ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠤᠮᠤ ᠬᠡᠷᠡᠭ ᠶᠠᠪᠤᠳᠠᠯ ᠤᠨ ᠲᠡᠮᠳᠡᠭᠯᠡᠯ  ︵2023 ᠣᠨ ᠤ 5 — 6 ᠰᠠᠷ᠎ᠠ︶
ᠨᠡᠶᠢᠲᠡᠯᠡᠭᠰᠡᠨ ᠴᠠᠭ᠄
2023/7/25
      ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠤᠮᠤ ᠬᠡᠷᠡᠭ ᠶᠠᠪᠤᠳᠠᠯ ᠤᠨ ᠲᠡᠮᠳᠡᠭᠯᠡᠯ                      ︵2023 ᠣᠨ ᠤ 5 — 6 ᠰᠠᠷ᠎ᠠ︶           5 ᠰᠠᠷ᠎ᠠ ᠶᠢᠨ 2 ᠤᠨ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠲᠢᠶᠠᠨ ᠬᠤᠩ ᠴᠧᠩ ᠨᠡᠷ ᠪᠤᠯᠪᠠᠰᠤᠨ ᠬᠤᠳᠠ ᠶᠢ ᠡᠭᠦᠳᠦᠨ ᠪᠠᠶᠢᠭᠤᠯᠬᠤ ᠡᠷᠡᠬᠦᠯ ᠬᠠᠮᠠᠭᠠᠯᠠᠯ ᠤᠨ ᠬᠤᠳᠠ  ᠶᠢ ᠡᠬᠦᠳᠦᠨ ᠪᠠᠶᠢᠭᠤᠯᠬᠤ ᠵᠢᠴᠢ ᠠᠶᠤᠯᠭᠦᠢ ᠦᠢᠯᠡᠳᠪᠦᠷᠢᠯᠡᠯ ᠤᠨ ᠠᠵᠢᠯ ᠢ ᠲᠠᠯᠳᠠᠭᠤᠷ ᠪᠠᠶᠢᠴᠠᠭᠠᠵᠤ ᠱᠠᠯᠠᠪᠳᠠᠭᠤᠯᠤᠨ ᠵᠢᠯᠣᠭᠤᠳᠪᠠ᠃ ᠲᠢᠶᠠᠨ ᠬᠤᠩ ᠴᠧᠩ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠯᠠᠨ ᠨᠡᠶᠢᠲᠡ ᠶᠢᠨ ᠲᠠᠯᠠᠪᠤᠷ ᠤᠨ ᠡᠷᠡᠭᠦᠯ ᠬᠠᠮᠠᠭᠠᠯᠠᠯ ᠠᠷᠢᠭᠤᠳᠬᠠᠬᠤ᠂ ᠢᠳᠡᠭᠡᠨ ᠤ ᠠᠷᠢᠭᠤᠨ ᠴᠡᠪᠡᠷ ᠢ ᠬᠢᠨᠠᠨ ᠬᠡᠮᠵᠢᠬᠦ ᠵᠡᠷᠭᠡ ᠠᠵᠢᠯ ᠢ ᠦᠷᠭᠦᠯᠵᠢᠯᠡᠨ ᠴᠢᠩᠭᠠᠳᠬᠠᠵᠤ᠂ ᠪᠤᠯᠪᠠᠰᠤᠨ ᠬᠤᠳᠠ ᠶᠢ ᠡᠭᠦᠳᠦᠨ ᠪᠠᠶᠢᠭᠤᠯᠬᠤ ᠡᠷᠡᠬᠦᠯ ᠬᠠᠮᠠᠭᠠᠯᠠᠯ  ᠤᠨ ᠬᠤᠳᠠ ᠶᠢ ᠰᠢᠯᠭᠠᠨ ᠦᠨᠡᠯᠡᠬᠦ ᠭᠦᠢᠴᠡᠳᠬᠡᠯ ᠲᠤᠭ᠎ᠠ ᠶᠢᠨ ᠰᠢᠰᠲ᠋ᠧᠮ ᠲᠠᠢ ᠴᠢᠩᠭ᠎ᠠ ᠬᠠᠷᠭᠤᠭᠤᠯᠵᠤ᠂ ᠠᠯᠳᠠᠬᠳᠠᠯ ᠳᠤᠲᠠᠭᠳᠠᠯ ᠢᠶᠠᠨ ᠲᠦᠷᠭᠡᠨ ᠪᠠᠶᠢᠴᠠᠭᠠᠨ ᠨᠥᠬᠦᠪᠥᠷᠢᠯᠡᠵᠦ᠂ ᠡᠯ᠎ᠡ ᠵᠦᠢᠯ ᠤᠨ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ ᠬᠡᠵᠤ ᠴᠢᠩᠭᠠᠳᠬᠠᠪᠠ︔ ᠲᠣᠭᠤᠷᠢᠭ ᠤᠨ ᠤᠳᠤᠷᠢᠳᠤᠯᠭ᠎ᠠ ᠵᠠᠩ ᠬᠤᠸᠠ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠯᠲᠠ ᠳᠤ ᠣᠷᠣᠯᠴᠠᠪᠠ᠃     5 ᠰᠠᠷ᠎ᠠ ᠶᠢᠨ 7 ᠤ ᠡᠳᠦᠷ᠂ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠲᠢᠶᠠᠨ ᠬᠤᠩ ᠴᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2023 ᠣᠨ ᠤ 6 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠵᠠᠶ ᠶᠦᠨ ᡂᠢ᠂ ᠯᠢ ᠵᠥᠩ᠂ ᠵᠠᠩ ᠬᠤᠸᠠ᠂ ᠶᠠᠩ ᠶᠦᠩ᠂ ᠯᠢ ᠬᠤᠩ ᠢᠦᠶ᠂ ᠰᠢᠶᠧ ᠵᠢᠶᠦ᠋ᠨ ᠵᠢᠶᠧ᠂ ᠵᠣᠣ ᠲᠠᠢ ᠰᠢᠶᠠᠨ᠂ ᠵᠧᠤ ᠬᠠᠶ ᠹᠸᠢ᠂ ᠯᠢ ᠸᠧᠶ ᠬᠤᠷᠠᠯ ᠳᠤ ᠣᠷᠣᠯᠴᠠᠪᠠ᠃ ᠬᠤᠷᠠᠯ ᠠᠴᠠ ︽ᠪᠤᠭᠤᠲᠤ ᠶᠢᠨ ᠲᠡᠮᠦᠷᠯᠢᠭ ᠢ ᠨᠠᠷᠢᠯᠢᠭ ᠡᠳ᠋ᠰᠢᠭᠦᠯᠬᠦ ᠬᠦᠷᠢᠶᠡᠯᠡᠩ ᠲᠣᠭᠤᠷᠢᠭ ᠤᠨ ᠪᠣᠬᠢᠷᠲᠤᠯ ᠥᠬᠡᠶ ᠰᠢᠨ᠎ᠡ ᠡᠨᠧᠷᠭᠢ ᠶᠢᠨ ᠪᠠᠭ᠎ᠠ ᠨᠡᠭᠦᠷᠡᠰᠦᠲᠥ᠋ᠷᠥᠭᠴᠢᠲᠦ ᠡᠷᠬᠢᠯᠳᠡᠳᠤ ᠠᠵᠤ ᠠᠬᠤᠶ ᠶᠢᠨ ᠠᠵᠤ ᠦᠶᠯᠡᠰ ᠤᠨ ᠬᠦᠷᠢᠶᠡᠯᠡᠩ ᠲᠣᠭᠤᠷᠢᠭ ᠤᠨ ᠦᠶᠯᠡᠳᠪᠦᠷᠢ ᠶᠢᠨ ᠡᠮᠦᠨᠡᠬᠢ ᠲᠣᠭᠤᠷᠢᠭ ᠵᠢᠴᠢ ᠢᠵᠢ ᠪᠥᠷᠢᠳᠦᠭᠦᠯᠬᠦ ᠲᠥᠷᠥᠯ ᠵᠦᠶᠯ ᠤᠨ ᠬᠡᠷᠡᠭᠵᠢᠭᠦᠯᠬᠦ ᠲᠥᠰᠦᠯ ︵ᠬᠦᠷᠬᠡᠨ ᠬᠢᠨᠠᠭᠤᠯᠬᠤ ᠨᠤᠤᠷᠠᠭ︶︾᠂ ︽ᠲᠡᠮᠦᠷᠯᠢᠭ ᠢ ᠨᠠᠷᠢᠯᠢᠭ ᠡᠳ᠋ᠰᠢᠭᠦᠯᠬᠦ ᠬᠦᠷᠢᠶᠡᠯᠡᠩ ᠲᠣᠭᠤᠷᠢᠭ ᠤᠨ 2023 ᠣᠨ ᠤ ᠢᠵᠢ ᠪᠥᠷᠢᠳᠦᠭᠦᠯᠬᠦ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠤᠨ ᠬᠡᠷᠡᠭᠵᠢᠭᠦᠯᠬᠦ ᠲᠥᠰᠦᠯ ︵ᠬᠦᠷᠬᠡᠨ ᠬᠢᠨᠠᠭᠤᠯᠬᠤ ᠨᠤᠤᠷᠠᠭ︶︾ ᠢ ᠰᠤᠳᠤᠯᠤᠨ ᠬᠢᠨᠠᠨ ᠵᠥᠪᠯᠡᠪᠡ︔ ᠰᠦᠵᠧᠦ ᠶᠢᠨ ᠱᠢ ᠵᠢᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠴᠠᠭᠠᠳᠤ ᠬᠢᠵᠠᠭᠠᠷᠲᠤ ᠺᠣᠮᠫᠠᠨᠢ ᠶᠢᠨ 10GW + 10GW ᠤᠨ ᠥᠨᠳᠥᠷ ᠪᠦᠲᠦᠮᠵᠢᠲᠡᠶ N ᠬᠡᠯᠪᠡᠷᠢ ᠶᠢᠨ ᠲᠠᠩ ᠲᠠᠯᠠᠰᠲᠤ TOPCon ᠨᠡᠷᠡᠨ ᠡᠨᠧᠷᠭᠢ ᠶᠢᠨ ᠳ᠋ᠢᠶᠠᠨ ᡂᠢ ᠶᠢᠨ ᠦᠶᠯᠡᠳᠪᠦᠷᠢᠯᠡᠯ ᠤᠨ ᠲᠥᠷᠥᠯ ᠵᠦᠶᠯ ᠤᠨ ᠪᠠᠯᠠ ᠣᠷᠣᠭᠤᠯᠤᠯᠲᠠ ᠶᠢᠨ ᠵᠥᠪᠯᠡᠯᠴᠡᠭᠡᠷ ᠤᠨ ᠬᠤᠯᠪᠣᠭᠳᠠᠯ ᠪᠥᠬᠦᠶ ᠵᠦᠶᠯᠡᠰ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃     5 ᠰᠠᠷ᠎ᠠ ᠶᠢᠨ 10 ᠤ ᠡᠳᠦᠷ᠂ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠲᠢᠶᠠᠨ ᠬᠤᠩ ᠴᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2023 ᠣᠨ ᠤ 7 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠯᠢ ᠵᠥᠩ᠂ ᠭᠤᠤ ᠢᠦᠶ ᠫᠦ᠋᠂ ᠵᠠᠩ ᠬᠤᠸᠠ᠂ ᠶᠠᠩ ᠶᠦᠩ᠂ ᠸᠠᠩ ᠰᠢᠤ ᠵᠢᠤᠸᠠᠨ᠂ ᠯᠢ ᠬᠤᠩ ᠢᠦᠶ᠂ ᠰᠢᠶᠧ ᠵᠢᠶᠦ᠋ᠨ ᠵᠢᠶᠧ᠂ ᠵᠣᠣ ᠲᠠᠢ ᠰᠢᠶᠠᠨ᠂ ᠯᠢ ᠸᠧᠶ ᠬᠤᠷᠠᠯ ᠳᠤ ᠣᠷᠣᠯᠴᠠᠪᠠ᠃ ᠬᠤᠷᠠᠯ ᠠᠴᠠ ᠲᠣᠭᠤᠷᠢᠭ ᠤᠨ ᠵᠠᠰᠠᠭ ᠤᠨ ᠣᠷᠳᠣᠨ ᠤ ᠬᠡᠰᠡᠭ ᠤᠳᠤᠷᠢᠳᠤᠯᠭ᠎ᠠ ᠶᠢᠨ ᠠᠵᠢᠯ ᠤᠨ ᠬᠤᠪᠢᠶᠠᠷᠢᠯᠠᠯ ᠳᠤ ᠲᠤᠬᠢᠷᠠᠭᠤᠯᠤᠯᠳᠠ ᠬᠢᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃     5 ᠰᠠᠷ᠎ᠠ ᠶᠢᠨ 10 ᠤ ᠡᠳᠦᠷ᠂ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠲᠢᠶᠠᠨ ᠬᠤᠩ ᠴᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2023 ᠣᠨ ᠤ 8 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠯᠢ ᠵᠥᠩ᠂ ᠵᠦ ᠮᠧᠩ᠂ ᠵᠠᠩ ᠬᠤᠸᠠ᠂ ᠶᠠᠩ ᠶᠦᠩ᠂ ᠸᠠᠩ ᠰᠢᠤ ᠵᠢᠤᠸᠠᠨ᠂ ᠵᠣᠣ ᠲᠠᠢ ᠰᠢᠶᠠᠨ᠂ ᠵᠧᠤ ᠬᠠᠶ ᠹᠸᠢ᠂ ᠯᠢ ᠸᠧᠶ ᠬᠤᠷᠠᠯ ᠳᠤ ᠣᠷᠣᠯᠴᠠᠪᠠ᠃ ᠬᠤᠷᠠᠯ ᠠᠴᠠ ᠠᠵᠢᠯᠳᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠨᠢ ᠪᠠᠭᠤᠯᠭᠠᠬᠤ ᠬᠠᠮᠢᠶ᠎ᠠ ᠪᠦᠬᠦᠢ ᠶᠠᠪᠤᠳᠠᠯ ᠢ ᠰᠤᠳᠤᠯᠪᠠ︔ ᠳᠤᠮᠳᠠᠳᠤ ᠤᠯᠤᠰ ᠤᠨ ᠪᠠᠩᠬᠢ᠂ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠵᠢᠭᠡᠯᠡᠯᠭᠡ ᠶᠢᠨ ᠡᠬᠡ ᠮᠥᠩᠭᠦ ᠶᠢ ᠲᠦᠯᠦᠬᠦ ᠬᠤᠯᠪᠣᠭᠳᠠᠯ ᠪᠦᠬᠦᠢ ᠶᠠᠪᠤᠳᠠᠯ ᠤᠨ ᠲᠤᠬᠠᠢ ᠬᠠᠷᠢᠭᠤ ᠮᠡᠳᠡᠭᠦᠯᠦᠯᠲᠡ᠂ ᠪᠦᠲᠦᠭᠡᠨ ᠪᠠᠶᠢᠭᠤᠯᠤᠯᠲᠠ ᠶᠢᠨ ᠪᠠᠩᠬᠢ᠂ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ᠵᠡᠷᠭᠡ ᠪᠠᠩᠬᠢ ᠶᠢᠨ ᠵᠢᠭᠡᠯᠡᠯᠭᠡ ᠶᠢᠨ ᠬᠦᠦ ᠮᠥᠩᠭᠦ ᠶᠢ ᠲᠦᠯᠦᠬᠦ ᠬᠤᠯᠪᠣᠭᠳᠠᠯ ᠪᠦᠬᠦᠢ ᠶᠠᠪᠤᠳᠠᠯ ᠤᠨ ᠲᠤᠬᠠᠢ ᠬᠠᠷᠢᠭᠤ ᠮᠡᠳᠡᠭᠦᠯᠦᠯᠲᠡ᠂ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ᠵᠢᠴᠢ ᠪᠦᠲᠦᠭᠡᠨ ᠪᠠᠶᠢᠭᠤᠯᠤᠯᠲᠠ ᠶᠢᠨ ᠪᠠᠩᠬᠢ ᠶᠢᠨ ᠬᠦᠦ ᠮᠥᠩᠭᠦ ᠶᠢ ᠲᠦᠯᠦᠬᠦ ᠲᠤᠬᠠᠢ ᠬᠠᠷᠢᠭᠤ ᠮᠡᠳᠡᠭᠦᠯᠦᠯᠲᠡ᠂ ᠬᠤᠳᠠᠯᠳᠤᠭᠠᠨ ᠤ ᠪᠠᠩᠬᠢ ᠠᠴᠠ ᠵᠢᠭᠡᠯᠡᠯᠭᠡ ᠰᠣᠯᠢᠬᠤ ᠪᠠᠷ ᠭᠤᠶᠤᠴᠢᠯᠠᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃       5 ᠰᠠᠷ᠎ᠠ ᠶᠢᠨ 14 ᠤ ᠡᠳᠦᠷ᠂ ᠬᠥᠨᠳᠡᠯᠡᠨ ᠲᠣᠭᠤᠷᠢᠭ ᠪᠥᠬᠦ ᠲᠣᠭᠤᠷᠢᠭ ᠤᠨ ᠬᠦᠨᠳᠦ ᠶᠡᠭᠡ ᠠᠳᠡᠯ ᠤᠨ ᠬᠡᠮ ᠰᠤᠭᠤᠭ ᠢ ᠲᠤᠰᠬᠠᠶ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯᠯᠠᠭ᠎ᠠ ᠶᠢᠨ ᠪᠠᠶᠢᠷᠢᠯᠠᠭᠤᠯᠤᠯᠲᠠ ᠶᠢᠨ ᠠᠵᠢᠯ ᠤᠨ ᠬᠤᠷᠠᠯ ᠵᠢᠴᠢ ᠠᠶᠤᠯᠬᠦᠢ ᠦᠶᠯᠡᠳᠪᠦᠷᠢᠯᠡᠯ ᠤᠨ ᠠᠵᠢᠯ ᠤᠨ ᠬᠤᠷᠠᠯ ᠬᠤᠷᠠᠯᠳᠤᠭᠤᠯᠵᠤ᠂ ᠲᠠᠷᠠᠭᠠᠴᠢ ᠶᠢᠨ ᠱᠠᠲᠤᠨ ᠤ ᠠᠶᠤᠯᠬᠦᠢ ᠦᠶᠯᠡᠳᠪᠦᠷᠢᠯᠡᠯ ᠤᠨ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠲᠣᠭᠤᠷᠢᠭ ᠤᠨ ᠳᠠᠷᠤᠭ᠎ᠠ ᠲᠢᠶᠠᠨ ᠬᠤᠩ ᠴᠧᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠪᠠᠶᠢᠩᠭᠤ ᠶᠢᠨ ᠳᠡᠳ᠋ ᠳᠠᠷᠤᠭ᠎ᠠ᠂ ᠪᠤᠭᠤᠲᠤ ᠶᠢᠨ ᠪᠣᠯᠣᠳ ᠲᠡᠮᠦᠷ ᠲᠠᠮᠦᠷᠯᠢᠭ ᠬᠠᠶᠢᠯᠤᠭᠤᠯᠬᠤ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠯᠢ ᠵᠥᠩ ᠬᠤᠷᠠᠯ ᠢ ᠡᠷᠭᠢᠯᠡᠪᠡ᠃ ᠬᠤᠷᠠᠯ ᠠᠴᠠ ︽ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠶᠤᠯᠬᠦᠢ ᠦᠶᠯᠡᠳᠪᠦᠷᠢᠯᠡᠯ ᠤᠨ ᠵᠥᠪᠯᠡᠯ ᠤᠨ ᠵᠢᠯ ᠤᠨ ᠡᠴᠦᠰ ᠣᠨ ᠤ ᠡᠬᠢᠨ ᠤ ᠠᠶᠤᠯᠬᠦᠢ ᠦᠶᠯᠡᠳᠪᠦᠷᠢᠯᠡᠯ ᠤᠨ ᠬᠦᠨᠳᠦ ᠶᠡᠭᠡ ᠬᠡᠮ ᠰᠣᠭᠤᠭ ᠢ ᠲᠤᠰᠬᠠᠶ ᠴᠡᠭᠴᠡᠯᠡᠨ ᠵᠠᠰᠠᠬᠰᠠᠨ ᠪᠠ ᠬᠢᠨᠠᠨ ᠵᠢᠯᠣᠭᠤᠳᠴᠤ ᠪᠠᠶᠢᠴᠠᠭᠠᠬᠰᠠᠨ ᠠᠵᠢᠯ ᠤᠨ ᠪᠠᠶᠢᠳᠠᠯ ᠤᠨ ᠲᠤᠬᠠᠶ ᠵᠠᠷᠯᠠᠯ︾ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠲᠣᠭᠤᠷᠢᠭ ᠤᠨ ᠠᠶᠤᠯᠬᠦᠢ ᠦᠶᠯᠡᠳᠪᠦᠷᠢᠯᠡᠯ ᠤᠨ ᠠᠵᠢᠯ ᠢ ᠥᠷᠨᠢᠭᠦᠯᠦᠭᠰᠡᠨ ᠪᠠᠶᠢᠳᠠᠯ ᠢ ᠵᠠᠷᠯᠠᠨ ᠮᠡᠳᠡᠭᠳᠡᠵᠦ᠂ ︽ᠬᠥᠨᠳᠡᠯᠡᠨ ᠲᠣᠭᠤᠷᠢᠭ ᠤᠨ 2023 ᠣᠨ ᠤ ᠬᠦᠨᠳᠦ ᠶᠡᠭᠡ ᠠᠳᠡᠯ ᠤᠨ ᠬᠡᠮ ᠰᠣᠭᠤᠭ ᠢ ᠲᠤᠰᠬᠠᠶ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠢ ᠤᠯᠠᠮᠵᠢᠯᠠᠪᠠ᠃ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠬᠦ ᠪᠦᠷᠢᠯᠳᠦᠬᠦᠨ ᠵᠢᠴᠢ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠪᠦᠬᠦ ᠪᠦᠷᠢᠯᠳᠦᠬᠦᠨ ᠨᠢᠭᠡᠴᠢ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃       5 ᠰᠠᠷ᠎ᠠ ᠶᠢᠨ 15 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠲᠢᠶᠠᠨ ᠬᠤᠩ ᠴᠧᠩ ᠨᠡᠷ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠭᠤᠤᠯᠳᠠᠯᠭ᠎ᠠ ᠲᠠᠢ ᠲᠥᠷᠥᠯ ᠵᠦᠶᠯ ᠤᠨ ᠠᠵᠢᠯ ᠢ ᠪᠠᠶᠢᠴᠠᠭᠠᠨ ᠰᠤᠳᠤᠯᠪᠠ᠃ ᠲᠢᠶᠠᠨ ᠬᠤᠩ ᠴᠧᠩ᠂ ᠶᠡᠷᠦᠩᠬᠡᠶᠢᠯᠡᠨ ᠰᠤᠳᠤᠯᠬᠤ ᠶᠢ    ᠪᠠᠷᠢᠮᠲᠠᠯᠠᠵᠤ᠂ ᠲᠤᠬᠠᠢ ᠶᠢᠨ ᠲᠠᠯᠠᠪᠠᠢ ᠶᠢᠨ ᠬᠠᠶᠢᠨ ᠪᠠᠶᠢᠴᠠᠭᠠᠯᠲᠠ ᠶᠢ ᠭᠦᠢᠴᠡᠳ ᠰᠠᠶᠢᠲᠤᠷ ᠬᠢᠵᠦ᠂ ᠰᠠᠭᠤᠭᠠᠯᠢ ᠠᠷᠠᠳ ᠤᠨ ᠪᠣᠳᠠᠲᠠᠢ ᠬᠡᠷᠡᠭᠴᠡᠭᠡ ᠶᠢ ᠦᠨᠳᠦᠰᠦᠯᠡᠨ ᠤᠯᠠᠨ ᠨᠡᠶᠢᠲᠡ ᠶᠢᠨ ᠦᠢᠯᠡᠴᠢᠯᠡᠭᠡᠨ ᠤ ᠲᠤᠨᠤᠭ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠡᠯ᠎ᠡ ᠲᠦᠷᠦᠯ ᠵᠦᠢᠯ ᠤᠨ ᠬᠠᠮᠤᠭ ᠤᠨ ᠶᠡᠭᠡ ᠦᠷ᠎ᠡ ᠠᠰᠢᠭ ᠢ ᠪᠠᠳᠠᠷᠠᠭᠤᠯᠬᠤ ᠶᠢ ᠪᠠᠲᠤᠯᠠᠵᠤ᠂ ᠬᠤᠳᠠ ᠶᠢᠨ ᠢᠷᠡᠭᠡᠳᠦᠢ ᠶᠢᠨ ᠬᠥᠭᠵᠢᠯᠲᠡ ᠶᠢᠨ ᠬᠡᠷᠡᠭᠴᠡᠭᠡ ᠶᠢ ᠬᠠᠩᠭᠠᠬᠤ ᠬᠡᠷᠡᠭᠲᠡᠢ ᠬᠡᠵᠤ ᠴᠢᠬᠤᠯᠠᠴᠢᠯᠠᠪᠠ᠃ ᠲᠣᠭᠤᠷᠢᠭ ᠤᠨ ᠳᠡᠳ᠋ ᠳᠠᠷᠤᠭ᠎ᠠ ᠶᠠᠩ ᠶᠦᠩ ᠵᠢᠴᠢ ᠬᠤᠯᠪᠣᠭᠳᠠᠯ ᠪᠥᠬᠦᠶ ᠨᠢᠭᠡᠴᠢ ᠶᠢᠨ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠪᠠ᠃     5 ᠰᠠᠷ᠎ᠠ ᠶᠢᠨ 16 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠠᠴᠠ ᠭᠤᠤᠯᠯᠠᠨ ᠡᠷᠭᠢᠯᠡᠵᠦ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ᠂ ᠬᠥᠨᠳᠡᠯᠡᠨ ᠲᠣᠭᠤᠷᠢᠭ ᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠪᠠ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠠᠴᠠ ᠬᠠᠮᠲᠤᠷᠠᠨ ᠳᠠᠭᠠᠭᠠᠵᠤ ᠡᠷᠭᠢᠯᠡᠭᠰᠡᠨ ᠪᠤᠭᠤᠲᠤ ᠬᠤᠲᠠ ᠶᠢᠨ ᠶᠡᠭᠡ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠨᠢᠭᠡ ᠴᠣᠭᠴᠠᠵᠢᠭᠤᠯᠤᠨ ᠪᠠᠶᠢᠭᠤᠯᠬᠤ ᠠᠬᠤᠶ ᠲᠠᠯᠠᠪᠠᠶ ᠶᠢᠨ ᠬᠤᠷᠠᠯ ᠨᠢᠭᠡᠳᠦᠭᠡᠷ ᠠᠵᠢᠯᠴᠢᠨ ᠤ ᠰᠣᠶᠣᠯ ᠤᠨ ᠣᠷᠳᠣᠨ ᠳᠤ ᠬᠤᠷᠠᠯᠳᠤᠪᠠ᠃ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠶᠦᠩ ᠯᠢ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠲᠢᠶᠠᠨ ᠬᠤᠩ ᠴᠧᠩ᠂ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ᠂ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠵᠦᠪᠯᠡᠯ ᠤᠨ ᠠᠯᠪᠠᠨ ᠭᠡᠷ ᠤᠨ ᠡᠷᠬᠢᠯᠡᠭᠴᠢ ᠱᠢ ᠯᠢ ᠨᠠ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶᠠᠨ ᠤ ᠳᠠᠷᠤᠭ᠎ᠠ ᠵᠠᠩ ᠸᠧᠨ ᠺᠧ᠂ ᠲᠣᠪᠴᠢᠶᠠᠨ ᠤ ᠳᠡᠳ᠋ ᠳᠠᠷᠤᠭ᠎ᠠ ᠯᠢᠦ ᠰᠢᠶᠣᠤ ᠷᠦᠩ᠂ ᠾᠧᠦ ᠵᠧᠨ ᠾᠧ᠂ ᠲᠣᠭᠤᠷᠢᠭ ᠤᠨ ᠤᠳᠤᠷᠢᠳᠤᠯᠭ᠎ᠠ ᠵᠠᠶ ᠶᠦᠨ ᡂᠢ᠂ ᠵᠠᠩ ᠵᠢᠶᠦ᠋ᠨ ᠪᠦᠦ᠂ ᠵᠠᠩ ᠭᠦᠸᠧ    ᠴᠢᠶᠠᠩ᠂ ᠵᠧᠤ ᠰᠢᠤᠸᠠᠢ ᠯᠢᠶᠠᠩ᠂ ᠢᠦᠶ ᠷᠦᠢ ᠴᠢᠩ᠂  ᠬᠤ᠋ ᠰᠢᠶᠠ᠂ ᠵᠠᠩ ᠬᠤᠸᠠ᠂ ᠨᠢᠤ ᠱᠢ ᠸᠠᠩ ᠶᠡᠭᠡ ᠬᠤᠷᠠᠯ ᠳᠤ ᠣᠷᠣᠯᠴᠠᠪᠠ᠃      5 ᠰᠠᠷ᠎ᠠ ᠶᠢᠨ 19 ᠤ ᠡᠳᠦᠷ᠂ ᠬᠥᠨᠳᠡᠯᠡᠨ ᠲᠣᠭᠤᠷᠢᠭ ᠤᠨ 2023 ᠣᠨ ᠤ ︽ᠬᠠᠶᠢᠷ᠎ᠠ ᠬᠠᠯᠠᠮᠵᠢ ᠶᠢ ᠬᠦᠷᠬᠡᠨ ᠬᠠᠯᠠᠭᠤᠨ ᠲᠤᠯᠠᠭᠠᠨ ᠢ ᠳᠠᠮᠵᠢᠭᠤᠯᠵᠤ᠂ ᠭᠠᠷ ᠬᠤᠯᠪᠣᠨ ᠦᠰᠦᠨ ᠪᠤᠶᠢᠵᠢᠵᠤ ᠰᠠᠶᠢᠨ ᠰᠠᠶᠢᠬᠠᠨ ᠢ ᠬᠠᠮᠲᠤ ᠪᠠᠷ ᠡᠳ᠋ᠯᠡᠬᠦ︾ ᠪᠥᠬᠦ ᠤᠯᠤᠰ ᠤᠨ ᠵᠡᠮᠳᠡᠭᠴᠦᠳ ᠢ ᠲᠤᠰᠠᠯᠠᠬᠤ ᠡᠳᠦᠷ ᠤᠨ ᠡᠳ᠋ ᠪᠤᠳᠠᠰ ᠬᠠᠨᠳᠢᠪᠯᠠᠬᠤ ᠠᠵᠢᠯᠯᠠᠭ᠎ᠠ ᠪᠤᠭᠤᠲᠤ ᠬᠤᠲᠠ ᠶᠢᠨ ᠨᠣᠮ ᠤᠨ ᠰᠠᠩ ᠳᠤ ᠶᠠᠪᠤᠭᠳᠠᠪᠠ᠃ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ ᠠᠴᠠ ᠪᠤᠭᠤᠲᠤ ᠬᠤᠲᠠ ᠶᠢᠨ ᠣᠨᠴᠠᠭᠠᠶ ᠰᠤᠷᠭᠠᠨ ᠬᠥᠮᠦᠵᠢᠯ ᠤᠨ ᠰᠤᠷᠭᠠᠭᠤᠯᠢ ᠳᠤ ᠭᠤᠷᠪᠠᠨ ᠲᠦᠮᠡ ᠭᠠᠷᠤᠶ ᠲᠥᠭᠦᠷᠢᠭ ᠤᠨ ᠥᠷᠲᠡᠭ ᠪᠥᠬᠦᠶ ᠬᠠᠶᠢᠷ᠎ᠠ ᠬᠠᠯᠠᠮᠵᠢ ᠶᠢᠨ ᠡᠳ᠋ ᠪᠣᠳᠠᠰ ᠬᠠᠨᠳᠢᠪᠯᠠᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠲᠢᠶᠠᠨ ᠬᠤᠩ ᠴᠧᠩ᠂ ᠪᠤᠭᠤᠲᠤ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠳᠡᠳ᠋ ᠳᠠᠷᠤᠭ᠎ᠠ ᠢᠦᠶ ᠾᠧ᠂ ᠲᠣᠭᠤᠷᠢᠭ ᠤᠨ ᠳᠡᠳ᠋ ᠳᠠᠷᠤᠭ᠎ᠠ ᠵᠠᠩ ᠬᠤᠸᠠ᠂ ᠸᠠᠩ ᠰᠢᠤ ᠵᠢᠤᠸᠠᠨ ᠠᠵᠢᠯᠯᠠᠭ᠎ᠠ ᠳᠤ ᠣᠷᠣᠯᠴᠠᠵᠠᠶ᠃      5 ᠰᠠᠷ᠎ᠠ ᠶᠢᠨ 20 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠲᠢᠶᠠᠨ ᠬᠤᠩ ᠴᠧᠩ ᠨᠡᠷ ᠭᠠᠯᠲᠤ ᠲᠡᠷᠭᠡᠨ ᠳᠤ ᠰᠠᠭᠤᠵᠤ ᠲᠣᠰ ᠲᠣᠰ ᠪᠤᠭᠤᠲᠤ ᠠᠴᠠ ᠯᠠᠨᠵᠧᠤ ᠬᠥᠷᠬᠦ᠂ ᠪᠤᠭᠤᠲᠤ ᠠᠴᠠ ᠪᠠᠶᠠᠨ ᠤᠪᠤᠭ᠎ᠠ ᠬᠥᠷᠬᠦ ᠱᠤᠭᠤᠮ ᠢ ᠳᠠᠭᠠᠵᠤ ᠲᠡᠮᠦᠷ ᠵᠠᠮ ᠳᠠᠭᠠᠤ ᠶᠢᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠲᠤᠬᠠᠶ ᠶᠢᠨ ᠭᠠᠵᠠᠷ ᠲᠤᠨᠢ ᠱᠠᠯᠠᠪᠳᠠᠭᠤᠯᠤᠨ ᠬᠦᠢᠴᠡᠳᠭᠡᠯᠭᠡᠵᠦ ᠪᠠᠶᠢᠴᠠᠭᠠᠨ ᠠᠬᠢᠭᠤᠯᠪᠠ᠃ ᠲᠢᠶᠠᠨ ᠬᠤᠩ ᠴᠧᠩ᠂ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠵᠡᠭᠡᠯᠢ ᠭᠤᠳᠤᠮᠵᠢ ᠶᠢᠨ ᠬᠢᠨ ᠲᠡᠮᠦᠷ ᠵᠠᠮ ᠪᠠ ᠣᠷᠣᠨ ᠨᠤᠲᠤᠭ ᠤᠨ ᠬᠠᠮᠵᠢᠯᠴᠠᠬᠤ ᠡᠷᠴᠢᠮ ᠢᠶᠠᠨ ᠴᠢᠩᠭᠠᠷᠠᠭᠤᠯᠵᠤ᠂ ᠲᠡᠮᠦᠷ ᠵᠠᠮ ᠤᠨ ᠰᠠᠯᠠᠭ᠎ᠠ ᠮᠥᠴᠢᠷ ᠯᠦᠭᠡ ᠬᠤᠯᠪᠣᠭᠠᠯᠠᠨ ᠵᠢᠵᠢᠭᠦᠷᠯᠡᠵᠦ ᠬᠤᠯᠪᠣᠭᠠᠯᠠᠨ ᠬᠥᠳᠡᠯᠦᠯᠴᠡᠬᠦ ᠪᠠᠨ ᠴᠢᠩᠭᠠᠳᠬᠠᠵᠤ᠂ ᠭᠤᠤᠯᠳᠠᠯᠭ᠎ᠠ ᠲᠠᠢ ᠬᠦᠴᠢᠷ ᠠᠰᠠᠭᠤᠳᠠᠯ ᠢ ᠬᠠᠮᠲᠤ ᠪᠠᠷ ᠡᠮᠬᠢᠯᠡᠵᠦ᠂ ᠬᠠᠮᠵᠢᠯᠴᠠᠨ ᠬᠦᠴᠦᠯᠡᠵᠦ᠂ ᠲᠡᠮᠦᠷ ᠵᠠᠮ ᠤᠨ ᠲᠡᠭᠡᠭᠡᠪᠦᠷᠢ ᠶᠢᠨ ᠠᠮᠤᠷ ᠲᠦᠪᠰᠢᠨ ᠪᠠ ᠬᠤᠲᠠ ᠶᠢᠨ ᠣᠷᠴᠢᠨ ᠲᠣᠭᠤᠷᠢᠨ ᠤ ᠶᠠᠰᠤ ᠴᠢᠨᠠᠷ ᠤᠨ ᠢᠯᠡᠳᠲᠡ ᠳᠡᠭᠡᠭᠰᠢᠯᠡᠬᠦ ᠶᠢ ᠪᠠᠲᠤᠯᠠᠬᠤ ᠬᠡᠷᠡᠭᠲᠡᠶ ᠭᠡᠵᠤ ᠴᠢᠬᠤᠯᠠᠴᠢᠯᠠᠪᠠ᠃ ᠲᠣᠭᠤᠷᠢᠭ ᠤᠨ ᠤᠳᠤᠷᠢᠳᠤᠯᠭ᠎ᠠ ᠵᠠᠢ ᠶᠦᠨ ᡂᠢ᠂ ᠵᠤᠤ ᠲᠠᠢ ᠰᠢᠶᠠᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠯᠲᠠ ᠳᠤ ᠣᠷᠣᠯᠴᠠᠪᠠ᠃      5 ᠰᠠᠷ᠎ᠠ ᠶᠢᠨ 23 ᠤ ᠡᠳᠦᠷ᠂ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠲᠢᠶᠠᠨ ᠬᠤᠩ ᠴᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2023 ᠣᠨ ᠤ 9 ᠳ᠋ᠤᠭᠡᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠯᠢ ᠵᠥᠩ᠂ ᠵᠦ ᠮᠧᠩ᠂ ᠭᠤᠤ ᠢᠦᠶ ᠫᠦ᠋᠂ ᠸᠠᠩ ᠰᠢᠤ ᠵᠢᠤᠸᠠᠨ᠂ ᠯᠢ ᠬᠤᠩ ᠢᠦᠶ᠂ ᠵᠧᠤ ᠬᠠᠶ ᠹᠸᠢ᠂ ᠯᠢ ᠸᠧᠶ ᠬᠤᠷᠠᠯ ᠳᠤ ᠣᠷᠣᠯᠴᠠᠪᠠ᠃ ᠬᠤᠷᠠᠯ ᠠᠴᠠ ︽ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠵᠧᠵᠢᠶᠠᠩ ᠤᠨ ᠯᠢᠩ ᠲᠦᠸᠧ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠴᠠᠭᠠᠳᠤ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠰᠢᠨ ᠪᠦᠦ ᠳᠡᠭᠡᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠶᠢᠨ ᠲᠡᠯᠡᠰᠳᠤ ᠪᠠᠯ ᠴᠢᠯᠠᠭᠤᠨ ᠠᠯᠺᠧᠨ ᠪᠦᠷᠬᠦᠪᠴᠢ ᠶᠢᠨ ᠢᠯᠴᠢ ᠳᠠᠮᠵᠢᠭᠤᠯᠬᠤ ᠰᠢᠨ᠎ᠡ ᠮᠠᠲ᠋ᠧᠷᠢᠶᠠᠯ ᠤᠨ ᠦᠢᠯᠡᠳᠪᠦᠷᠢᠯᠡᠯ ᠤᠨ ᠰᠠᠭᠤᠷᠢᠨ ᠤ ᠲᠦᠷᠦᠯ ᠵᠦᠢᠯ ᠤᠨ ᠪᠦᠳᠦᠭᠦᠪᠴᠢ ᠵᠥᠪᠯᠡᠯᠴᠡᠭᠡᠷ ︵ᠬᠦᠷᠭᠡᠨ ᠬᠢᠨᠠᠭᠤᠯᠬᠤ ᠨᠤᠤᠷᠠᠭ︶︾ ᠢ ᠰᠤᠳᠤᠯᠤᠨ ᠬᠢᠨᠠᠨ ᠵᠥᠪᠯᠡᠪᠡ︔ ᠬᠥᠨᠳᠡᠯᠡᠨ ᠲᠣᠭᠤᠷᠢᠭ ᠤᠨ ᠣᠷᠴᠢᠨ ᠲᠣᠭᠤᠷᠢᠨ ᠤ ᠡᠷᠡᠬᠦᠯ ᠬᠠᠮᠠᠭᠠᠯᠠᠯ ᠤᠨ ᠶᠡᠷᠦᠩᠬᠡᠶᠢᠯᠡᠭᠰᠡᠨ ᠦᠶᠯᠡᠴᠢᠯᠡᠭᠡᠨ ᠤ ᠲᠥᠪ ᠤᠨ ᠲᠣᠭᠲᠠᠮᠠᠯ ᠬᠥᠷᠥᠩᠭᠡ ᠶᠢ ᠰᠢᠶᠳᠪᠦᠷᠢᠯᠡᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ᠂ ᠪᠤᠷᠬᠠᠨᠲᠤ ᠪᠠᠯᠭᠠᠰᠤ ᠶᠢᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠠᠴᠠ ᠵᠣᠭᠤᠰ ᠵᠢᠭᠡᠯᠡᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ᠂ ᠭᠤᠸᠠᠩᠳᠦ᠋ᠩ ᠤᠨ ᠸᠧᠶ ᠡᠯ ᠪᠦᠯᠦᠭᠯᠡᠯ ᠤᠨ ᠵᠠᠰᠠᠯ ᠴᠢᠮᠡᠭᠯᠡᠯ ᠤᠨ ᠨᠥᠬᠦᠪᠥᠷᠢ ᠪᠠᠯᠠ ᠮᠥᠩᠭᠦ ᠶᠢ ᠨᠠᠶᠢᠳᠠᠪᠤᠷᠢᠵᠢᠭᠤᠯᠤᠭᠰᠠᠨ ᠲᠤᠬᠠᠶ ᠬᠠᠷᠢᠭᠤ ᠮᠡᠳᠡᠭᠦᠯᠦᠯᠲᠡ᠂ ᠬᠦᠷᠢᠶᠡᠯᠡᠩ ᠲᠣᠭᠤᠷᠢᠭ ᠤᠨ ᠪᠤᠭᠤᠲᠤ ᠬᠤᠲᠠ ᠶᠢᠨ ᠶᠢᠨ ᠲᠧᠩ ᠰᠢᠨᠵᠢᠯᠡᠬᠦ ᠤᠬᠠᠭᠠᠨ  ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠠᠴᠠ ᠵᠣᠭᠤᠰ ᠵᠢᠭᠡᠯᠡᠭᠰᠡᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃    5 ᠰᠠᠷ᠎ᠠ ᠶᠢᠨ 24 ᠤ ᠡᠳᠦᠷ᠂ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠲᠣᠭᠤᠷᠢᠭ ᠤᠨ ᠳᠠᠷᠤᠭ᠎ᠠ ᠲᠢᠶᠠᠨ ᠬᠤᠩ ᠴᠧᠩ ᠨᠡᠷ ᠪᠤᠭᠤᠲᠤ ᠶᠢᠨ ᠪᠤᠯᠤᠳ ᠲᠡᠮᠦᠷ ·2023 ᠪᠤᠭᠤᠳᠤ ᠶᠢᠨ ᠮᠠᠷᠠᠰᠤᠨ ᠤᠷᠤᠯᠳᠤᠭᠠᠨ ᠤ ᠬᠥᠨᠳᠡᠯᠡᠨ ᠲᠣᠭᠤᠷᠢᠭ ᠤᠨ ᠤᠷᠤᠯᠳᠤᠭᠠᠨ ᠤ ᠬᠡᠰᠡᠭ ᠤᠨ ᠪᠡᠯᠡᠳᠬᠡᠯ ᠠᠵᠢᠯ ᠢ ᠪᠠᠶᠢᠴᠠᠭᠠᠨ ᠰᠤᠳᠤᠯᠪᠠ᠃ ᠲᠢᠶᠠᠨ ᠬᠤᠩ ᠴᠧᠩ᠂ ᠤᠷᠤᠯᠳᠤᠭᠠᠨ ᠤ ᠶᠠᠪᠤᠳᠠᠯ ᠤᠨ ᠪᠠᠲᠤᠯᠠᠭ᠎ᠠ᠂ ᠰᠠᠶᠢᠨ ᠳᠤᠷ᠎ᠠ ᠶᠢᠨ ᠦᠶᠯᠡᠴᠢᠯᠡᠭᠡ᠂ ᠵᠢᠭᠤᠯᠴᠢᠯᠠᠯ ᠤᠨ ᠦᠶᠯᠡᠳᠬᠦᠨ ᠤ ᠲᠠᠨᠢᠯᠴᠠᠭᠤᠯᠭ᠎ᠠ ᠵᠡᠷᠭᠡ ᠠᠵᠢᠯ ᠢ ᠴᠢᠩᠭᠠᠳᠬᠠᠬᠤ ᠶᠢᠨ ᠬᠠᠮᠲᠤ ᠪᠡᠶ᠎ᠡ ᠶᠢᠨ ᠲᠠᠮᠢᠷ ᠤᠨ ᠠᠵᠤ ᠦᠶᠯᠡᠰ ᠪᠣᠯᠤᠨ ᠬᠤᠯᠪᠣᠭᠳᠠᠯ ᠪᠥᠬᠦᠶ ᠠᠵᠤ ᠦᠶᠯᠡᠰ ᠤᠨ ᠬᠠᠷᠢᠯᠴᠠᠨ ᠠᠬᠢᠭᠤᠯᠵᠤ᠂ ᠬᠠᠷᠢᠯᠴᠠᠨ ᠬᠥᠭᠵᠢᠬᠦ ᠶᠢ ᠢᠳᠡᠪᠬᠢᠲᠡᠶ ᠠᠬᠢᠭᠤᠯᠬᠤ ᠬᠡᠷᠡᠭᠲᠡᠶ ᠬᠡᠵᠤ ᠴᠢᠬᠤᠯᠠᠴᠢᠯᠠᠪᠠ᠃ ᠲᠣᠭᠤᠷᠢᠭ ᠤᠨ ᠤᠳᠤᠷᠢᠳᠤᠯᠭ᠎ᠠ ᠹᠠᠨ ᠬᠤᠩ ᠴᠢᠶᠠᠩ᠂ ᠵᠠᠩ ᠬᠤᠸᠠ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      5 ᠰᠠᠷ᠎ᠠ ᠶᠢᠨ 27 ᠤ ᠡᠳᠦᠷ᠂ ᠬᠥᠨᠳᠡᠯᠡᠨ ᠲᠣᠭᠤᠷᠢᠭ ᠪᠦᠬᠦ ᠲᠤᠭᠤᠷᠢᠭ ᠤᠨ ᠤᠳᠤᠷᠢᠳᠬᠤ ᠺᠠᠳ᠋ᠷ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠦᠪᠲᠦ ᠪᠣᠯᠪᠠᠰᠤᠷᠠᠯ ᠤᠨ ᠠᠩᠬᠢ ᠶᠢᠨ 2 ᠳ᠋ᠤᠭᠠᠷ ᠤᠳᠠᠭ᠎ᠠ ᠶᠢᠨ ᠲᠤᠰᠬᠠᠢ ᠰᠡᠳᠦᠪᠲᠦ ᠲᠠᠶᠢᠯᠤᠮᠵᠢ ᠶᠢᠨ ᠬᠤᠷᠠᠯ ᠢ ᠬᠤᠷᠠᠯᠳᠤᠭᠤᠯᠪᠠ᠃ ᠪᠣᠯᠪᠠᠰᠤᠷᠠᠯ ᠤᠨ ᠠᠩᠬᠢ ᠨᠢ ᠳᠤᠮᠳᠠᠳᠤ ᠤᠯᠤᠰ ᠤᠨ ᠠᠷᠠᠳ ᠤᠨ ᠶᠡᠭᠡ ᠰᠤᠷᠭᠠᠭᠤᠯᠢ ᠶᠢᠨ ᠳᠤᠮᠳᠠᠳᠤ ᠤᠯᠤᠰ ᠤᠨ ᠠᠵᠤ ᠠᠬᠤᠢ ᠶᠢᠨ ᠥᠭᠡᠷᠡᠴᠢᠯᠡᠯᠲᠡ ᠬᠢᠭᠡᠳ ᠬᠥᠭᠵᠢᠯᠲᠡ ᠶᠢᠨ ᠰᠤᠳᠤᠯᠭᠠᠨ ᠤ ᠬᠦᠷᠢᠶᠡᠯᠡᠩ ᠤᠨ ᠵᠠᠩ ᠵᠢᠶᠧ ᠫᠷᠤᠹᠧᠰᠰᠤᠷ ᠢ ᠣᠨᠴᠠᠭᠠᠶᠢᠯᠠᠨ ᠤᠷᠢᠵᠤ᠂ ᠪᠦᠬᠦ ᠲᠤᠭᠤᠷᠢᠭ ᠤᠨ ᠤᠳᠤᠷᠢᠳᠬᠤ ᠺᠠᠳ᠋ᠷ ᠲᠤ ︽ᠰᠢ ᠶᠢᠨ ᠫᠢᠩ ᠤᠨ ᠠᠵᠤ ᠠᠬᠤᠢ ᠶᠢᠨ ᠦᠵᠡᠯ ᠰᠠᠨᠠᠭ᠎ᠠ ᠶᠢ ᠰᠤᠷᠤᠯᠴᠠᠵᠦ᠂ ᠬᠤᠣᠰ ᠣᠷᠴᠢᠯ ᠤᠨ ᠪᠠᠶᠢᠭᠤᠯᠤᠯᠲᠠ ᠶᠢ ᠴᠢᠨᠠᠷ ᠰᠠᠶᠢᠲᠠᠢ ᠠᠬᠢᠭᠤᠯᠤᠶ᠎ᠠ︾ ᠭᠡᠬᠦ ᠲᠤᠰᠬᠠᠢ ᠰᠡᠳᠦᠪᠲᠦ ᠲᠠᠶᠢᠯᠤᠮᠵᠢ ᠬᠢᠯᠭᠡᠵᠡᠢ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠧᠤ ᠰᠢᠤᠸᠠᠢ ᠯᠢᠶᠠᠩ ᠪᠣᠯᠪᠠᠰᠤᠷᠠᠯ ᠤᠨ ᠬᠤᠷᠠᠯ ᠢ ᠡᠷᠭᠢᠯᠡᠪᠡ᠃ ᠲᠤᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠲᠤᠭᠤᠷᠢᠭ ᠤᠨ ᠳᠠᠷᠤᠭ᠎ᠠ ᠲᠢᠶᠠᠨ ᠬᠤᠩ ᠴᠧᠩ ᠵᠢᠴᠢ ᠪᠥᠬᠦ ᠲᠤᠭᠤᠷᠢᠭ ᠤᠨ ᠰᠢᠶᠠᠨ ᠤ ᠲᠠᠰ ᠤᠨ ᠤᠳᠤᠷᠢᠳᠬᠤ ᠺᠠᠳ᠋ᠷ᠂ ᠰᠠᠯᠠᠭᠠᠨ ᠲᠠᠰ ᠤᠨ ᠺᠠᠳ᠋ᠷ ᠨᠡᠶᠢᠲᠡ 350 ᠭᠠᠷᠤᠶ ᠬᠥᠮᠦᠨ ᠪᠣᠯᠪᠠᠰᠤᠷᠠᠯ ᠤᠨ ᠬᠤᠷᠠᠯ ᠳᠤ ᠣᠷᠣᠯᠴᠠᠵᠠᠶ᠃      5 ᠰᠠᠷ᠎ᠠ ᠶᠢᠨ 28 ᠤ ᠡᠳᠦᠷ᠂ ᠬᠥᠨᠳᠡᠯᠡᠨ ᠲᠣᠭᠤᠷᠢᠭ ᠪᠦᠬᠦ ᠲᠤᠭᠤᠷᠢᠭ ᠤᠨ ᠤᠳᠤᠷᠢᠳᠬᠤ ᠺᠠᠳ᠋ᠷ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠦᠪᠲᠦ ᠪᠣᠯᠪᠠᠰᠤᠷᠠᠯ ᠤᠨ ᠠᠩᠬᠢ ᠶᠢᠨ 3 ᠳ᠋ᠤᠭᠠᠷ ᠤᠳᠠᠭ᠎ᠠ ᠶᠢᠨ ᠲᠤᠰᠬᠠᠢ ᠰᠡᠳᠦᠪᠲᠦ ᠲᠠᠶᠢᠯᠤᠮᠵᠢ ᠶᠢᠨ ᠬᠤᠷᠠᠯ ᠢ ᠬᠤᠷᠠᠯᠳᠤᠭᠤᠯᠪᠠ᠃ ᠪᠣᠯᠪᠠᠰᠤᠷᠠᠯ ᠤᠨ ᠠᠩᠬᠢ ᠨᠢ ᠨᠠᠮ ᠤᠨ ᠲᠥᠪ ᠬᠤᠷᠢᠶᠠᠨ ᠤ ᠨᠠᠮ ᠤᠨ ᠰᠤᠷᠭᠠᠭᠤᠯᠢ ᠶᠢᠨ ᠨᠠᠮ ᠤᠨ ᠪᠠᠶᠢᠭᠤᠯᠤᠯᠲᠠ ᠶᠢᠨ ᠬᠡᠯᠲᠡᠰ ᠤᠨ ᠫᠷᠤᠹᠧᠰᠰᠤᠷ᠂ ᠨᠠᠮ ᠤᠨ ᠰᠤᠷᠭᠠᠯ ᠤᠨ ᠲᠡᠦᠬᠡ ᠶᠢᠨ ᠲᠠᠰᠤᠭ ᠤᠨ ᠡᠷᠬᠢᠯᠡᠭᠴᠢ ᠼᠤᠤ ᠫᠧᠩ ᠹᠸᠢ ᠫᠷᠤᠹᠧᠰᠰᠤᠷ ᠢ ᠣᠨᠴᠠᠭᠠᠶᠢᠯᠠᠨ ᠤᠷᠢᠵᠤ᠂ ᠪᠦᠬᠦ ᠲᠤᠭᠤᠷᠢᠭ ᠤᠨ ᠤᠳᠤᠷᠢᠳᠬᠤ ᠺᠠᠳ᠋ᠷ ᠲᠤ ︽ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠤᠶ᠎ᠠ︾ ᠭᠡᠬᠦ ᠲᠤᠰᠬᠠᠢ ᠰᠡᠳᠦᠪᠲᠦ ᠲᠠᠶᠢᠯᠤᠮᠵᠢ ᠬᠢᠯᠭᠡᠪᠡ᠃ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠧᠤ ᠰᠢᠤᠸᠠᠢ ᠯᠢᠶᠠᠩ ᠪᠣᠯᠪᠠᠰᠤᠷᠠᠯ ᠤᠨ ᠠᠩᠭᠢ ᠶᠢ ᠡᠷᠭᠢᠯᠡᠪᠡ᠃ ᠲᠤᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠲᠤᠭᠤᠷᠢᠭ ᠤᠨ ᠳᠠᠷᠤᠭ᠎ᠠ ᠲᠢᠶᠠᠨ ᠬᠤᠩ ᠴᠧᠩ ᠵᠢᠴᠢ ᠪᠥᠬᠦ ᠲᠤᠭᠤᠷᠢᠭ ᠤᠨ ᠰᠢᠶᠠᠨ ᠤ ᠲᠠᠰ ᠤᠨ ᠤᠳᠤᠷᠢᠳᠬᠤ ᠺᠠᠳ᠋ᠷ᠂ ᠰᠠᠯᠠᠭᠠᠨ ᠲᠠᠰ ᠤᠨ ᠺᠠᠳ᠋ᠷ ᠨᠡᠶᠢᠲᠡ 350 ᠭᠠᠷᠤᠶ ᠬᠥᠮᠦᠨ ᠪᠣᠯᠪᠠᠰᠤᠷᠠᠯ ᠤᠨ ᠠᠩᠭᠢ ᠳᠤ ᠣᠷᠣᠯᠴᠠᠵᠠᠶ᠃     5 ᠰᠠᠷ᠎ᠠ ᠶᠢᠨ 30 ᠤ ᠡᠳᠦᠷ᠂ ᠲᠢᠶᠠᠨ ᠬᠤᠩ ᠴᠧᠩ ᠨᠡᠷ ᠤᠷᠢᠳ ᠬᠤᠵᠢᠳ ᠲᠦᠩ ᠸᠧᠶ ᠶᠢᠨ ᠭᠤᠷᠪᠠᠳᠤᠭᠠᠷ ᠬᠤᠭᠤᠴᠠᠭᠠᠨ ᠤ 20 ᠲᠦᠮᠡᠨ ᠲᠣᠨ ᠴᠤᠯ ᠴᠡᠪᠡᠷ ᠲᠠᠯᠠᠰᠲᠤ ᠴᠠᠬᠢᠭᠤᠷ᠂ ᠮᠧᠶ ᠺᠧ ᠶᠢᠨ ᠳᠥᠷᠪᠡᠳᠦᠭᠡᠷ ᠬᠤᠭᠤᠴᠠᠭᠠᠨ ᠤ 10GW   ᠤᠨ ᠲᠠᠩ ᠲᠠᠯᠠᠰᠲᠤ ᠤᠳᠠᠰᠤ ᠲᠠᠳᠠᠬᠤ ᠮᠤᠨᠠ᠂  ︽ᠵᠦᠩ ᠶᠢᠦ ᠵᠦᠩ ᠪᠤᠤ︾ ᠶᠢᠨ 20 ᠲᠦᠮᠡᠨ ᠲᠣᠨ ᠤ ᠡᠷᠭᠢᠭᠦᠯᠭᠡᠨ ᠭᠠᠩᠨᠠᠭᠤᠷ ᠬᠤᠭᠤᠯᠠᠶ ᠵᠢᠴᠢ ᠡᠷᠭᠢᠭᠦᠯᠭᠡᠨ ᠪᠣᠯᠣᠳ ᠬᠤᠭᠤᠯᠠᠶ ᠶᠢᠨ ᠳᠤᠯᠠᠭᠠᠨ ᠢ ᠬᠠᠳᠠᠭᠠᠯᠠᠵᠤ ᠢᠳᠡᠭᠳᠡᠯ ᠢ ᠰᠡᠷᠭᠡᠶᠢᠯᠡᠬᠦ ᠲᠦᠷᠦᠯ ᠵᠦᠢᠯ ᠤᠨ ᠪᠠᠷᠢᠯᠭ᠎ᠠ ᠶᠢᠨ ᠠᠬᠤᠢ ᠲᠠᠯᠠᠪᠠᠢ ᠳᠤ ᠬᠦᠷᠴᠦ ᠭᠤᠤᠯᠳᠠᠯᠭ᠎ᠠ ᠲᠠᠢ ᠲᠦᠷᠦᠯ ᠵᠦᠢᠯ ᠤᠨ ᠪᠦᠳᠦᠬᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠪᠠ ᠠᠶᠤᠯᠬᠦᠢ ᠦᠶᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠪᠠ᠃ ᠲᠢᠶᠠᠨ ᠬᠤᠩ ᠴᠧᠩ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠠᠶᠤᠯᠭᠦᠶ ᠦᠶᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠠᠮᠤᠷ ᠲᠦᠪᠰᠢᠨ ᠤ ᠬᠠᠮᠢᠶᠠᠷᠤᠯᠲᠠ ᠪᠣᠯᠤᠨ ᠪᠠᠷᠢᠯᠭ᠎ᠠ ᠶᠢᠨ ᠠᠵᠢᠯᠲᠠᠨ ᠤ ᠠᠮᠤᠷ ᠲᠦᠪᠰᠢᠨ ᠤ  ᠲᠤᠬᠠᠢ ᠬᠥᠮᠦᠵᠢᠯ ᠢ ᠴᠢᠩᠭᠠᠳᠬᠠᠵᠤ᠂ ᠠᠮᠤᠷ ᠲᠦᠪᠰᠢᠨ ᠤ ᠬᠡᠮ ᠰᠣᠭᠤᠭ ᠢ ᠴᠠᠭ ᠲᠤᠬᠠᠶ ᠳᠤᠨᠢ ᠵᠢᠭᠰᠠᠭᠠᠨ ᠪᠠᠶᠢᠴᠠᠭᠠᠬᠤ ᠪᠠ ᠠᠷᠢᠯᠭᠠᠵᠤ᠂ ᠪᠠᠷᠢᠮᠵᠢᠶᠠᠵᠢᠭᠤᠯᠤᠨ ᠪᠠᠷᠢᠯᠭ᠎ᠠ ᠪᠠᠷᠢᠬᠤ᠂ ᠵᠢᠷᠤᠮᠵᠢᠭᠤᠯᠤᠨ ᠬᠠᠮᠢᠶᠠᠷᠬᠤ ᠶᠢ ᠪᠡᠶᠡᠯᠡᠭᠦᠯᠵᠦ᠂ ᠭᠤᠤᠯᠳᠠᠯᠭ᠎ᠠ ᠲᠠᠢ ᠲᠥᠷᠥᠯ ᠵᠦᠶᠯ ᠤᠨ ᠠᠮᠤᠷ ᠲᠦᠪᠰᠢᠨ ᠢᠶᠠᠷ ᠡᠮᠬᠢ ᠵᠢᠷᠤᠮ ᠲᠠᠢ ᠠᠭᠢᠬᠤ ᠶᠢ ᠪᠠᠲᠤᠯᠠᠬᠤ ᠬᠡᠷᠡᠭᠲᠡᠶ ᠭᠡᠵᠤ ᠴᠢᠬᠤᠯᠠᠴᠢᠯᠠᠪᠠ᠃ ᠬᠤᠯᠪᠤᠬᠳᠠᠯ ᠪᠦᠬᠦᠢ ᠰᠠᠯᠠᠭ᠎ᠠ ᠮᠥᠴᠢᠷ ᠨᠢᠭᠡᠴᠢ ᠶᠢᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠪᠡ᠃      5 ᠰᠠᠷ᠎ᠠ ᠶᠢᠨ 30 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠤᠭᠤᠷᠢᠭ ᠤᠨ ᠳᠠᠷᠤᠭ᠎ᠠ ᠲᠢᠶᠠᠨ ᠬᠤᠩ ᠴᠧᠩ ᠨᠡᠷ ᠮᠠᠨ ᠤ ᠲᠤᠭᠤᠷᠢᠭ ᠤᠨ ᠦᠶᠡᠷ ᠢ ᠰᠡᠷᠭᠡᠶᠢᠯᠡᠬᠦ ᠠᠵᠢᠯ ᠢ ᠪᠠᠶᠢᠴᠠᠭᠠᠨ ᠰᠤᠳᠤᠯᠪᠠ᠃ ᠲᠢᠶᠠᠨ ᠬᠤᠩ ᠴᠧᠩ᠂ ᠦᠶᠡᠷ ᠢ ᠰᠡᠷᠭᠡᠶᠢᠯᠡᠬᠦ ᠲᠤᠨᠤᠭ ᠲᠥᠬᠦᠭᠡᠷᠦᠮᠵᠢ ᠶᠢ ᠪᠠᠶᠢᠴᠠᠭᠠᠨ ᠵᠠᠰᠠᠬᠤ᠂ ᠰᠠᠯᠪᠢᠨ ᠬᠠᠮᠠᠭᠠᠯᠠᠬᠤ ᠲᠡᠪᠳᠡᠮᠵᠢ ᠪᠠᠨ ᠨᠡᠮᠡᠭᠳᠡᠭᠦᠯᠵᠦ᠂ ᠪᠣᠳᠠᠰ ᠢᠶᠠᠷ ᠰᠡᠷᠭᠡᠶᠢᠯᠡᠬᠦ᠂ ᠮᠡᠷᠭᠡᠵᠢᠯ ᠢᠶᠠᠷ ᠰᠡᠷᠭᠡᠶᠢᠯᠡᠬᠦ᠂ ᠬᠥᠮᠦᠨ ᠢᠶᠠᠷ ᠰᠡᠷᠭᠡᠶᠢᠯᠡᠬᠦ ᠶᠢ ᠤᠶᠠᠯᠳᠤᠭᠤᠯᠬᠤ ᠶᠢ ᠪᠠᠷᠢᠮᠲᠠᠯᠠᠵᠤ᠂ ᠦᠶᠡᠷ ᠢ ᠰᠡᠷᠭᠡᠶᠢᠯᠡᠬᠦ ᠠᠵᠢᠯ ᠤᠨ ᠨᠠᠷᠢᠯᠢᠭ ᠣᠨᠣᠪᠴᠢᠲᠠᠢ ᠪᠠᠶᠢᠬᠤ᠂ ᠰᠢᠨᠵᠢᠯᠡᠬᠦ ᠤᠬᠠᠭᠠᠨᠴᠢᠯᠠᠬᠤ ᠲᠦᠪᠰᠢᠨ ᠢ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ︔ 24 ᠴᠠᠭ ᠢᠶᠠᠷ ᠵᠢᠵᠢᠭᠦᠷᠯᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠬᠤ᠂ ᠮᠡᠳᠡᠭᠡ ᠵᠠᠩᠭᠢ ᠶᠢ ᠰᠠᠭᠠᠳ ᠥᠬᠡᠶ ᠨᠡᠪᠲᠡᠷᠡᠭᠦᠯᠬᠦ᠂ ᠰᠢᠶᠳᠪᠦᠷᠢᠲᠦ ᠪᠣᠳᠣᠯᠭ᠎ᠠ ᠲᠤᠬᠳᠠᠭᠠᠬᠤ ᠳᠠᠭᠠᠨ ᠨᠠᠷᠢᠯᠢᠭ ᠣᠨᠣᠪᠴᠢᠲᠠᠶ ᠪᠠᠶᠢᠬᠤ᠂ ᠵᠦᠶ ᠵᠣᠬᠢᠰᠲᠠᠶ ᠰᠢᠶᠳᠪᠦᠷᠢᠯᠡᠬᠦ ᠶᠢ ᠪᠡᠶᠡᠯᠡᠭᠦᠯᠵᠦ᠂ ᠠᠷᠠᠳ ᠣᠯᠠᠨ ᠤ ᠠᠮᠢ ᠨᠠᠰᠤ ᠪᠠ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ ᠬᠡᠵᠤ ᠴᠢᠬᠤᠯᠠᠴᠢᠯᠠᠪᠠ᠃  ᠬᠤᠯᠪᠤᠬᠳᠠᠯ ᠪᠦᠬᠦᠢ ᠰᠠᠯᠠᠭ᠎ᠠ ᠮᠥᠴᠢᠷ ᠨᠢᠭᠡᠴᠢ ᠶᠢᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠪᠡ᠃       6 ᠰᠠᠷ᠎ᠠ ᠶᠢᠨ 3 ᠤ ᠡᠳᠦᠷ᠂ ᠲᠤᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠲᠢᠶᠠᠨ ᠬᠤᠩ ᠴᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2023 ᠣᠨ ᠤ 7 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠯᠢ ᠵᠥᠩ᠂ ᠵᠠᠩ ᠬᠤᠸᠠ᠂ ᠶᠠᠩ ᠶᠦᠩ᠂ ᠯᠢ ᠬᠤᠩ ᠢᠦᠶ᠂ ᠵᠣᠣ ᠲᠠᠢ    ᠰᠢᠶᠠᠨ᠂ ᠵᠧᠤ ᠬᠠᠶ ᠹᠸᠢ᠂ ᠯᠢ ᠸᠧᠶ ᠬᠤᠷᠠᠯ ᠳᠤ ᠣᠷᠣᠯᠴᠠᠪᠠ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠲᠠᠪᠤᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠪᠡᠭᠡᠵᠢᠩ ᠤᠨ ᠢᠦᠢ ᠶᠢᠩ ᠰᠤᠷᠭᠠᠭᠤᠯᠢ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠳ᠋ᠢᠩ ᠰᠢᠤ ᠹᠧᠩ ᠱᠦᠵᠢ ᠶᠢᠨ ᠰᠤᠷᠭᠠᠨ ᠬᠥᠮᠦᠵᠢᠯ ᠤᠨ ᠥᠨᠳᠦᠷᠯᠢᠭ ᠢ ᠴᠤᠬᠴᠠᠯᠠᠬᠤ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠠᠬᠢᠭᠤᠯᠬᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ︽ᠬᠥᠨᠳᠡᠯᠡᠨ ᠲᠣᠭᠤᠷᠢᠭ ᠤᠨ ᠬᠢᠨᠠᠨ ᠪᠤᠳᠤᠯᠲᠠ ᠶᠢᠨ ᠴᠡᠭᠴᠡᠯᠡᠨ ᠰᠠᠶᠢᠵᠢᠷᠠᠭᠤᠯᠤᠬᠰᠠᠨ ᠮᠡᠳᠡᠭᠦᠯᠦᠯᠲᠡ ︵ ᠬᠦᠷᠬᠡᠨ ᠬᠢᠨᠠᠭᠤᠯᠬᠤ ᠨᠤᠤᠷᠠᠭ︶︾᠂ ︽ᠪᠤᠭᠤᠲᠤ ᠬᠤᠲᠠ ᠶᠢᠨ ᠬᠥᠨᠳᠡᠯᠡᠨ ᠲᠣᠭᠤᠷᠢᠭ ᠤᠨ 2023 ᠣᠨ ᠤ ᠠᠵᠢᠯ ᠦᠶᠯᠡᠰ ᠤᠨ ᠨᠢᠭᠡᠴᠢ ᠶᠢᠨ ᠨᠡᠶᠢᠭᠡᠮ ᠳᠡᠭᠡᠷ᠎ᠡ ᠠᠴᠠ ᠢᠯᠡ ᠪᠠᠷ  ᠠᠵᠢᠯᠳᠠᠨ ᠤᠷᠢᠵᠤ ᠡᠯᠰᠡᠬᠦ ᠲᠤᠬᠠᠢ ᠬᠡᠷᠡᠭᠵᠢᠭᠦᠯᠬᠦ ᠲᠥᠰᠦᠯ ︵ᠬᠦᠷᠬᠡᠨ ᠬᠢᠨᠠᠭᠤᠯᠬᠤ ᠨᠤᠤᠷᠠᠭ︶︾᠂ ︽2023 ᠣᠨ ᠤ ᠬᠥᠨᠳᠡᠯᠡᠨ ᠲᠣᠭᠤᠷᠢᠭ ᠤᠨ ᠨᠡᠶᠢᠭᠡᠮ ᠲᠡᠭᠡᠷ᠎ᠡ ᠠᠴᠠ ᠪᠠᠭ᠎ᠠ ᠰᠤᠷᠭᠠᠭᠤᠯᠢ ᠶᠢᠨ ᠪᠠᠭᠰᠢ ᠶᠢ ᠢᠯᠡ ᠪᠠᠷ ᠤᠷᠢᠵᠤ ᠡᠯᠰᠡᠬᠦ ᠲᠤᠬᠠᠢ ᠬᠡᠷᠡᠭᠵᠢᠭᠦᠯᠬᠦ ᠲᠥᠰᠦᠯ ︵ ᠬᠦᠷᠬᠡᠨ ᠬᠢᠨᠠᠭᠤᠯᠬᠤ ᠨᠤᠤᠷᠠᠭ︶︾ ᠢ ᠰᠤᠳᠤᠯᠤᠨ ᠬᠢᠨᠠᠨ ᠵᠥᠪᠯᠡᠪᠡ︔ 2023 ᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠰᠢᠢᠳᠪᠦᠷᠢᠯᠡᠭᠰᠡᠨ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ᠂ 2023 ᠣᠨ ᠤ 1 — 5 ᠰᠠᠷ᠎ᠠ ᠶᠢᠨ ᠠᠶᠤᠯᠭᠦᠢ ᠦᠢᠯᠡᠳᠪᠦᠷᠢᠯᠡᠯ ᠪᠠ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ᠂ ᠨᠠᠰᠤᠨ ᠳᠤ ᠦᠯᠦ ᠬᠦᠷᠦᠭᠰᠡᠳ ᠤᠨ ᠦᠵᠡᠯ ᠰᠠᠨᠠᠭ᠎ᠠ ᠶᠣᠰᠣ ᠰᠤᠷᠲᠠᠬᠤᠨ ᠤ ᠪᠠᠶᠢᠭᠤᠯᠤᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃      6 ᠰᠠᠷ᠎ᠠ ᠶᠢᠨ 5 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠤᠭᠤᠷᠢᠭ ᠤᠨ ᠳᠠᠷᠤᠭ᠎ᠠ ᠲᠢᠶᠠᠨ ᠬᠤᠩ ᠴᠧᠩ ᠨᠡᠷ ᠮᠠᠨ ᠤ ᠲᠤᠭᠤᠷᠢᠭ ᠤᠨ ᠤᠯᠤᠰ ᠤᠨ ᠨᠢᠭᠡᠳᠦᠯᠲᠡᠶ ᠰᠢᠯᠭᠠᠯᠲᠠ ᠶᠢᠨ ᠰᠢᠯᠭᠠᠯᠳᠠ  ᠶᠢᠨ ᠴᠡᠭ ᠵᠢᠴᠢ ᠰᠢᠯᠭᠠᠯᠲᠠ ᠶᠢᠨ ᠪᠡᠯᠡᠳᠬᠡᠯ ᠠᠵᠢᠯ ᠢ ᠪᠠᠶᠢᠴᠠᠭᠠᠨ ᠰᠤᠳᠤᠯᠪᠠ᠃ ᠲᠢᠶᠠᠨ ᠬᠤᠩ ᠴᠧᠩ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠯᠤᠰ ᠤᠨ ᠨᠢᠭᠡᠳᠦᠯᠲᠡᠶ ᠰᠢᠯᠭᠠᠯᠲᠠ ᠶᠢᠨ ᠨᠢᠭᠤᠴᠠ ᠶᠢ ᠬᠠᠮᠠᠭᠠᠯᠠᠬᠤ ᠠᠵᠢᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠰᠢᠯᠭᠠᠯᠲᠠ ᠶᠢᠨ ᠬᠠᠭᠤᠳᠠᠰᠤ ᠶᠢᠨ ᠨᠢᠭᠤᠴᠠ ᠶᠢ ᠬᠠᠮᠠᠭᠠᠯᠠᠬᠤ ᠬᠠᠮᠢᠶᠠᠷᠤᠯᠲᠠ ᠪᠠᠨ ᠴᠢᠩᠭᠠᠳᠬᠠᠵᠤ᠂ ᠤᠯᠤᠰ ᠤᠨ ᠨᠢᠭᠡᠳᠦᠯᠲᠡᠶ ᠰᠢᠯᠭᠠᠯᠲᠠ ᠶᠢᠨ ᠰᠢᠯᠭᠠᠯᠳᠠ ᠶᠢᠨ ᠬᠠᠭᠤᠳᠠᠰᠤ ᠶᠢᠨ ᠲᠤᠶᠢᠯ ᠤᠨ ᠠᠮᠤᠷ ᠲᠦᠪᠰᠢᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ︔ ᠨᠢᠭᠡᠳᠦᠯᠲᠡᠢ ᠲᠥᠯᠥᠪᠵᠢᠭᠦᠯᠵᠤ ᠤᠬᠠᠭᠠᠯᠠᠬᠤ ᠪᠠᠨ ᠴᠢᠩᠭᠠᠳᠬᠠᠵᠤ᠂ ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠬᠦ ᠶᠢ ᠲᠡᠭᠦᠯᠳᠡᠷᠵᠢᠭᠦᠯᠵᠦ᠂ ᠡᠯ᠎ᠡ ᠭᠤᠭᠴᠤᠭ᠎ᠠ ᠶᠢᠨ ᠠᠵᠢᠯ ᠢ ᠵᠦᠢᠯ ᠵᠤᠷᠪᠤᠰ ᠳᠠᠷᠠᠭᠠᠯᠠᠨ ᠰᠠᠶᠢᠲᠤᠷ ᠠᠳᠬᠤᠵᠤ᠂ ᠤᠯᠤᠰ ᠤᠨ ᠨᠢᠭᠡᠳᠦᠯᠲᠡᠢ ᠰᠢᠯᠭᠠᠯᠲᠠ ᠶᠢᠨ ᠠᠮᠤᠷ ᠲᠦᠪᠰᠢᠨ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ ᠬᠡᠵᠤ ᠴᠢᠬᠤᠯᠠᠴᠢᠯᠠᠪᠠ᠃ ᠲᠤᠭᠤᠷᠢᠭ ᠤᠨ ᠤᠳᠤᠷᠢᠳᠤᠯᠭ᠎ᠠ ᠵᠠᠩ ᠬᠤᠸᠠ ᠵᠢᠴᠢ ᠬᠤᠯᠪᠤᠬᠳᠠᠯ ᠪᠦᠬᠦᠢ ᠰᠠᠯᠠᠭ᠎ᠠ ᠮᠥᠴᠢᠷ  ᠨᠢᠭᠡᠴᠢ ᠶᠢᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠪᠡ᠃      6 ᠰᠠᠷ᠎ᠠ ᠶᠢᠨ 6 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠤᠭᠤᠷᠢᠭ ᠤᠨ ᠳᠠᠷᠤᠭ᠎ᠠ ᠲᠢᠶᠠᠨ ᠬᠤᠩ ᠴᠧᠩ ᠨᠡᠷ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠭᠤᠤᠯᠳᠠᠯᠭ᠎ᠠ ᠲᠠᠢ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠵᠢᠴᠢ ᠣᠨᠴᠠᠯᠢᠭᠲᠤ ᠬᠤᠳᠠᠯᠳᠤᠭᠠᠨ ᠤ ᠲᠣᠭᠤᠷᠢᠭ ᠢ ᠪᠠᠶᠢᠭᠤᠯᠬᠤ ᠠᠵᠢᠯ ᠢ ᠪᠠᠶᠢᠴᠠᠭᠠᠨ ᠰᠤᠳᠤᠯᠪᠠ᠃ ᠲᠢᠶᠠᠨ ᠬᠤᠩ ᠴᠧᠩ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠨᠢᠬᠳᠠ ᠴᠢᠩᠭ᠎ᠠ ᠠᠩᠬᠠᠷᠴᠤ᠂ ᠠᠵᠢᠯ ᠤᠨ ᠬᠤᠭᠤᠴᠠᠭ᠎ᠠ ᠶᠢ ᠡᠳᠦᠷ ᠲᠤᠭᠠᠯᠠᠨ ᠵᠢᠭᠰᠠᠭᠠᠵᠤ᠂ ᠴᠠᠠᠭ ᠢ ᠠᠮᠵᠢᠨ ᠠᠬᠢᠴᠠ ᠶᠢ ᠴᠢᠩᠭ᠎ᠠ ᠠᠳᠬᠤᠵᠤ᠂ ᠶᠠᠰᠤ ᠴᠢᠨᠠᠷ ᠢ ᠪᠠᠲᠤᠯᠠᠭᠰᠠᠨ ᠰᠠᠭᠤᠷᠢᠨ ᠳᠡᠭᠡᠷ᠎ᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠬᠡᠷᠡᠭᠲᠡᠢ︔ ᠦᠵᠦ ᠲᠥᠯᠥᠪᠯᠡᠭᠡ ᠶᠢ ᠴᠢᠩᠭᠠᠳᠬᠠᠵᠤ᠂ ᠬᠤᠳᠠᠯᠳᠤᠭᠠᠨ ᠤ ᠲᠣᠭᠤᠷᠢᠭ ᠤᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠣᠷᠣᠨ ᠪᠦᠰᠡ ᠶᠢᠨ ᠲᠥᠪ ᠬᠤᠲᠠ ᠶᠢᠨ ᠳᠦᠷᠢ ᠲᠥᠷᠬᠦ ᠶᠢᠨ ᠴᠢᠨᠠᠷ ᠳᠡᠰ ᠪᠠ ᠬᠠᠮᠢᠶᠠᠷᠤᠯᠲᠠ ᠶᠢᠨ ᠲᠦᠪᠰᠢᠨ ᠢ ᠦᠨᠡᠨᠬᠦ ᠳᠡᠭᠡᠭᠰᠢᠯᠡᠭᠦᠯᠬᠦ  ᠬᠡᠷᠡᠭᠳᠡᠢ᠃ ᠨᠠᠩ ᠣᠯᠠᠨ ᠴᠢᠨᠠᠷ ᠰᠠᠶᠢᠲᠠᠶ ᠬᠤᠳᠠᠯᠳᠤᠭᠠᠴᠢᠨ ᠪᠠ ᠲᠦᠷᠦᠯ ᠲᠡᠮᠳᠡᠭ ᠢ ᠣᠷᠣᠭᠤᠯᠤᠨ ᠠᠪᠴᠢᠷᠠᠵᠤ᠂ ᠬᠡᠷᠡᠭᠯᠡᠭᠴᠢᠳ ᠤᠨ ᠬᠡᠷᠡᠭᠴᠡᠭᠡ ᠱᠠᠭᠠᠷᠳᠠᠯᠭ᠎ᠠ ᠶᠢ ᠭᠦᠶᠴᠡᠳ ᠬᠠᠩᠭᠠᠬᠤ ᠬᠡᠷᠡᠭᠳᠡᠢ ᠭᠡᠵᠤ ᠴᠢᠬᠤᠯᠠᠴᠢᠯᠠᠪᠠ᠃ ᠲᠤᠭᠤᠷᠢᠭ ᠤᠨ ᠳᠡᠳ᠋ ᠳᠠᠷᠤᠭ᠎ᠠ ᠵᠠᠩ ᠬᠤᠸᠠ ᠵᠢᠴᠢ ᠬᠤᠯᠪᠤᠬᠳᠠᠯ ᠪᠥᠬᠦᠶ ᠰᠠᠯᠠᠭ᠎ᠠ ᠮᠥᠴᠢᠷ ᠨᠢᠭᠡᠴᠢ ᠶᠢᠨ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠪᠠ᠃      6 ᠰᠠᠷ᠎ᠠ ᠶᠢᠨ 9 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠤᠭᠤᠷᠢᠭ ᠤᠨ ᠳᠠᠷᠤᠭ᠎ᠠ ᠲᠢᠶᠠᠨ ᠬᠤᠩ ᠴᠧᠩ ᠨᠡᠷ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶᠯ ᠳᠤ ᠪᠠᠶᠢᠴᠠᠭᠠᠨ ᠰᠤᠳᠤᠯᠤᠯᠲᠠ ᠬᠢᠪᠠ᠃ ᠲᠢᠶᠠᠨ ᠬᠤᠩ ᠴᠧᠩ ᠡᠯ᠎ᠡ ᠡᠭᠦᠷᠭᠡ ᠲᠤᠰᠢᠶᠠᠯᠳᠤ ᠰᠠᠯᠠᠭ᠎ᠠ ᠮᠥᠴᠢᠷ ᠤᠨ ᠬᠢᠨ ᠬᠤᠯᠪᠣᠭᠠᠯᠠᠨ ᠬᠥᠳᠡᠯᠦᠯᠴᠡᠬᠦ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠴᠤ᠂ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠵᠦ᠂ ᠲᠦᠷᠦᠯ ᠵᠦᠢᠯ ᠢ ᠠᠬᠢᠭᠤᠯᠬᠤ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠢ ᠴᠠᠭ ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠴᠢᠨᠠᠷ ᠰᠠᠶᠢᠲᠠᠢ ᠥᠨᠳᠥᠷ ᠪᠦᠲᠦᠮᠵᠢᠲᠡᠢ ᠪᠠᠷ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠯᠪᠤᠬᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠪᠡ᠃      6 ᠰᠠᠷ᠎ᠠ ᠶᠢᠨ 9 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠶᠦᠩ ᠯᠢ᠂ ᠲᠤᠭᠤᠷᠢᠭ  ᠤᠨ ᠨᠠᠮ ᠤᠨ ᠬᠤᠷᠢᠶᠠᠨ ᠤ ᠳᠡᠳ᠋ ᠱᠦᠵᠢ᠂ ᠲᠤᠭᠤᠷᠢᠭ ᠤᠨ ᠳᠠᠷᠤᠭ᠎ᠠ ᠲᠢᠶᠠᠨ ᠬᠤᠩ ᠴᠧᠩ ᠨᠡᠷ ᠬᠦᠷᠢᠶᠡᠯᠡᠩ ᠲᠣᠭᠤᠷᠢᠭ ᠤᠨ ᠭᠤᠤᠯᠳᠠᠯᠭ᠎ᠠ ᠲᠠᠢ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠪᠣᠯᠤᠨ ᠠᠶᠤᠯᠬᠦᠢ ᠦᠶᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠪᠠ᠃ ᠲᠤᠭᠤᠷᠢᠭ ᠤᠨ ᠤᠳᠤᠷᠢᠳᠤᠯᠭ᠎ᠠ ᠯᠢ ᠵᠥᠩ᠂ ᠢᠦᠶ ᠷᠦᠢ ᠴᠢᠩ᠂ ᠶᠠᠩ ᠶᠦᠩ᠂ ᠯᠢ ᠬᠤᠩ ᠢᠦᠶ᠂ ᠵᠧᠤ ᠬᠠᠶ ᠹᠸᠢ ᠵᠢᠴᠢ  ᠬᠤᠯᠪᠤᠬᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠪᠠ᠃     6 ᠰᠠᠷ᠎ᠠ ᠶᠢᠨ 12 ᠤᠨ ᠡᠳᠦᠷ᠂ ᠲᠤᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠪᠤᠭᠤᠲᠤ ᠶᠢᠨ ᠪᠣᠯᠣᠳ ᠲᠡᠮᠦᠷ ᠲᠡᠮᠦᠷᠯᠢᠭ ᠬᠠᠶᠢᠯᠤᠭᠤᠯᠬᠤ ᠨᠡᠭᠡᠭᠡᠯᠲᠡ ᠶᠢᠨ  ᠲᠤᠭᠤᠷᠢᠭ ᠤᠨ ᠳᠡᠳ᠋ ᠡᠷᠬᠢᠯᠡᠭᠴᠢ ᠵᠧᠤ ᠬᠠᠶ ᠹᠸᠢ ᠪᠣᠯᠤᠨ ᠳᠤᠮᠳᠠᠳᠤ ᠤᠯᠤᠰ ᠤᠨ ᠲᠢᠶᠠᠨ ᠶᠢᠩ ᠬᠤᠪᠢᠴᠠᠭᠠᠳᠤ  ᠬᠢᠵᠠᠭᠠᠷᠲᠤ ᠺᠣᠮᠫᠠᠨᠢ ᠲᠣᠰ ᠲᠣᠰ ᠬᠤᠶᠠᠷ ᠲᠠᠯ᠎ᠠ ᠶᠢ ᠲᠥᠯᠥᠭᠡᠯᠡᠨ ︽ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠶᠢ ᠡᠷᠭᠢᠯᠳᠦᠭᠦᠯᠦᠨ ᠠᠰᠢᠭᠯᠠᠵᠤ ᠳᠠᠬᠢᠨ ᠦᠶᠯᠡᠳᠬᠦ ᠰᠠᠭᠤᠷᠢᠨ ᠤ ᠲᠥᠷᠥᠯ ᠵᠦᠶᠯ︾ ᠤᠨ ᠲᠤᠬᠠᠶ ᠭᠠᠷ ᠤᠨ ᠥᠰᠥᠭ ᠵᠢᠷᠤᠪᠠ᠃ ᠲᠣᠰ ᠲᠥᠷᠥᠯ ᠵᠦᠶᠯ ᠨᠢ ᠳᠤᠮᠳᠠᠳᠤ ᠤᠯᠤᠰ ᠤᠨ ᠲᠢᠶᠠᠨ ᠶᠢᠩ ᠬᠤᠪᠢᠴᠠᠭᠠᠳᠤ ᠬᠢᠵᠠᠭᠠᠷᠲᠤ ᠺᠣᠮᠫᠠᠨᠢ ᠶᠢᠨ ᠲᠠᠬᠢᠨ ᠠᠰᠢᠬᠯᠠᠵᠤ ᠪᠤᠯᠬᠤ ᠡᠬᠢ ᠪᠠᠶᠠᠯᠢᠭ ᠢ ᠬᠤᠷᠢᠶᠠᠨ ᠠᠪᠬᠤ ᠬᠦᠷᠢᠶᠡᠨ ᠳᠠᠬᠢ ᠮᠡᠷᠭᠡᠵᠢᠯ᠂ ᠴᠢᠳᠠᠪᠤᠷᠢᠲᠠᠨ᠂ ᠬᠠᠮᠢᠶᠠᠷᠤᠯᠲᠠ᠂ ᠥᠪᠡᠷ ᠤᠨ ᠥᠷᠲᠡᠭ᠂ ᠦᠷ᠎ᠡ ᠪᠦᠲᠦᠮᠵᠢ ᠪᠠᠷ ᠲᠦᠷᠦᠭᠦᠯᠡᠬᠦ ᠥᠷᠢᠰᠥᠯᠳᠦᠭᠡᠨ ᠤ ᠳᠠᠪᠠᠭᠤᠯᠢᠭ ᠢᠶᠠᠨ ᠭᠦᠶᠴᠡᠳ ᠪᠠᠳᠠᠷᠠᠭᠤᠯᠵᠤ᠂ ᠮᠠᠨ ᠤ ᠬᠤᠲᠠ ᠶᠢᠨ ᠪᠣᠬᠢᠷᠲᠤᠯ ᠥᠬᠡᠶ ᠡᠷᠬᠢᠯᠳᠡᠳᠤ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢᠨ ᠰᠢᠰᠲ᠋ᠧᠮ ᠢ ᠪᠠᠶᠢᠭᠤᠯᠬᠤ ᠳᠤ ᠬᠦᠴᠦᠨ ᠨᠡᠮᠡᠷᠢᠯᠡᠵᠦ᠂ ᠪᠣᠬᠢᠷᠲᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠭᠠᠳᠠᠬᠰᠢᠯᠠᠭᠤᠯᠬᠤ ᠶᠢ ᠪᠠᠭᠠᠰᠬᠠᠬᠤ ᠶᠢ ᠬᠠᠮᠵᠢᠯᠴᠠᠭᠤᠯᠤᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠠᠵᠤ ᠦᠶᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠬᠢ ᠪᠠᠶᠠᠯᠢᠭ ᠢ ᠳᠠᠬᠢᠨ ᠠᠰᠢᠭᠯᠠᠬᠤ ᠠᠵᠤ ᠦᠶᠯᠡᠰ ᠤᠨ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠬᠤ ᠪᠤᠯᠤᠨ᠎ᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠲᠢᠶᠠᠨ ᠬᠤᠩ ᠴᠧᠩ᠂ ᠲᠣᠭᠤᠷᠢᠭ ᠤᠨ ᠤᠳᠤᠷᠢᠳᠤᠯᠭ᠎ᠠ ᠯᠢ ᠵᠥᠩ ᠵᠢᠴᠢ ᠬᠤᠯᠪᠣᠭᠳᠠᠯ ᠪᠥᠬᠦᠶ ᠬᠠᠷᠢᠭᠤᠴᠠᠯᠭᠠᠲᠠᠨ ᠭᠠᠷ ᠤᠨ ᠥᠰᠥᠭ ᠵᠢᠷᠤᠬᠤ ᠶᠣᠰᠣᠯᠠᠯ ᠳᠤ ᠣᠷᠣᠯᠴᠠᠪᠠ᠃     6 ᠰᠠᠷ᠎ᠠ ᠶᠢᠨ 14 ᠤ ᠡᠳᠦᠷ᠂ ᠲᠤᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠲᠢᠶᠠᠨ ᠬᠤᠩ ᠴᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2023 ᠣᠨ ᠤ 8 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠯᠢ ᠵᠥᠩ᠂ ᠸᠠᠩ ᠰᠢᠤ ᠵᠢᠤᠸᠠᠨ᠂ ᠯᠢ ᠬᠤᠩ ᠢᠦᠶ᠂ ᠵᠣᠣ ᠲᠠᠢ ᠰᠢᠶᠠᠨ᠂ ᠵᠧᠤ ᠬᠠᠶ ᠹᠸᠢ᠂ ᠯᠢ ᠸᠧᠶ ᠬᠤᠷᠠᠯ ᠳᠤ ᠣᠷᠣᠯᠴᠠᠪᠠ᠃ ︽ᠵᠢᠦ ᠶᠤᠸᠠᠢ ᠫᠢᠸᠤ᠋ ᠶᠢᠨ ᠵᠢᠵᠢᠭ ᠬᠦᠷᠢᠶᠡᠯᠡᠩ ᠤᠨ ᠪᠠᠯᠠ ᠣᠷᠣᠭᠤᠯᠬᠤ ᠬᠠᠮᠲᠤᠷᠠᠯᠴᠠᠭᠠᠨ ᠤ ᠵᠥᠪᠯᠡᠯᠴᠡᠭᠡᠷ ︵ᠬᠦᠷᠬᠡᠨ ᠬᠢᠨᠠᠭᠤᠯᠬᠤ ᠨᠤᠤᠷᠠᠭ︶︾ ᠢ ᠰᠤᠳᠤᠯᠤᠨ ᠬᠢᠨᠠᠨ ᠵᠥᠪᠯᠡᠪᠡ︔ ᠮᠠᠨ ᠤ ᠲᠤᠭᠤᠷᠢᠭ ᠤᠨ ᠬᠦᠯᠦᠰᠦᠨ ᠮᠠᠯᠴᠢᠨ ᠲᠠᠷᠢᠶᠠᠴᠢᠨ ᠤ ᠴᠠᠯᠢᠩ ᠬᠦᠯᠦᠰᠦ   ᠶᠢ ᠥᠷᠢᠲᠦᠬᠦ ᠶᠢ ᠦᠨᠳᠦᠰᠦᠨ ᠠᠴᠠ ᠨᠢ ᠵᠠᠰᠠᠬᠰᠠᠨ᠂ ᠴᠠᠯᠢᠩ ᠬᠦᠯᠦᠰᠦ ᠶᠢ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠠᠵᠢᠯ ᠤᠨ ᠲᠤᠬᠠᠢ ᠤᠯᠤᠰ ᠤᠨ ᠬᠢᠨᠠᠨ ᠰᠢᠯᠭᠠᠯᠲᠠ ᠶᠢ ᠬᠦᠯᠢᠶᠡᠬᠦ᠂ ᠳᠠᠷᠤᠭᠳᠠᠮᠠᠯ ᠬᠠᠭᠤᠴᠢᠨ ᠬᠡᠷᠡᠭ ᠢ ᠰᠢᠶᠳᠪᠦᠷᠢᠯᠡᠭᠰᠡᠨ ᠵᠢᠴᠢ ᠬᠢᠨᠠᠨ ᠰᠢᠯᠭᠠᠵᠤ ᠬᠤᠪᠢ ᠲᠡᠮᠳᠡᠭᠯᠡᠬᠦ ᠨᠠᠷᠢᠨ ᠳᠦᠷᠢᠮ ᠢ ᠲᠡᠭᠦᠯᠳᠡᠷᠵᠢᠬᠦᠯᠬᠦ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ᠂ ᠵᠠᠰᠠᠭ ᠤᠨ ᠣᠷᠳᠣᠨ ᠤ ᠠᠯᠪᠠᠨ ᠶᠠᠪᠤᠳᠠᠯ ᠤᠨ ᠬᠥᠮᠥᠷᠭᠡ ᠳᠠᠬᠢ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠬᠡᠷᠡᠭ ᠤᠨ ᠰᠲ᠋ᠣᠺ ᠠᠷᠠᠯᠵᠢᠶᠠᠯᠠᠭᠰᠠᠨ ᠤ ᠳᠠᠷᠠᠭ᠎ᠠ ᠦᠯᠡᠳᠡᠭᠰᠡᠨ ᠪᠡᠯᠡᠨ ᠵᠣᠭᠤᠰ ᠢ ᠲᠦᠷ ᠴᠠᠭ ᠤᠯᠤᠰ ᠤᠨ ᠬᠥᠮᠥᠷᠭᠡ ᠳᠤ ᠲᠤᠰᠢᠶᠠᠬᠤ ᠲᠤᠬᠠᠶ ᠬᠠᠷᠢᠭᠤ ᠮᠡᠳᠡᠭᠦᠯᠦᠯᠲᠡ᠂ ᠭᠤᠸᠠᠩᠳᠦ᠋ᠩ ᠤᠨ ᠸᠧᠶ ᠡᠯ ᠪᠦᠯᠦᠭᠯᠡᠯ ᠤᠨ ᠵᠠᠰᠠᠵᠤ ᠴᠢᠮᠡᠭᠯᠡᠭᠰᠡᠨ ᠨᠥᠬᠦᠪᠥᠷᠢ ᠦᠭᠬᠦ ᠪᠡᠯᠡ ᠮᠥᠩᠭᠦ ᠶᠢ ᠨᠠᠶᠢᠳᠠᠪᠤᠷᠢᠵᠢᠭᠤᠯᠤᠬᠰᠠᠨ ᠲᠤᠬᠠᠢ ᠬᠠᠷᠢᠭᠤ ᠮᠡᠳᠡᠬᠦᠯᠦᠯᠳᠡ᠂ ᠪᠤᠷᠬᠠᠨᠳᠤ ᠪᠠᠯᠭᠠᠰᠤ ᠶᠢᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠠᠴᠠ ᠵᠤᠭᠤᠰ ᠵᠢᠭᠡᠯᠡᠵᠤ ᠲᠦᠩ ᠸᠧᠶ ᠶᠢᠨ ᠴᠠᠬᠢᠭᠤᠷ ᠤᠨ ᠡᠨᠧᠷᠭᠢ ᠶᠢᠨ ᠲᠥᠷᠥᠯ ᠵᠦᠶᠯ ᠵᠢᠴᠢ ᠬᠠᠮᠢᠶ᠎ᠠ ᠪᠥᠬᠦᠶ ᠰᠠᠭᠤᠷᠢ  ᠲᠦᠬᠦᠭᠡᠷᠦᠮᠵᠢ ᠶᠢ ᠢᠵᠢ ᠪᠥᠷᠢᠳᠦᠭᠦᠯᠬᠦ ᠢᠨᠵᠧᠨᠧᠷᠢᠩ ᠤᠨ ᠭᠠᠵᠠᠷ ᠳᠡᠭᠡᠷᠡᠬᠢ ᠪᠣᠳᠠᠰ ᠢ ᠲᠠᠲᠠᠪᠤᠷᠢᠯᠠᠨ ᠨᠤᠷᠠᠭᠠᠬᠤ ᠳᠤ ᠬᠡᠷᠡᠭᠯᠡᠭᠰᠡᠨ ᠬᠠᠮᠢᠶ᠎ᠠ ᠪᠥᠬᠦᠶ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ᠂ ᠴᠠᠩᠴᠦ᠋ᠨ ᠤ ᠬᠤᠩ ᠳ᠋ᠠ ᠴᠡᠴᠡᠷᠯᠢᠭ ᠤᠨ ᠴᠢᠬᠢ ᠮᠣᠳᠣ ᠨᠣᠭᠤᠭᠠᠷᠠᠭᠤᠯᠤᠯᠳᠠ ᠶᠢᠨ ᠢᠨᠵᠧᠨᠧᠷᠢᠩ ᠤᠨ ᠬᠢᠵᠠᠭᠠᠷᠲᠤ ᠺᠣᠮᠫᠠᠨᠢ ᠶᠢᠨ ᠪᠠᠷᠢᠯᠭ᠎ᠠ ᠶᠢᠨ ᠵᠣᠭᠤᠰ ᠢ ᠥᠭᠭᠦᠭᠰᠡᠨ ᠬᠤᠯᠪᠣᠭᠳᠠᠯ ᠪᠦᠬᠦᠢ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠤᠨᠤᠰᠪᠠ᠃     6 ᠰᠠᠷ᠎ᠠ ᠶᠢᠨ 15 ᠤ ᠡᠳᠦᠷ᠂ ᠪᠥᠬᠦ ᠲᠤᠭᠤᠷᠢᠭ ᠤᠨ ᠠᠶᠤᠯᠬᠦᠢ ᠦᠶᠯᠡᠳᠪᠦᠷᠢᠯᠡᠯ ᠤᠨ ᠠᠵᠢᠯ ᠵᠢᠴᠢ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠤ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠤᠷᠠᠯᠳᠤᠪᠠ᠃ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠤᠭᠤᠷᠢᠭ ᠤᠨ ᠳᠠᠷᠤᠭ᠎ᠠ ᠲᠢᠶᠠᠨ ᠬᠤᠩ ᠴᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠤᠯᠤᠰ ᠲᠥᠷᠥ ᠶᠢᠨ ᠬᠡᠯᠲᠡᠰ ᠤᠨ ᠡᠷᠬᠢᠯᠡᠭᠴᠢ ᠤᠦ ᠢᠦᠶ ᠬᠠᠶ ᠬᠤᠷᠠᠯ ᠳᠤ ᠣᠷᠣᠯᠴᠠᠭᠰᠠᠨ ᠪᠥᠭᠡᠳ ᠮᠠᠨ ᠤ ᠲᠤᠭᠤᠷᠢᠭ ᠤᠨ ᠠᠶᠤᠯᠬᠦᠢ ᠦᠶᠯᠡᠳᠪᠦᠷᠢᠯᠡᠯ ᠤᠨ ᠠᠵᠢᠯ ᠳᠤ ᠲᠣᠳᠣᠷᠬᠠᠶ ᠱᠠᠭᠠᠷᠳᠠᠯᠭ᠎ᠠ    ᠳᠤᠷᠠᠳᠪᠠ᠃ ᠪᠤᠭᠤᠲᠤ ᠶᠢᠨ ᠪᠣᠯᠣᠳ ᠲᠡᠮᠦᠷ ᠲᠡᠮᠦᠷᠯᠢᠭ ᠬᠠᠶᠢᠯᠤᠭᠤᠯᠬᠤ ᠨᠡᠭᠡᠭᠡᠯᠲᠡ ᠶᠢᠨ  ᠲᠤᠭᠤᠷᠢᠭ ᠤᠨ ᠳᠡᠳ᠋ ᠡᠷᠬᠢᠯᠡᠭᠴᠢ ᠵᠧᠤ ᠬᠠᠶ ᠹᠸᠢ ᠬᠤᠷᠠᠯ ᠳᠤ ᠣᠷᠣᠯᠴᠠᠪᠠ᠃      6 ᠰᠠᠷ᠎ᠠ ᠶᠢᠨ 18 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠶᠦᠩ ᠯᠢ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠤᠭᠤᠷᠢᠭ ᠤᠨ ᠳᠠᠷᠤᠭ᠎ᠠ ᠲᠢᠶᠠᠨ ᠬᠤᠩ ᠴᠧᠩ ᠨᠡᠷ ᠴᠢᠬᠤᠯᠠ ᠶᠡᠭᠡ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠪᠣᠯᠤᠨ ᠠᠶᠤᠯᠬᠦᠢ ᠦᠶᠯᠡᠳᠪᠦᠷᠢᠯᠡᠯ ᠤᠨ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃ ᠲᠤᠭᠤᠷᠢᠭ ᠤᠨ ᠤᠳᠤᠷᠢᠳᠤᠯᠭ᠎ᠠ ᠯᠢ ᠵᠥᠩ᠂ ᠢᠦᠶ ᠷᠦᠢ ᠴᠢᠩ᠂ ᠵᠧᠤ ᠬᠠᠶ ᠹᠸᠢ ᠵᠢᠴᠢ ᠬᠤᠯᠪᠤᠬᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠪᠠ᠃      6 ᠰᠠᠷ᠎ᠠ ᠶᠢᠨ 19 ᠤ ᠡᠳᠦᠷ᠂ ᠲᠤᠭᠤᠷᠢᠭ ᠤᠨ  ᠨᠠᠮ ᠤᠨ ᠬᠤᠷᠢᠶᠠᠨ ᠤ ᠳᠡᠳ᠋ ᠱᠦᠵᠢ᠂ ᠲᠤᠭᠤᠷᠢᠭ ᠤᠨ ᠳᠠᠷᠤᠭ᠎ᠠ ᠲᠢᠶᠠᠨ ᠬᠤᠩ ᠴᠧᠩ ᠬᠥᠨᠳᠡᠯᠡᠨ ᠲᠣᠭᠤᠷᠢᠭ ᠤᠨ ᠠᠵᠤ ᠠᠬᠤᠶ ᠶᠢᠨ ᠡᠷᠭᠢᠯᠲᠡ ᠶᠢᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠥᠭᠵᠢᠯᠲᠡ ᠶᠢ ᠶᠡᠬᠡᠪᠡᠷ ᠠᠳᠬᠤᠨ ᠬᠦᠭᠵᠢᠯᠳᠠ ᠶᠢ ᠲᠦᠷᠭᠡᠳᠭᠡᠬᠦ ᠲᠤᠯᠭᠠᠮ ᠪᠤᠳᠤᠯ ᠪᠠ ᠬᠠᠷᠢᠭᠤᠴᠠᠯᠭᠠᠲᠤ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠬᠡᠷᠡᠭᠴᠡᠭᠡ ᠪᠣᠯᠤᠨ ᠠᠵᠤ ᠠᠬᠤᠶᠢᠯᠠᠯᠲᠠᠨ ᠤ ᠬᠠᠨᠤᠮᠵᠢᠲᠠᠢ ᠪᠠᠶᠢᠬᠤ ᠪᠠᠷ ᠪᠠᠷᠢᠮᠵᠢᠶ᠎ᠠ ᠪᠣᠯᠭᠠᠵᠤ᠂ ᠰᠠᠨᠠᠭᠠᠴᠢᠯᠠᠭ᠎ᠠ ᠠᠴᠠ ᠪᠠᠨ ᠡᠮᠦᠨ᠎ᠡ ᠨᠢ ᠤᠷᠤᠵᠤ ᠦᠢᠯᠡᠴᠢᠯᠡᠵᠦ᠂ ᠲᠤᠰᠬᠠᠢ ᠬᠥᠮᠦᠨ ᠲᠤᠰᠬᠠᠢ ᠠᠩᠬᠢ ᠲᠤᠮᠢᠯᠠᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠡᠯ᠎ᠡ ᠭᠤᠭᠴᠣᠭᠠᠨ ᠤ ᠠᠵᠢᠯ ᠢ ᠴᠢᠩᠭ᠎ᠠ ᠠᠳᠬᠤᠬᠤ ᠶᠢ ᠨᠢᠬᠳᠠ ᠠᠩᠬᠠᠷᠬᠤ ᠬᠡᠷᠡᠭᠳᠡᠢ ᠬᠡᠵᠤ ᠴᠢᠬᠤᠯᠠᠴᠢᠯᠠᠪᠠ᠃ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ᠂ ᠪᠤᠭᠤᠲᠤ ᠶᠢᠨ ᠪᠤᠯᠤᠳ ᠲᠡᠮᠤᠷ ᠲᠡᠮᠦᠷᠯᠢᠭ ᠬᠠᠶᠢᠯᠤᠭᠤᠯᠬᠤ ᠨᠡᠭᠡᠭᠡᠯᠳᠠ ᠶᠢᠨ ᠲᠤᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠯᠢ ᠵᠦᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      6 ᠰᠠᠷ᠎ᠠ ᠶᠢᠨ 21 ᠤ ᠡᠳᠦᠷ᠂ ᠲᠤᠭᠤᠷᠢᠭ ᠤᠨ  ᠨᠠᠮ ᠤᠨ ᠬᠤᠷᠢᠶᠠᠨ ᠤ ᠳᠡᠳ᠋ ᠱᠦᠵᠢ᠂ ᠲᠤᠭᠤᠷᠢᠭ ᠤᠨ ᠳᠠᠷᠤᠭ᠎ᠠ ᠲᠢᠶᠠᠨ ᠬᠤᠩ ᠴᠧᠩ ᠭᠢᠷᠢᠨ ᠤ ᠰᠦᠩᠶᠤᠸᠠᠨ ᠤ ᠹᠸᠢ ᠳ᠋ᠠ ᠭᠡᠷ ᠭᠠᠵᠠᠷ ᠤᠨ ᠬᠥᠷᠥᠩᠭᠡ ᠶᠢᠨ ᠪᠦᠯᠦᠭᠯᠡᠯ ᠳᠤ ᠬᠦᠷᠴᠦ ᠠᠷᠠᠯᠵᠢᠶᠠᠴᠢᠨ ᠤᠷᠢᠵᠤ ᠪᠠᠯᠠ ᠮᠦᠩᠬᠦ ᠣᠷᠣᠭᠤᠯᠬᠤ ᠠᠵᠢᠯ ᠥᠷᠨᠢᠭᠦᠯᠪᠡ᠃ ᠹᠸᠢ ᠳ᠋ᠠ  ᠶᠢᠨ ᠲᠥᠪ ᠤᠨ ᠲᠣᠭᠤᠭᠠᠨ ᠬᠡᠷ ᠤᠨ ︽ᠰᠢᠨ ᠰᠢᠶᠠᠩ ᠱᠢ ᠴᠧᠩ︾ ᠢᠳᠡᠭᠡᠨ ᠤ ᠠᠵᠤ ᠦᠶᠯᠡᠰ ᠤᠨ    ᠬᠦᠷᠢᠶᠡᠯᠡᠩ᠂ ᠹᠸᠢ ᠳ᠋ᠠ ᠬᠠᠩ ᠰᠢᠶᠤᠤ ᠶᠢᠨ ᠪᠤᠯᠤᠳ ᠪᠦᠳᠦᠴᠡᠳᠤ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠠᠵᠤ ᠦᠶᠯᠡᠰ ᠤᠨ ᠬᠦᠷᠢᠶᠡᠯᠡᠩ᠂ ᠹᠸᠢ ᠳ᠋ᠠ ᠵᠢᠶᠠᠩ ᠵᠢᠩ ᠲᠠᠢ᠂ ᠹᠸᠢ ᠳ᠋ᠠ ᠴᠧᠩ᠂  ᠭᠠᠢ ᠡᠯ ᠬᠤᠤ ᠰᠧᠨ ᠬᠦᠶᠲᠡᠨ  ᠤᠮᠳᠠᠭᠠᠨ ᠢᠳᠡᠭᠡᠨ ᠤ ᠦᠶᠯᠡᠳᠪᠦᠷᠢ ᠵᠡᠷᠭᠡ ᠲᠥᠷᠥᠯ ᠵᠦᠶᠯ ᠢ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠭᠰᠠᠨ ᠪᠥᠭᠡᠳ ᠹᠸᠢ ᠳ᠋ᠠ ᠭᠡᠷ ᠭᠠᠵᠠᠷ ᠤᠨ ᠬᠥᠷᠥᠩᠭᠡ ᠶᠢᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠭᠧ ᠯᠢᠩ ᠴᠧᠨ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠲᠤᠭᠤᠷᠢᠭ ᠤᠨ ᠤᠳᠤᠷᠢᠳᠤᠯᠭ᠎ᠠ ᠵᠠᠩ ᠬᠤᠸᠠ ᠵᠢᠴᠢ ᠬᠤᠯᠪᠤᠬᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠤ ᠣᠷᠣᠯᠴᠠᠪᠠ᠃      6 ᠰᠠᠷ᠎ᠠ ᠶᠢᠨ 22 ᠤᠨ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠤᠭᠤᠷᠢᠭ ᠤᠨ ᠳᠠᠷᠤᠭ᠎ᠠ ᠲᠢᠶᠠᠨ ᠬᠤᠩ ᠴᠧᠩ ᠱᠠᠨᠰᠢ ᠶᠢᠨ ᠰᠢ ᠠᠨ ᠤ ᠱᠧᠩ ᠪᠦᠦ ᠬᠤᠩ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠳᠤ ᠺᠤᠮᠫᠠᠨᠢ ᠳᠤ ᠬᠦᠷᠴᠦ ᠠᠷᠠᠯᠵᠢᠶᠠᠴᠢᠨ ᠤᠷᠢᠵᠤ ᠪᠠᠯᠠ ᠮᠦᠩᠬᠦ ᠣᠷᠣᠭᠤᠯᠤᠨ ᠠᠪᠴᠢᠷᠠᠬᠤ ᠠᠵᠢᠯ ᠥᠷᠨᠢᠭᠦᠯᠪᠡ᠃ ᠱᠠᠨᠰᠢ ᠶᠢᠨ ᠥᠩᠭᠡᠲᠦ ᠰᠢᠨ᠎ᠡ ᠡᠨᠧᠷᠭᠢ ᠶᠢᠨ ᠠᠵᠤ ᠦᠶᠯᠡᠳᠪᠦᠷᠢ ᠶᠢᠨ ᠬᠦᠷᠢᠶᠡᠯᠡᠩ ᠤᠨ ᠬᠠᠭᠠᠰ ᠳᠠᠮᠵᠢᠭᠤᠯᠤᠭᠴᠢ᠂ ᠬᠡᠷᠡᠯᠴᠢ ᠴᠡᠨᠡᠭ ᠤᠨ ᠠᠵᠢᠯ ᠲᠥᠷᠥᠯ ᠤᠨ  ᠴᠤᠯ ᠴᠡᠪᠡᠷ ᠥᠭᠡᠬᠦᠨ ᠴᠢᠯᠠᠭᠤᠨ ᠦᠶᠯᠡᠳᠬᠦᠨ ᠢ ᠰᠤᠳᠤᠯᠤᠨ ᠨᠡᠭᠡᠭᠡᠬᠦ ᠪᠠ ᠦᠶᠯᠡᠳᠪᠦᠷᠢᠯᠡᠬᠦ ᠶᠠᠪᠤᠴᠠ᠂ ᠦᠶᠯᠡᠳᠪᠦᠷᠢᠯᠡᠯ ᠤᠨ ᠤᠷ᠎ᠠ ᠮᠡᠷᠭᠡᠰᠢᠯ᠂ ᠮᠡᠷᠭᠡᠵᠢᠯ ᠤᠨ ᠳᠠᠪᠠᠭᠤᠯᠢᠭ᠂ ᠦᠶᠯᠡᠳᠬᠦᠨ ᠤ ᠬᠡᠷᠡᠭᠯᠡᠯᠲᠡ ᠵᠡᠷᠭᠡ ᠶᠢ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠭᠰᠠᠨ ᠪᠥᠭᠡᠳ ᠱᠧᠩ ᠪᠦᠦ ᠬᠤᠩ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠱᠧᠨ ᠶᠤᠸᠠᠨ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃     6 ᠰᠠᠷ᠎ᠠ ᠶᠢᠨ 25 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠤᠭᠤᠷᠢᠭ ᠤᠨ ᠳᠠᠷᠤᠭ᠎ᠠ ᠲᠢᠶᠠᠨ ᠬᠤᠩ ᠴᠧᠩ ᠨᠡᠷ ᠪᠤᠯᠪᠠᠰᠤᠨ ᠬᠤᠳᠠ ᠶᠢ ᠡᠬᠦᠳᠦᠨ ᠪᠠᠶᠢᠭᠤᠯᠬᠤ ᠡᠷᠡᠬᠦᠯ ᠬᠠᠮᠠᠭᠠᠯᠠᠯ ᠤᠨ ᠬᠤᠳᠠ  ᠶᠢ ᠡᠬᠦᠳᠦᠨ ᠪᠠᠶᠢᠭᠤᠯᠬᠤ᠂ ᠢᠳᠡᠬᠡᠨ ᠤ ᠠᠮᠤᠷ ᠲᠦᠪᠰᠢᠨ᠂ ᠨᠠᠷᠢᠯᠢᠬᠵᠢᠭᠤᠯᠤᠭᠰᠠᠨ ᠬᠠᠮᠢᠶᠠᠷᠤᠯᠲᠠ ᠵᠢᠴᠢ ᠠᠶᠤᠯᠭᠦᠶ ᠦᠶᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠪᠠ᠃ ᠲᠢᠶᠠᠨ ᠬᠤᠩ ᠴᠧᠩ᠂ ᠪᠦᠬᠦ ᠤᠯᠤᠰ ᠤᠨ ᠪᠣᠯᠪᠠᠰᠤᠨ ᠬᠤᠳᠠ᠂ ᠤᠯᠤᠰ ᠤᠨ ᠡᠷᠡᠭᠦᠯ ᠬᠠᠮᠠᠭᠠᠯᠠᠯ ᠤᠨ ᠬᠤᠳᠠ᠂ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠬᠤ ᠠᠵᠢᠯ ᠢ ᠦᠨᠡᠨ ᠬᠦ ᠰᠠᠶᠢᠲᠤᠷ ᠠᠳᠬᠤᠵᠤ᠂ ᠡᠭᠦᠷᠭᠡ ᠶᠢᠨ ᠬᠤᠪᠢᠶᠠᠷᠢᠯᠠᠯ ᠪᠣᠯᠤᠨ ᠡᠭᠦᠳᠦᠨ ᠪᠠᠶᠢᠭᠤᠯᠬᠤ ᠱᠠᠭᠠᠷᠳᠠᠯᠭ᠎ᠠ ᠲᠠᠢ ᠬᠠᠷᠭᠤᠭᠤᠯᠵᠤ᠂ ᠳᠤᠲᠠᠭᠤᠳᠠᠯ ᠪᠠ ᠪᠠᠭᠤᠷᠠᠢ ᠲᠠᠯ᠎ᠠ ᠪᠠᠨ ᠡᠮᠬᠢᠯᠡᠨ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠯᠳᠦᠭᠦᠯᠵᠦ᠂ ᠵᠠᠰᠠᠯᠲᠠ ᠶᠢᠨ ᠴᠢᠳᠠᠪᠤᠷᠢ ᠪᠣᠯᠤᠨ ᠵᠠᠰᠠᠯᠲᠠ ᠶᠢᠨ ᠲᠦᠪᠰᠢᠨ ᠢᠶᠠᠨ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ︔ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠶᠤᠯᠭᠦᠶ ᠦᠶᠯᠡᠳᠪᠦᠷᠢᠯᠡᠯ ᠤᠨ ᠡᠯ᠎ᠡ ᠵᠦᠶᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠰᠢᠲᠠᠮᠠᠬᠠᠶ ᠬᠡᠶ ᠶᠢᠨ ᠬᠦᠷᠢᠶᠡᠨ ᠳᠠᠬᠢ ᠲᠤᠰᠬᠠᠶ ᠴᠡᠭᠴᠡᠯᠡᠨ ᠵᠠᠰᠠᠯᠲᠠ ᠶᠢ ᠦᠳᠲᠡᠷ ᠲᠦᠷᠭᠡᠨ ᠥᠷᠨᠢᠭᠦᠯᠵᠦ᠂ ᠠᠶᠤᠯᠭᠦᠶ ᠦᠶᠯᠡᠳᠪᠦᠷᠢᠯᠡᠯ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠵᠤ᠂ ᠭᠡᠷᠡᠭ ᠤᠨ ᠡᠮᠦᠨ᠎ᠡ ᠤᠷᠢᠳᠴᠢᠯᠠᠨ ᠰᠡᠷᠭᠡᠶᠢᠯᠡᠬᠦ ᠶᠢ ᠤᠯᠠᠮ ᠨᠢᠭᠡ ᠠᠯᠬᠤᠮ ᠪᠡᠶᠡᠯᠡᠭᠦᠯᠵᠦ᠂ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠶ ᠭᠡᠵᠤ ᠴᠢᠬᠤᠯᠠᠴᠢᠯᠠᠪᠠ᠃ ᠲᠤᠭᠤᠷᠢᠭ ᠤᠨ ᠤᠳᠤᠷᠢᠳᠤᠯᠭ᠎ᠠ ᠹᠠᠨ ᠬᠤᠩ ᠴᠢᠶᠠᠩ᠂ ᠵᠠᠩ ᠬᠤᠸᠠ᠂ ᠵᠣᠣ ᠲᠠᠢ ᠰᠢᠶᠠᠨ ᠵᠢᠴᠢ ᠬᠤᠯᠪᠤᠬᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠪᠠ᠃      6 ᠰᠠᠷ᠎ᠠ ᠶᠢᠨ 26 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠤᠭᠤᠷᠢᠭ ᠤᠨ ᠳᠠᠷᠤᠭ᠎ᠠ ᠲᠢᠶᠠᠨ ᠬᠤᠩ ᠴᠧᠩ ᠨᠡᠷ ᠪᠥᠬᠦ ᠲᠤᠭᠤᠷᠢᠭ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ ᠡᠯᠰᠡᠬᠦ ᠰᠢᠯᠭᠠᠯᠲᠠ ᠶᠢᠨ ᠶᠠᠪᠤᠳᠠᠯ ᠤᠨ ᠠᠵᠢᠯ ᠢ ᠪᠠᠶᠢᠴᠠᠭᠠᠨ ᠰᠤᠳᠤᠯᠪᠠ᠃ ᠲᠢᠶᠠᠨ ᠬᠤᠩ ᠴᠧᠩ᠂ ᠡᠯ᠎ᠡ ᠬᠤᠯᠪᠣᠭᠳᠠᠯ ᠪᠦᠬᠦᠢ ᠨᠢᠭᠡᠴᠢ ᠶᠢᠨ ᠬᠢᠨ ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠬᠦ ᠶᠢ ᠲᠡᠭᠦᠯᠳᠡᠷᠵᠢᠭᠦᠯᠵᠦ᠂ ᠵᠡᠷᠭᠡ ᠪᠠᠷ ᠠᠳᠬᠤᠵᠤ ᠬᠠᠮᠲᠤ ᠪᠠᠷ ᠬᠠᠮᠢᠶᠠᠷᠬᠤ ᠠᠵᠢᠯ ᠤᠨ ᠲᠣᠭᠲᠠᠴᠠ ᠶᠢ ᠪᠦᠷᠢᠯᠳᠦᠭᠦᠯᠵᠦ᠂ ᠡᠯ᠎ᠡ ᠭᠤᠭᠴᠤᠭ᠎ᠠ ᠶᠢᠨ ᠠᠵᠢᠯ ᠢ ᠵᠦᠢᠯ ᠵᠤᠷᠪᠤᠰ ᠳᠠᠷᠠᠭᠠᠯᠠᠨ ᠰᠠᠶᠢᠲᠤᠷ ᠠᠳᠬᠤᠬᠤ ᠬᠡᠷᠡᠭᠲᠡᠢ︔ ᠰᠢᠯᠭᠠᠯᠲᠠ ᠶᠢᠨ ᠰᠠᠬᠢᠯᠭ᠎ᠠ ᠪᠠᠲᠤ ᠶᠢ ᠴᠢᠩᠳᠠᠯᠠᠵᠤ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠵᠦ᠂ ᠡᠯ᠎ᠡ ᠵᠦᠢᠯ ᠤᠨ ᠭᠡᠨᠡᠳᠲᠡ ᠶᠢᠨ ᠡᠬᠦᠰᠬᠦ ᠪᠠᠶᠢᠳᠠᠯ ᠢ ᠴᠠᠭ ᠲᠤᠬᠠᠢ ᠳᠤᠨᠢ ᠰᠢᠢᠳᠪᠦᠷᠢᠯᠡᠬᠦ ᠬᠡᠷᠡᠭᠲᠡᠢ︔ ᠬᠦᠮᠦᠯᠢᠭ ᠬᠠᠯᠠᠮᠵᠢᠯᠠᠯ ᠢ ᠳᠣᠪᠤᠶᠢᠯᠭᠠᠵᠤ᠂ ᠰᠢᠯᠭᠠᠭᠤᠯᠤᠭᠴᠢ ᠶᠢᠨ ᠰᠢᠯᠭᠠᠯᠲᠠ ᠳᠤ ᠲᠤᠰᠠᠯᠠᠬᠤ ᠦᠶᠯᠡᠴᠢᠯᠡᠭᠡᠨ ᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠡᠷᠬᠡ ᠰᠦᠷᠲᠦ ᠮᠡᠳᠡᠭᠡ ᠵᠠᠩᠭᠢ ᠪᠠ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠴᠠᠭ ᠲᠤᠬᠠᠶ ᠳᠤᠨᠢ ᠨᠡᠶᠢᠲᠡᠯᠡᠬᠦ ᠬᠡᠷᠡᠭᠲᠡᠶ ᠬᠡᠵᠤ ᠴᠢᠬᠤᠯᠠᠴᠢᠯᠠᠪᠠ᠃ ᠬᠤᠯᠪᠤᠬᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠪᠡ᠃      6 ᠰᠠᠷ᠎ᠠ ᠶᠢᠨ 26 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠤᠭᠤᠷᠢᠭ ᠤᠨ ᠳᠠᠷᠤᠭ᠎ᠠ ᠲᠢᠶᠠᠨ ᠬᠤᠩ ᠴᠧᠩ ᠬᠥᠨᠳᠡᠯᠡᠨ ᠲᠣᠭᠤᠷᠢᠭ ᠤᠨ ᠴᠢᠬᠤᠯᠠ ᠶᠡᠭᠡ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ᠂ ᠠᠵᠤ ᠠᠬᠤᠶ ᠶᠢᠨ ᠡᠷᠭᠢᠯᠲᠡ ᠵᠢᠴᠢ ︽ᠬᠤᠶᠠᠷ ᠰᠢᠨ᠎ᠡ︾ ᠶᠢᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠲᠤᠭᠤᠷᠢᠭ ᠤᠨ ᠬᠤᠶᠠᠳᠤᠭᠠᠷ᠂ ᠭᠤᠷᠪᠠᠳᠤᠭᠠᠷ ᠤᠯᠠᠷᠢᠯ ᠤᠨ ᠭᠤᠤᠯᠳᠠᠯᠭ᠎ᠠ ᠲᠠᠢ ᠲᠥᠷᠥᠯ ᠵᠦᠶᠯ ᠤᠨ ᠲᠤᠭᠤᠷᠢᠨ ᠦᠵᠡᠬᠦ ᠬᠤᠷᠠᠯ ᠤᠨ ᠪᠡᠯᠡᠳᠬᠡᠯ ᠠᠵᠢᠯ ᠢ ᠠᠬᠢᠭᠤᠯᠤᠭᠰᠠᠨ ᠵᠡᠷᠭᠡ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠤᠭᠤᠷᠢᠭ ᠤᠨ ᠪᠠᠶᠢᠩᠭᠤ ᠶᠢᠨ ᠳᠡᠳ᠋ ᠳᠠᠷᠤᠭ᠎ᠠ᠂ ᠪᠤᠭᠤᠲᠤ ᠶᠢᠨ ᠪᠤᠯᠤᠳ ᠲᠡᠮᠦᠷ ᠲᠡᠮᠦᠷᠯᠢᠭ ᠬᠠᠶᠢᠯᠤᠭᠤᠯᠬᠤ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠯᠢ ᠵᠦᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃      6 ᠰᠠᠷ᠎ᠠ ᠶᠢᠨ 29 ᠤ ᠡᠳᠦᠷ᠂ ᠲᠤᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠲᠢᠶᠠᠨ ᠬᠤᠩ ᠴᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2023 ᠣᠨ ᠤ 9 ᠳ᠋ᠤᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠶᠠᠩ ᠶᠦᠩ᠂ ᠸᠠᠩ ᠰᠢᠤ ᠵᠢᠤᠸᠠᠨ᠂ ᠵᠣᠣ ᠲᠠᠢ ᠰᠢᠶᠠᠨ᠂ ᠵᠧᠤ ᠬᠠᠶ ᠹᠸᠢ᠂ ᠯᠢ ᠸᠧᠶ ᠬᠤᠷᠠᠯ ᠳᠤ ᠣᠷᠣᠯᠴᠠᠪᠠ᠃ ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠮᠠᠨ ᠤ ᠣᠷᠣᠨ ᠳᠤ ᠰᠢᠨᠵᠢᠯᠡᠨ ᠪᠠᠶᠢᠴᠠᠭᠠᠬᠤ ᠬᠤᠭᠤᠴᠠᠭᠠᠨ ᠳᠠᠬᠢ ᠴᠢᠬᠤᠯᠠ ᠵᠢᠭᠠᠪᠤᠷᠢ ᠪᠣᠯᠤᠨ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠪᠠ ︽ᠤᠮᠠᠷᠠᠲᠤ ᠶᠢᠨ ᠭᠤᠷᠪᠠᠨ ᠣᠷᠣᠨ︾ ᠵᠡᠷᠭᠡ ᠭᠤᠤᠯᠳᠠᠯᠭ᠎ᠠ ᠲᠠᠢ ᠠᠮᠢ ᠠᠬᠤᠶ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢ ᠤᠯᠠᠮᠵᠢᠯᠠᠨ ᠰᠤᠷᠤᠯᠴᠠᠬᠤ ᠶᠢᠨ ᠬᠠᠮᠲᠤ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ︔ ︽ᠬᠥᠨᠳᠡᠯᠡᠨ ᠲᠣᠭᠤᠷᠢᠭ ᠤᠨ ᠰᠢᠯᠢᠳᠡᠭ ᠲᠥᠷᠥᠯ ᠵᠦᠶᠯ ᠤᠨ ᠴᠢᠳᠠᠪᠤᠷᠢᠲᠠᠨ ᠢ ᠲᠠᠨᠢᠯᠴᠠᠭᠤᠯᠵᠤ ᠨᠡᠶᠢᠭᠡᠮ ᠲᠣᠭᠤᠷᠢᠭ ᠤᠨ ᠠᠵᠢᠯᠲᠠᠨ ᠤ ᠪᠡᠯᠡᠳᠬᠡᠯ ᠴᠢᠳᠠᠪᠤᠷᠢᠲᠠᠨ ᠤ ᠬᠥᠮᠥᠷᠭᠡ ᠳᠤ ᠣᠷᠣᠭᠤᠯᠬᠤ ᠲᠤᠬᠠᠢ ᠬᠡᠷᠡᠭᠵᠢᠭᠦᠯᠬᠦ ᠲᠥᠰᠦᠯ ︵ᠬᠦᠷᠬᠡᠨ ᠬᠢᠨᠠᠭᠤᠯᠬᠤ ᠨᠤᠤᠷᠠᠭ︶︾᠂ ︽ᠪᠤᠭᠤᠲᠤ ᠶᠢᠨ ᠪᠣᠯᠣᠳ ᠲᠡᠮᠦᠷ ᠲᠡᠮᠦᠷᠯᠢᠭ ᠬᠠᠶᠢᠯᠤᠭᠤᠯᠬᠤ ᠨᠡᠭᠡᠭᠡᠯᠲᠡ ᠶᠢᠨ ᠲᠣᠭᠤᠷᠢᠭ ᠤᠨ ᠲᠡᠮᠦᠷᠯᠢᠭ ᠢ  ᠨᠠᠷᠢᠯᠢᠭ ᠡᠳ᠋ᠰᠢᠬᠦᠯᠬᠦ ᠠᠵᠤ ᠦᠶᠯᠡᠰ ᠤᠨ ᠬᠦᠷᠢᠶᠡᠯᠡᠩ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ ᠪᠠᠲᠤᠯᠠᠬᠤ ᠲᠤᠬᠠᠢ ᠬᠡᠷᠡᠭᠵᠢᠭᠦᠯᠬᠦ ᠲᠥᠰᠦᠯ ︵ ᠬᠦᠷᠬᠡᠨ ᠬᠢᠨᠠᠭᠤᠯᠬᠤ ᠨᠤᠤᠷᠠᠭ︶︾᠂ ︽ ᠴᠤᠯ ᠴᠡᠪᠡᠷ ᠲᠡᠯᠡᠰᠳᠤ ᠴᠠᠬᠢᠭᠤᠷ ᠤᠨ ᠭᠤᠷᠪᠠᠳᠤᠭᠠᠷ ᠬᠤᠭᠤᠴᠠᠭ᠎ᠠ ᠵᠢᠴᠢ ᠢᠵᠢ ᠪᠥᠷᠢᠳᠦᠭᠦᠯᠬᠦ ᠲᠥᠷᠥᠯ ᠵᠦᠶᠯ ᠤᠨ ᠪᠠᠯᠠ ᠣᠷᠣᠭᠤᠯᠤᠯᠲᠠ ᠶᠢᠨ ᠨᠥᠬᠦᠪᠥᠷᠢ ᠵᠥᠪᠯᠡᠯᠴᠡᠭᠡᠷ ᠤᠨ ᠪᠢᠴᠢᠭ ︵ᠬᠦᠷᠬᠡᠨ ᠬᠢᠨᠠᠭᠤᠯᠬᠤ ᠨᠤᠤᠷᠠᠭ︶︾ ᠢ ᠰᠤᠳᠤᠯᠤᠨ ᠬᠢᠨᠠᠨ ᠵᠦᠪᠯᠡᠪᠡ︔ ᠫᠢᠸᠤ᠋ ᠶᠢᠨ ᠬᠦᠷᠢᠶᠡᠯᠡᠩ ᠤᠨ ᠣᠨᠴᠠᠯᠢᠭᠲᠤ ᠵᠡᠭᠡᠯᠢ ᠶᠢᠨ ᠲᠣᠭᠤᠷᠢᠭ ᠢ ᠪᠠᠶᠢᠭᠤᠯᠬᠤ ᠶᠢ ᠠᠬᠢᠭᠤᠯᠤᠭᠰᠠᠨ ᠬᠠᠮᠢᠶ᠎ᠠ ᠪᠦᠬᠦᠢ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ᠂ ᠲᠦᠩ ᠸᠧᠶ ᠶᠢᠨ ᠭᠤᠷᠪᠠᠳᠤᠭᠠᠷ ᠬᠤᠭᠤᠴᠠᠭᠠᠨ ᠤ ᠲᠥᠷᠥᠯ ᠵᠦᠶᠯ ᠤᠨ ᠬᠡᠰᠡᠭ ᠭᠠᠵᠠᠷ ᠤᠨ ᠰᠣᠮᠣ ᠶᠢᠨ  ᠴᠠᠬᠢᠯᠭᠠᠨ ᠬᠤᠪᠢᠰᠬᠠᠭᠤᠷ 913 ᠰᠣ᠋ ᠳ᠋ᠠ ᠱᠣᠭᠤᠮ ᠢ ᠨᠡᠭᠦᠯᠭᠡᠨ ᠥᠭᠡᠷᠡᠴᠢᠯᠡᠬᠦ ᠪᠠᠷᠢᠯᠭ᠎ᠠ ᠶᠢᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ᠂ ︽ᠯᠦᠩ ᠮᠠ ᠶᠢᠨ ᠲᠥᠷᠥᠯ ᠵᠦᠶᠯ ᠤᠨ ᠭᠠᠵᠠᠷ ᠤᠨ ᠬᠡᠰᠡᠭ ᠤᠨ 35 ᠺᠢᠯᠦᠸᠤᠯᠲ ᠤᠨ ᠱᠤᠭᠤᠮ ᠤᠨ ᠪᠠᠷᠢᠯᠭ᠎ᠠ︾  ᠶᠢᠨ ᠲᠤᠬᠠᠶ ᠬᠠᠷᠢᠭᠤ ᠮᠡᠳᠡᠭᠦᠯᠦᠯᠲᠡ᠂ ᠺᠦᠨ ᠯᠤ᠋ ᠺᠣᠮᠫᠠᠨᠢ ᠠᠴᠠ ᠢᠳᠡᠭᠡᠨ ᠤᠮᠳᠠᠭᠠᠨ ᠤ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠶᠢ ᠪᠠᠶᠢᠭᠤᠯᠵᠤ ᠮᠠᠨ ᠤ ᠲᠤᠭᠤᠷᠢᠭ ᠤᠨ ᠬᠤᠳᠠᠯᠳᠤᠭᠠᠨ ᠤ ᠵᠡᠭᠡᠯᠢ ᠶᠢᠨ ᠲᠣᠭᠤᠷᠢᠭ ᠲᠤ ᠨᠢᠭᠡᠳᠦᠯᠲᠡᠶ ᠳ᠋ᠦᠩᠨᠡᠨ ᠪᠣᠳᠣᠯᠲᠠ ᠬᠢᠬᠦ ᠲᠤᠬᠠᠶ ᠬᠠᠷᠢᠭᠤ ᠮᠡᠳᠡᠭᠦᠯᠦᠯᠲᠡ᠂ ᠪᠤᠷᠬᠠᠨᠲᠤ ᠪᠠᠯᠭᠠᠰᠤ ᠲᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠠᠴᠠ ᠵᠣᠭᠤᠰ ᠵᠢᠭᠡᠯᠡᠵᠦ ᠲᠦᠩ ᠸᠧᠶ ᠶᠢᠨ ᠴᠠᠬᠢᠭᠤᠷ ᠤᠨ ᠡᠨᠧᠷᠭᠢ ᠶᠢᠨ ᠲᠥᠷᠥᠯ ᠵᠦᠶᠯ ᠤᠨ ᠬᠠᠮᠢᠶ᠎ᠠ ᠪᠥᠬᠦᠶ ᠰᠠᠭᠤᠷᠢ ᠲᠦᠬᠦᠭᠡᠷᠦᠮᠵᠢ ᠶᠢ ᠢᠵᠢ ᠪᠥᠷᠢᠳᠦᠭᠦᠯᠬᠦ ᠢᠨᠵᠧᠨᠧᠷᠢᠩ ︵ᠰᠢᠩ ᠬᠤᠸᠠ ᠵᠡᠭᠡᠯᠢ ᠬᠢᠭᠡᠳ ᠠᠶ ᠶᠧ ᠵᠠᠮ ᠢ ᠨᠡᠪᠲᠡᠷᠡᠭᠦᠯᠬᠦ ᠢᠨᠵᠧᠨᠧᠷᠢᠩ︶ ᠤᠨ ᠭᠠᠵᠠᠷ ᠳᠡᠭᠡᠷᠡᠬᠢ ᠪᠣᠳᠠᠰ ᠢ ᠲᠠᠲᠠᠪᠤᠷᠢᠯᠠᠨ ᠨᠤᠷᠠᠭᠠᠬᠤ ᠳᠤ ᠳᠤ ᠬᠡᠷᠡᠭᠯᠡᠭᠰᠡᠨ ᠬᠠᠮᠢᠶ᠎ᠠ ᠪᠥᠬᠦᠶ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ᠂ ᠬᠥᠨᠳᠡᠯᠡᠨ ᠲᠣᠭᠤᠷᠢᠭ ᠤᠨ ᠤᠨᠳᠤᠤ ᠭᠠᠵᠠᠷ ᠠᠴᠠ ᠬᠤᠳᠠᠯᠳᠤᠨ ᠠᠪᠤᠬᠰᠠᠨ ᠲᠦᠩᠯᠢᠶᠣᠤ ᠬᠤᠲᠠ ᠶᠢᠨ ᠺᠠᠶᠢᠯᠦ ᠰᠢᠶᠠᠨ ᠤ ᠲᠠᠷᠢᠶᠠᠨ ᠭᠠᠵᠠᠷ ᠤᠨ ᠭᠦᠶᠴᠡᠳᠬᠡᠯ ᠲᠤᠭ᠎ᠠ ᠶᠢ ᠨᠦᠬᠦᠪᠦᠷᠢᠯᠡᠭᠰᠡᠨ ᠵᠠᠷᠤᠳᠠᠯ ᠢ ᠦᠭᠭᠦᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ ᠵᠠᠷᠤᠳᠠᠯ ᠢ ᠬᠤᠪᠢᠶᠠᠷᠢᠯᠠᠬᠤ ᠪᠠᠷ  ᠲᠥᠯᠥᠪᠯᠡᠵᠦ ᠪᠠᠶᠢᠭ᠎ᠠ ᠲᠤᠬᠠᠶ ᠬᠠᠷᠢᠭᠤ ᠮᠡᠳᠡᠭᠦᠯᠦᠯᠲᠡ ᠶᠢ ᠰᠤᠨᠤᠰᠪᠠ᠃      6 ᠰᠠᠷ᠎ᠠ ᠶᠢᠨ 30 ᠤ ᠡᠳᠦᠷ᠂ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠲᠢᠶᠠᠨ ᠬᠤᠩ ᠴᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2023 ᠣᠨ ᠤ 10 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠵᠠᠩ ᠬᠤᠸᠠ᠂ ᠶᠠᠩ ᠶᠦᠩ᠂ ᠸᠠᠩ ᠰᠢᠤ ᠵᠢᠤᠸᠠᠨ᠂ ᠵᠧᠤ ᠬᠠᠶ ᠹᠸᠢ᠂ ᠯᠢ ᠸᠧᠶ ᠬᠤᠷᠠᠯ ᠳᠤ ᠣᠷᠣᠯᠴᠠᠪᠠ᠃ ᠬᠤᠷᠠᠯ ᠠᠴᠠ ᠪᠡᠯᠡ ᠮᠥᠩᠭᠦ ᠥᠭᠬᠦ ᠬᠤᠯᠪᠣᠭᠳᠠᠯ ᠪᠦᠬᠦᠢ ᠶᠠᠪᠤᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号