7 ᠰᠠᠷ᠎ᠠ ᠶᠢᠨ 13 ᠤ ᠡᠳᠦᠷ᠂ ᠬᠦᠨᠳᠡᠯᠡᠨ ᠭᠤᠤᠯ ᠪᠠᠯᠭᠠᠰᠤᠨ ᠤ ᠬᠠᠤᠯᠢ ᠬᠡᠷᠡᠭᠵᠢᠭᠦᠯᠬᠦ ᠲᠤᠪᠴᠢᠶ᠎ᠡ ᠵᠤᠤ | ᠶᠤᠸᠠᠨ ᠡᠮᠦᠨ᠎ᠡ ᠵᠠᠮ ᠤᠨ ᠬᠤᠶᠠᠷ ᠬᠠᠵᠠᠭᠤ ᠪᠠᠷ ᠲᠦᠷᠢᠮ ᠲᠣᠭᠲᠠᠭᠠᠯ ᠠᠴᠠ ᠵᠥᠷᠢᠴᠡᠵᠦ ᠳᠤᠷ᠎ᠠ ᠪᠠᠷ ᠢᠶᠠᠨ | ᠪᠠᠶᠢᠭᠤᠯᠤᠭᠰᠠᠨ ᠪᠠᠷᠢᠯᠭ᠎ᠠ ᠶᠢ ᠲᠥᠪᠯᠡᠷᠡᠭᠦᠯᠦᠨ ᠨᠤᠷᠠᠭᠠᠪᠠ᠂ ᠲᠦᠷᠢᠮ ᠲᠣᠭᠲᠠᠭᠠᠯ ᠠᠴᠠ ᠵᠥᠷᠢᠴᠡᠵᠦ | ᠪᠠᠶᠢᠭᠤᠯᠤᠭᠰᠠᠨ ᠪᠠᠷᠢᠯᠭ᠎ᠠ ᠶᠢ ᠨᠤᠷᠠᠭᠠᠬᠤ ᠠᠵᠢᠯ ᠤᠨ ᠡᠷᠬᠡ ᠲᠡᠭᠰᠢ᠂ ᠲᠥᠪ ᠭᠤᠣᠯᠴᠢ ᠪᠠᠶᠢᠬᠤ ᠶᠢ ᠪᠠᠲᠤᠯᠠᠬᠤ ᠶᠢᠨ | ᠲᠥᠯᠥᠭᠡ᠂ ᠬᠠᠤᠯᠢ ᠬᠡᠷᠡᠭᠵᠢᠭᠦᠯᠬᠦ ᠲᠤᠪᠴᠢᠶ᠎ᠡ᠂ ᠭᠠᠯ ᠤᠨᠲᠠᠷᠠᠭᠠᠬᠤ ᠶᠡᠭᠡ ᠠᠩᠬᠢ᠂ ᠬᠠᠷᠢᠶᠠᠯᠠᠬᠳᠠᠬᠤ ᠭᠠᠵᠠᠷ ᠤᠨ | ᠲᠣᠮᠢᠯᠠᠭᠰᠠᠨ ᠰᠠᠯᠪᠤᠷᠢ᠂ ᠡᠷᠡᠭᠦᠯ ᠬᠠᠮᠠᠭᠠᠯᠠᠯ ᠤᠨ ᠬᠤᠷᠢᠶ᠎ᠠ᠂ ᠠᠯᠪᠠᠨ ᠭᠡᠷᠡᠴᠢᠯᠡᠭᠡ ᠬᠢᠬᠦ ᠭᠠᠵᠠᠷ ᠵᠡᠷᠭᠡ ᠨᠢᠭᠡᠴᠢ ᠶᠢᠨ | ᠬᠢᠨ 50 ᠭᠠᠷᠤᠢ ᠠᠵᠢᠯᠳᠠᠨ ᠢ ᠬᠥᠳᠡᠯᠭᠡᠵᠦ᠂ ᠬᠠᠤᠯᠢ ᠬᠡᠷᠡᠭᠵᠢᠭᠦᠯᠬᠦ ᠪᠦᠬᠦ ᠶᠠᠪᠤᠴᠠ ᠳᠤ ᠠᠯᠪᠠᠨ ᠭᠡᠷᠡᠴᠢᠯᠡᠭᠡ | ᠬᠢᠵᠦ᠂ ᠨᠡᠶᠢᠳᠡ 24 ᠲᠠᠰᠤᠯᠭ᠎ᠠ ᠥᠩᠭᠡᠲᠦ ᠪᠤᠯᠤᠳ ᠬᠠᠪᠳᠠᠰᠤ ᠪᠠᠷ ᠪᠠᠶᠢᠭᠤᠯᠤᠬᠰᠠᠨ ᠬᠡᠷ ᠪᠠᠶᠢᠰᠢᠩ ᠢ | ᠨᠤᠷᠠᠭᠠᠵᠤ᠂ ᠨᠤᠷᠠᠭᠠᠬᠰᠠᠨ ᠪᠠᠷᠢᠯᠭ᠎ᠠ ᠶᠢᠨ ᠲᠠᠯᠠᠪᠠᠢ 700 ᠭᠠᠷᠤᠢ ᠲᠡᠭᠰᠢ ᠳᠥᠷᠪᠡᠯᠵᠢᠨ ᠮᠧᠲᠷ ᠲᠤ ᠬᠦᠷᠴᠡᠢ᠃ | ︵ᠬᠦᠨᠳᠡᠯᠡᠨ ᠭᠤᠤᠯ ᠪᠠᠯᠭᠠᠰᠤ︶ |