ᠪᠤᠭᠤᠲᠤ ᠬᠤᠲᠠ ᠶᠢᠨ ᠠᠩᠬᠠᠳᠠᠭᠴᠢ︕ ᠬᠥᠨᠳᠡᠯᠡᠨ ᠲᠣᠭᠤᠷᠢᠭ ᠲᠤ ᠨᠤᠳᠤᠬᠰᠢᠯ᠎ᠠ ︕
ᠨᠡᠶᠢᠲᠡᠯᠡᠭᠰᠡᠨ ᠴᠠᠭ᠄
2023/7/21
    7 ᠰᠠᠷ᠎ᠠ ᠶᠢᠨ 19 ᠤ ᠡᠳᠦᠷ᠂ ᠬᠥᠨᠳᠡᠯᠡᠨ ᠲᠣᠭᠤᠷᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠬᠤᠯᠪᠣᠭ᠎ᠠ ᠪᠠᠶᠢᠭᠤᠯᠤᠭᠳᠠᠬᠤ ᠶᠡᠭᠡ ᠬᠤᠷᠠᠯ ᠵᠢᠴᠢ 2023 ᠣᠨ ᠤ ᠠᠩᠬᠠᠳᠤᠭᠠᠷ ᠤᠳᠠᠭ᠎ᠠ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠬᠤᠯᠪᠣᠭ᠎ᠠ ᠶᠢᠨ ᠬᠠᠮᠲᠤᠷᠠᠭᠰᠠᠨ ᠬᠤᠷᠠᠯ ᠬᠤᠷᠠᠯᠳᠤᠪᠠ᠃ ᠬᠠᠮᠲᠤᠷᠠᠭᠰᠠᠨ ᠬᠤᠷᠠᠯ ᠤᠨ ᠪᠦᠷᠢᠯᠳᠦᠬᠦᠨ ᠨᠢᠭᠡᠴᠢ᠂ 8 + N ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ᠂ ᠡᠯ᠎ᠡ ᠵᠡᠭᠡᠯᠢ ᠭᠤᠳᠤᠮᠵᠢ ᠪᠠ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠬᠡ ᠶᠢᠨ ᠭᠠᠵᠠᠷ᠂ ᠡᠯ᠎ᠡ ᠰᠠᠶᠢᠨ ᠳᠤᠷ᠎ᠠ ᠶᠢᠨ ᠦᠢᠯᠡᠴᠢᠯᠡᠬᠡᠨ ᠤ ᠵᠣᠬᠢᠶᠠᠨ ᠪᠠᠶᠢᠭᠤᠯᠤᠯᠲᠠ ᠵᠢᠴᠢ ᠰᠢᠯᠢᠳᠡᠭ ᠰᠠᠶᠢᠨ ᠲᠤᠷᠠᠴᠤᠳ ᠬᠤᠷᠠᠯ ᠳᠤ ᠣᠷᠣᠯᠴᠠᠪᠠ᠃
    ᠬᠤᠷᠠᠯ ᠠᠴᠠ ︽ᠬᠥᠨᠳᠡᠯᠡᠨ ᠲᠣᠭᠤᠷᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠬᠤᠯᠪᠣᠭ᠎ᠠ ᠶᠢᠨ ᠠᠵᠢᠯ ᠤᠨ ᠲᠦᠷᠢᠮ︾ ᠵᠢᠴᠢ ᠲᠤᠭᠤᠷᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠬᠤᠯᠪᠣᠭ᠎ᠠ ᠶᠢᠨ ᠨᠠᠷᠢᠨ ᠪᠢᠴᠢᠭ ᠤᠨ ᠳᠠᠷᠤᠭ᠎ᠠ᠂ ᠨᠠᠷᠢᠨ ᠪᠢᠴᠢᠭ ᠤᠨ ᠳᠡᠳ᠋ ᠳᠠᠷᠤᠭ᠎ᠠ ᠶᠢᠨ ᠨᠡᠷᠡᠰ ᠢ ᠬᠢᠨᠠᠨ ᠵᠥᠪᠯᠡᠵᠦ ᠪᠠᠲᠤᠯᠠᠪᠠ︔ 2022 ᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ ᠰᠢᠯᠢᠳᠡᠭ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ᠂ ᠰᠢᠯᠢᠳᠡᠭ ᠰᠠᠶᠢᠨ ᠲᠤᠷᠠᠴᠤᠳ ᠢ ᠬᠥᠬᠢᠭᠦᠯᠦᠨ ᠰᠠᠶᠢᠰᠢᠶᠠᠬᠰᠠᠨ ᠪᠦᠬᠡᠳ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠬᠤᠯᠪᠣᠭ᠎ᠠ ᠳᠤ ᠬᠦᠨᠳᠦᠳᠭᠡᠯ ᠲᠡᠪᠰᠢᠬᠦᠯᠬᠦ ᠶᠤᠰᠤᠯᠠᠯ ᠶᠠᠪᠤᠬᠳᠠᠭᠤᠯᠪᠠ᠃ ᠡᠯ᠎ᠡ ᠵᠡᠭᠡᠯᠢ ᠭᠤᠳᠤᠮᠵᠢ ᠪᠠᠯᠭᠠᠰᠤ᠂ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ᠂ ᠲᠣᠭᠤᠷᠢᠭ ᠤᠨ ᠣᠶᠤᠨ ᠤ ᠪᠣᠯᠪᠠᠰᠤᠨ ᠤ ᠪᠠᠶᠢᠭᠤᠯᠤᠯᠳᠠ ᠶᠢᠨ ᠵᠦᠪᠯᠡᠯ ᠤᠨ ᠠᠯᠪᠠᠨ ᠬᠡᠷ ᠪᠣᠯᠤᠨ ᠰᠠᠶᠢᠨ ᠳᠤᠷ᠎ᠠ ᠶᠢᠨ ᠦᠢᠯᠡᠴᠢᠯᠡᠬᠡᠨ ᠤ ᠵᠣᠬᠢᠶᠠᠨ ᠪᠠᠶᠢᠭᠤᠯᠤᠯᠲᠠ ᠶᠢᠨ ᠬᠤᠯᠪᠣᠭ᠎ᠠ ᠲᠣᠰ ᠲᠣᠰ ᠬᠠᠪᠰᠤᠷᠤᠯᠴᠠᠭ᠎ᠠ ᠪᠠᠶᠢᠭᠤᠯᠤᠨ ᠬᠠᠮᠲᠤ ᠪᠠᠷ ᠪᠠᠶᠢᠭᠤᠯᠬᠤ ᠬᠠᠮᠲᠤᠷᠠᠯᠴᠠᠭᠠᠨ ᠤ ᠲᠥᠷᠥᠯ ᠵᠦᠢᠯ ᠳᠤ ᠭᠠᠷ ᠤᠨ ᠥᠰᠥᠭ ᠵᠢᠷᠤᠪᠠ᠃     ᠳᠠᠷᠠᠭ᠎ᠠ ᠨᠢ᠂ ᠰᠢᠯᠢᠳᠡᠭ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠲᠥᠯᠥᠭᠡᠯᠡᠭᠴᠢ ︽ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠬᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠬᠡᠷᠬᠢᠨ ᠰᠠᠶᠢᠲᠤᠷ ᠬᠢᠬᠦ︾ ᠶᠢᠨ ᠲᠣᠭᠤᠷᠢᠨ ᠳᠤ ᠰᠠᠨᠠᠯ ᠢᠶᠠᠨ ᠰᠣᠯᠢᠯᠴᠠᠬᠤ ᠦᠭᠡ ᠬᠡᠯᠡᠪᠡ᠃     ᠣᠶᠢᠯᠠᠭᠠᠭᠰᠠᠨ ᠢᠶᠠᠷ᠂ ᠬᠥᠨᠳᠡᠯᠡᠨ ᠲᠣᠭᠤᠷᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠬᠤᠯᠪᠣᠭ᠎ᠠ ᠪᠣᠯ ᠪᠤᠭᠤᠲᠤ ᠬᠤᠲᠠ ᠶᠢᠨ ᠠᠩᠬᠠᠳᠠᠭᠴᠢ ᠰᠠᠶᠢᠨ ᠳᠤᠷ᠎ᠠ ᠶᠢᠨ ᠦᠢᠯᠡᠴᠢᠯᠡᠬᠡᠨ ᠤ ᠵᠤᠬᠢᠶᠠᠨ ᠪᠠᠶᠢᠭᠤᠯᠤᠯᠳᠠ ᠶᠢᠨ ᠬᠤᠯᠪᠣᠭ᠎ᠠ ᠪᠠᠶᠢᠵᠤ᠂ ᠪᠥᠬᠦ ᠲᠤᠭᠤᠷᠢᠭ ᠤᠨ ᠰᠠᠶᠢᠨ ᠳᠤᠷ᠎ᠠ ᠶᠢᠨ ᠦᠢᠯᠡᠴᠢᠯᠡᠬᠡᠨ ᠤ ᠬᠦᠴᠦᠨ ᠢ ᠨᠢᠭᠲᠠᠷᠠᠭᠤᠯᠵᠤ᠂ ᠰᠠᠶᠢᠨ ᠳᠤᠷ᠎ᠠ ᠶᠢᠨ ᠦᠢᠯᠡᠴᠢᠯᠡᠬᠡᠨ ᠤ ᠠᠵᠢᠯ ᠤᠨ ᠬᠢᠷᠢ ᠲᠦᠪᠰᠢᠨ ᠤ ᠲᠠᠰ ᠳᠡᠪᠰᠢᠬᠦ ᠶᠢ ᠦᠷᠭᠦᠯᠵᠢᠯᠡᠨ ᠠᠬᠢᠭᠤᠯᠬᠤ ᠪᠠᠷ ᠵᠤᠷᠢᠯᠭ᠎ᠠ ᠪᠠᠨ ᠪᠤᠯᠭᠠᠬᠰᠠᠨ ᠶᠤᠮ᠃ ᠲᠠᠷᠠᠭᠠᠴᠢ ᠶᠢᠨ ᠠᠯᠬᠤᠮ ᠳᠤ᠂ ᠬᠥᠨᠳᠡᠯᠡᠨ ᠲᠣᠭᠤᠷᠢᠭ ᠰᠠᠶᠢᠨ ᠳᠤᠷ᠎ᠠ ᠶᠢᠨ ᠦᠢᠯᠡᠴᠢᠯᠡᠬᠡᠨ ᠤ ᠵᠤᠬᠢᠶᠠᠨ ᠪᠠᠶᠢᠭᠤᠯᠤᠯᠳᠠ ᠶᠢᠨ ᠬᠤᠯᠪᠣᠭ᠎ᠠ ᠪᠠᠷ ᠭᠠᠷᠳᠠᠴᠠ ᠪᠣᠯᠭᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠪᠦᠷᠢᠯᠳᠦᠬᠦᠨ ᠤ ᠬᠠᠮᠲᠤᠷᠠᠭᠰᠠᠨ ᠬᠤᠷᠠᠯ ᠢ ᠬᠤᠷᠠᠯᠳᠤᠭᠤᠯᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠬᠦᠷᠢᠶ᠎ᠡ ᠶᠢ ᠥᠷᠭᠡᠳᠬᠡᠵᠦ᠂ ᠰᠠᠶᠢᠨ ᠳᠤᠷ᠎ᠠ ᠶᠢᠨ ᠦᠢᠯᠡᠴᠢᠯᠡᠭᠡᠨ ᠤ ᠲᠦᠷᠦᠯ ᠲᠡᠮᠳᠡᠭ ᠢ ᠡᠭᠦᠳᠴᠦ᠂ ᠪᠦᠲᠦᠮᠵᠢᠲᠡᠶ ᠨᠡᠪᠲᠡᠷᠡᠯᠴᠡᠬᠦ ᠲᠠᠪᠴᠠᠩ ᠢ ᠪᠠᠶᠢᠭᠤᠯᠵᠤ᠂ ᠬᠥᠨᠳᠡᠯᠡᠨ ᠲᠣᠭᠤᠷᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠦᠢᠯᠡᠰ ᠤᠨ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠵᠦ᠂ ᠪᠤᠭᠤᠲᠤ ᠬᠤᠲᠠ ᠶᠢᠨ ︽ᠰᠠᠶᠢᠨ ᠳᠤᠷ᠎ᠠ ᠶᠢᠨ ᠦᠢᠯᠡᠴᠢᠯᠡᠭᠡᠨ ᠤ ᠬᠤᠲᠠ︾ ᠶᠢ ᠡᠭᠦᠳᠦᠨ ᠪᠠᠶᠢᠭᠤᠯᠬᠤ ᠶᠢ ᠠᠬᠢᠭᠤᠯᠬᠤ ᠳᠤ ᠬᠥᠨᠳᠡᠯᠡᠨ ᠲᠣᠭᠤᠷᠢᠭ ᠤᠨ ᠬᠦᠴᠦᠨ ᠴᠢᠳᠠᠯ ᠢ ᠡᠷᠭᠦᠨ᠎ᠡ᠃ ︵ᠢᠷᠡᠯᠲᠡ᠄ ᠲᠤᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ  ᠦᠢᠯᠡᠳᠦᠯᠬᠡ ᠶᠢᠨ ᠦᠢᠯᠡᠴᠢᠯᠡᠭᠡᠨ ᠤ ᠲᠥᠪ︶  
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号