠣᠭᠯᠠᠯᠲᠠ ᠰᠤᠨᠢᠷᠬᠠᠨ᠎ᠠ ᠬᠡᠵᠤ ᠦᠨᠡᠭᠡᠷ ᠲᠠᠭᠠᠯᠠᠮᠵᠢᠲᠠᠢ ᠵᠢᠷᠭᠠᠯ | ᠲᠠᠢ ᠰᠠᠨᠠᠭᠳᠠᠵᠤ ᠪᠠᠶᠢᠨ᠎ᠠ︾ ᠭᠡᠵᠦ ᠬᠤᠲᠠ ᠶᠢᠨ ᠠᠷᠠᠳ ᠱᠢ ᠯᠸᠢ ᠬᠡᠯᠡᠵᠤ ᠪᠠᠶᠢᠯ᠎ᠠ᠃ | | | | | | | | ᠲᠣᠰ ᠤᠳᠠᠭᠠᠨ ᠤ ᠠᠵᠢᠯᠯᠠᠭ᠎ᠠ ᠨᠢ ︽ᠠᠷᠢᠬᠢ ᠪᠠᠷ ᠵᠠᠭᠤᠴᠢ ᠪᠣᠯᠭᠠᠵᠤ︾᠂ ᠲᠤᠬᠠᠶ ᠶᠢᠨ ᠲᠠᠯᠠᠪᠠᠶ ᠳᠤ | ᠪᠠᠰᠠ ᠫᠢᠸᠣ᠋ ᠶᠢ ᠠᠮᠳᠠᠯᠠᠬᠤ᠂ ᠫᠢᠸᠣ᠋ ᠦᠢᠯᠡᠳᠬᠦ ᠵᠡᠷᠭᠡ ᠣᠷᠣᠯᠴᠠᠬᠤ ᠬᠡᠮᠵᠢᠶ᠎ᠡ ᠪᠠᠷ ᠥᠨᠳᠥᠷ᠂ ᠬᠡᠯᠪᠡᠷᠢ ᠨᠢ ᠰᠢᠨ᠎ᠡ | ᠰᠡᠪᠡᠬᠦᠨ᠂ ᠬᠥᠮᠦᠰ ᠤᠨ ᠠᠩᠬᠠᠷᠤᠯ ᠢ ᠲᠠᠲᠠᠭᠰᠠᠨ ᠡᠯ᠎ᠡ ᠵᠦᠢᠯ ᠤᠨ ᠠᠵᠢᠯᠯᠠᠭ᠎ᠠ ᠥᠷᠨᠢᠭᠦᠯᠪᠡ᠃ ᠡᠭᠦᠨ ᠤ ᠬᠠᠮᠲᠤ | ᠲᠤᠬᠠᠶ ᠶᠢᠨ ᠲᠠᠯᠠᠪᠠᠶ ᠳᠤ ᠪᠠᠰᠠ ᠵᠢᠦ ᠶᠤᠸᠠᠢ ᠢᠳᠡᠭᠡᠨ ᠤᠮᠳᠠᠭᠠᠨ᠂ ᠶᠢᠨ ᠮᠠᠶ ᠶᠤᠸᠠᠨ ᠰᠢᠷᠠᠭᠰᠠᠨ ᠮᠢᠬ᠎ᠠ ᠵᠡᠷᠭᠡ | ᠮᠠᠨ ᠤ ᠬᠤᠲᠠ ᠶᠢᠨ ᠨᠠᠷᠠᠲᠤ ᠢᠳᠡᠭᠡᠨ ᠤᠮᠳᠠᠭᠠᠨ ᠤ ᠲᠦᠷᠦᠯ ᠲᠡᠮᠳᠡᠭ ᠢ ᠲᠦᠪᠯᠡᠷᠡᠬᠦᠯᠦᠭᠰᠡᠨ ᠪᠤᠭᠤᠲᠤ ᠶᠢᠨ | ᠠᠩᠬᠠᠳᠠᠭᠴᠢ ᠫᠢᠸᠤ᠋ ᠶᠢᠨ ᠭᠤᠤᠯ ᠰᠡᠳᠦᠪᠲᠦ ᠴᠡᠴᠡᠷᠯᠢᠭ ᠮᠠᠶ᠋ᠢᠭ ᠤᠨ ᠬᠤᠭᠤᠯᠠᠨ ᠬᠡᠷ ᠢᠵᠢᠯ ᠠᠯᠬᠤᠮ ᠢᠶᠠᠷ | ᠡᠭᠦᠳᠡ ᠪᠠᠨ ᠨᠡᠭᠡᠭᠡᠵᠦ ᠵᠣᠴᠢᠨ ᠢᠶᠠᠨ ᠤᠭᠲᠤᠪᠠ᠃ ᠵᠠᠰᠠᠭ ᠤᠨ ᠣᠷᠳᠣᠨ ᠬᠠᠮᠵᠢᠯᠴᠠᠬᠰᠠᠨ᠂ ᠠᠵᠤ ᠠᠬᠤᠶᠢᠯᠠᠯ | ᠲᠠᠭᠠᠭᠠᠴᠢᠯᠠᠨ ᠡᠷᠬᠢᠯᠡᠬᠦ ᠡᠶᠢᠮᠦᠷᠬᠦᠦ ᠬᠡᠯᠪᠡᠷᠢ ᠪᠠᠷ ᠳᠠᠮᠵᠢᠭᠤᠯᠤᠨ᠂ ᠵᠤᠨ ᠤ ᠤᠯᠠᠷᠢᠯ ᠤᠨ ᠦᠪᠡᠳᠡᠭᠰᠢ ᠨᠠᠶᠢᠷ ᠢ | ᠡᠳ᠋ᠯᠡᠬᠦ᠂ ᠠᠵᠤ ᠠᠬᠤᠶᠢᠯᠠᠯ ᠤᠨ ᠳᠦᠷᠢ ᠲᠥᠷᠬᠦ ᠶᠢ ᠢᠯᠡᠷᠡᠭᠦᠯᠬᠦ ᠥᠷᠭᠡᠨ ᠶᠡᠭᠡ ᠲᠠᠪᠴᠠᠩ ᠢ ᠪᠠᠶᠢᠭᠤᠯᠵᠤ᠂ ᠮᠠᠨ ᠤ | ᠲᠤᠭᠤᠷᠢᠭ ᠤᠨ ᠬᠡᠷᠡᠭᠯᠡᠭᠡ ᠶᠢᠨ ᠲᠠᠲᠠᠬᠤ ᠬᠦᠴᠦᠨ ᠢ ᠥᠷᠭᠡᠳᠬᠡᠬᠦ ᠶᠢᠨ ᠬᠠᠮᠲᠤ ᠰᠠᠭᠤᠭᠠᠯᠢ ᠠᠷᠠᠳ ᠤᠨ ᠠᠵᠢᠯ ᠤᠨ | ᠴᠢᠯᠥᠭᠡᠨ ᠤ ᠠᠮᠢᠳᠤᠷᠠᠯ ᠢ ᠪᠠᠶᠠᠯᠢᠭᠵᠢᠭᠤᠯᠪᠠ᠃ | | | ᠴᠤᠤ ᠡᠾᠧ ᠵᠡᠭᠡᠯᠢ ᠶᠢᠨ ᠲᠤᠭᠤᠷᠢᠭ ᠠᠴᠠ ᠠᠪᠤᠭᠠᠳ ᠵᠡᠭᠡᠯᠢ ᠳᠡᠭᠡᠷ᠎ᠡ ᠶᠠᠪᠤᠬᠳᠠᠭᠤᠯᠤᠬᠰᠠᠨ ᠲᠣᠭᠯᠠᠯᠲᠠ | ᠬᠦᠷᠲᠡᠯ᠎ᠡ᠂ ︽ᠶᠠᠨ ᠵᠢᠩ ᠰᠢᠤᠸᠠᠢ ᠯᠦ ᠫᠢᠸᠤ᠋ ᠶᠢᠨ ᠨᠠᠶᠢᠷ︾ ᠠᠴᠠ ᠠᠪᠤᠭᠠᠳ ︽ᠬᠦᠨᠳᠡᠯᠡᠨ ᠭᠤᠤᠯ ᠳᠠᠭᠤᠤ | ᠬᠥᠭᠵᠢᠮ ᠤᠨ ᠨᠠᠶᠢᠷ︾ ᠬᠦᠷᠲᠡᠯ᠎ᠡ᠃ ᠬᠥᠨᠳᠡᠯᠡᠨ ᠲᠣᠭᠤᠷᠢᠭ ᠪᠤᠭᠤᠲᠤ ᠬᠤᠲᠠ ᠶᠢᠨ ︽ᠬᠡᠷᠡᠭᠯᠡᠭᠡ ᠶᠢ ᠠᠬᠢᠭᠤᠯᠬᠤ᠂ | ᠨᠡᠮᠡᠭᠳᠡᠯ ᠢ ᠲᠣᠭᠲᠠᠪᠤᠷᠢᠵᠢᠭᠤᠯᠬᠤ︾ ᠠᠯᠢ ᠣᠯᠠᠨ ᠲᠥᠷᠥ ᠶᠢᠨ ᠪᠣᠳᠣᠯᠭ᠎ᠠ ᠶᠢ ᠢᠳᠡᠪᠬᠢᠲᠡᠶ ᠴᠤᠤᠷᠢᠶᠠᠲᠤᠨ | ᠳᠠᠭᠠᠵᠤ᠂ ᠣᠯᠠᠨ ᠵᠦᠢᠯ ᠤᠨ ᠬᠡᠯᠪᠡᠷᠢ ᠪᠥᠬᠦᠶ ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ ᠪᠠᠷ ᠳᠠᠮᠵᠢᠭᠤᠯᠤᠨ᠂ | ᠬᠤᠲᠠ ᠶᠢᠨ ᠬᠥᠭᠵᠢᠶᠡᠨ ᠨᠠᠷᠭᠢᠶᠠᠨ ᠢ ᠰᠡᠷᠭᠦᠬᠡᠭᠦ ᠪᠠᠷ ᠴᠢᠷᠮᠠᠶᠢᠬᠰᠠᠭᠠᠷ ᠢᠷᠡᠵᠡᠶ᠃ ᠠᠮᠲᠠᠲᠤ ᠰᠠᠷᠬᠤᠳ ᠤᠨ ᠦᠨᠦᠷ | ᠬᠠᠩᠬᠤᠯᠵᠤ᠂ ᠬᠥᠮᠦᠨ ᠤ ᠤᠷᠤᠰᠬᠠᠯ ᠳᠠᠪᠠᠯᠭᠠᠯᠠᠭᠰᠠᠨ ᠠᠬᠤᠶ ᠲᠠᠯᠠᠪᠠᠶ ᠨᠢᠭᠡᠪᠦᠷᠢ ᠳᠤ᠂ ᠤᠳᠠᠭ᠎ᠠ ᠪᠦᠷᠢ ᠶᠢᠨ | ᠬᠤᠨᠳᠠᠭ᠎ᠠ ᠮᠥᠷᠭᠦᠬᠦ ᠲᠠᠭᠤᠨ ᠤ ᠳᠤᠮᠳᠠ ᠴᠥᠮ ᠬᠥᠨᠳᠡᠯᠡᠨ ᠲᠣᠭᠤᠷᠢᠭ ᠤᠨ ᠨᠡᠭᠡᠭᠡᠯᠲᠡ᠂ ᠠᠮᠢᠵᠢᠷᠠᠯ ᠤᠨ | ᠬᠦᠴᠦᠨ᠂ ᠰᠢᠨ᠎ᠡ ᠴᠠᠭ ᠤᠨ ᠥᠩᠭᠡ ᠶᠢ ᠢᠯᠡᠷᠡᠬᠦᠯᠵᠤ᠂ ᠬᠥᠨᠳᠡᠯᠡᠨ ᠲᠣᠭᠤᠷᠢᠭ ᠤᠨ ᠬᠥᠮᠦᠰ ᠤᠨ ᠬᠠᠯᠠᠭᠤᠨ | ᠰᠡᠳᠬᠢᠯᠭᠡ᠂ ᠪᠠᠶᠠᠰᠤᠩᠭᠤᠶ ᠰᠡᠳᠬᠢᠯᠭᠡ᠂ ᠵᠣᠴᠢᠨᠰᠠᠭ ᠰᠡᠳᠬᠢᠯᠭᠡ ᠶᠢ ᠢᠯᠡᠷᠡᠭᠦᠯᠵᠦ ᠪᠤᠢ᠃ | | | | | | | | ᠣᠶᠢᠯᠠᠭᠠᠭᠰᠠᠨ ᠢᠶᠠᠷ᠂ ᠲᠣᠰ ᠬᠤᠭᠤᠴᠠᠭᠠᠨ ᠤ ︽ᠶᠠᠨ ᠵᠢᠩ ᠰᠢᠤᠸᠠᠢ ᠯᠦ ᠫᠢᠸᠤ᠋ ᠶᠢᠨ ᠨᠠᠶᠢᠷ︾ ᠢ ᠬᠥᠨᠳᠡᠯᠡᠨ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠭᠤᠤᠯᠯᠠᠨ ᠡᠷᠭᠢᠯᠡᠵᠦ᠂ ᠶᠠᠨ ᠵᠢᠩ ᠫᠢᠸᠤ᠋ ︵ᠪᠤᠭᠤᠲᠤ ᠶᠢᠨ | ᠰᠢᠤᠸᠠᠢ ᠯᠦ︶ ᠶᠢᠨ ᠬᠤᠪᠢᠴᠠᠭᠠᠳᠤ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠪᠠᠩᠬᠢ ᠶᠢᠨ ᠪᠤᠭᠤᠲᠤ ᠶᠢᠨ | ᠬᠤᠪᠢᠶᠠᠷᠢ ᠪᠠᠩᠬᠢ ᠳᠠᠭᠠᠭᠠᠴᠢᠯᠠᠨ ᠡᠷᠭᠢᠯᠡᠵᠦ᠂ 7 ᠰᠠᠷ᠎ᠠ ᠶᠢᠨ 15 ᠤ ᠡᠳᠦᠷ ᠠᠴᠠ 8 ᠰᠠᠷ᠎ᠠ ᠶᠢᠨ 3 ᠤ ᠡᠳᠦᠷ | ᠪᠣᠯᠲᠠᠯ᠎ᠠ 20 ᠡᠳᠦᠷ ᠶᠠᠪᠤᠬᠳᠠᠨ᠎ᠠ᠃ | | | | | | | |