ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠠᠵᠢᠯ ᠤᠨ ᠬᠤᠷᠠᠯ ᠬᠤᠷᠠᠯᠳᠤᠵᠤ ᠠᠵᠤ ᠠᠬᠤᠢ ᠶᠢᠨ ᠡᠷᠭᠢᠯᠲᠡ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠠᠵᠢᠯ ᠢ ᠰᠤᠳᠤᠯᠪᠠ
ᠨᠡᠶᠢᠲᠡᠯᠡᠭᠰᠡᠨ ᠴᠠᠭ᠄
2023/7/28
     7 ᠰᠠᠷ᠎ᠠ ᠶᠢᠨ 24 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠶᠦᠩ ᠯᠢ ᠱᠦᠵᠢ  ᠶᠢᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠠᠵᠤ ᠠᠬᠤᠶ ᠶᠢᠨ ᠡᠷᠭᠢᠯᠲᠡ᠂ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠠᠵᠢᠯ ᠢ ᠰᠤᠳᠤᠯᠪᠠ᠃      ᠲᠤᠭᠤᠷᠢᠭ ᠤᠨ ᠤᠳᠤᠷᠢᠳᠤᠯᠭ᠎ᠠ ᠯᠢ ᠵᠦᠩ᠂ ᠢᠦᠢ ᠷᠦᠢ ᠴᠢᠩ᠂ ᠯᠢ ᠬᠤᠩ ᠢᠦᠢ᠂ ᠵᠧᠦ ᠬᠠᠢ ᠹᠸᠢ ᠬᠤᠷᠠᠯ ᠳᠤ ᠣᠷᠣᠯᠴᠠᠪᠠ᠃      ᠬᠤᠷᠠᠯ ᠠᠴᠠ᠂ ᠡᠨᠡ ᠵᠢᠯ ᠠᠴᠠ ᠨᠠᠭᠠᠰᠢ᠂ ᠪᠥᠬᠦ ᠲᠤᠭᠤᠷᠢᠭ ᠳᠠᠶᠠᠭᠠᠷ ᠢᠶᠠᠨ ︽ᠲᠥᠷᠥᠯ ᠵᠦᠢᠯ ᠢᠶᠠᠷ ᠲᠦᠷᠦᠬᠦᠯᠡᠬᠦᠯᠬᠦ︾ ᠤᠶᠢᠯᠠᠭᠠᠬᠳᠠᠬᠤᠨ ᠢ ᠪᠠᠲᠤ ᠪᠤᠢ ᠪᠣᠯᠭᠠᠵᠤ᠂ ︽ᠬᠤᠶᠠᠷ ᠰᠢᠨ᠎ᠡ︾ ᠪᠠᠷ ᠤᠳᠤᠷᠢᠳᠤᠮᠵᠢ ᠪᠣᠯᠭᠠᠬᠤ ᠶᠢ ᠴᠢᠩᠭᠠᠳᠬᠠᠨ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠲᠠᠢ ᠨᠢᠬᠳᠠ ᠤᠶᠠᠯᠳᠤᠭᠤᠯᠵᠤ ᠪᠠᠯᠠ ᠣᠷᠣᠭᠤᠯᠤᠯᠲᠠ ᠶᠢ ᠠᠳᠬᠤᠵᠤ᠂ ᠪᠦᠬᠦ ᠬᠦᠴᠦᠨ ᠢᠶᠠᠷ ᠢᠶᠠᠨ ᠠᠬᠢᠭᠤᠯᠬᠤ ᠶᠢ ᠴᠢᠩᠭᠠᠳᠬᠠᠨ᠂ ᠦᠢᠯᠡᠴᠢᠯᠡᠭᠡ ᠶᠢ ᠰᠢᠯᠢᠳᠡᠭᠵᠢᠭᠦᠯᠵᠦ᠂ ᠭᠤᠤᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠰᠠᠶᠢᠨ ᠰᠠᠶᠢᠬᠠᠨ ᠪᠠᠢᠳᠠᠯ ᠢᠯᠡᠷᠡᠪᠡ᠃ ᠪᠥᠬᠦ ᠲᠤᠭᠤᠷᠢᠭ ᠤᠨ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ ᠶᠢᠨ ᠬᠢᠨ ᠦᠵᠡᠯ ᠰᠠᠨᠠᠭ᠎ᠠ ᠲᠠᠨᠢᠯᠲᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠲᠥᠷᠥᠯ ᠵᠦᠢᠯ ᠢ ᠶᠡᠭᠡ ᠪᠠᠷ ᠠᠳᠬᠤᠬᠤ᠂ ᠲᠣᠮᠣ ᠲᠥᠷᠥᠯ ᠵᠦᠢᠯ ᠢ ᠠᠳᠬᠤᠬᠤ ᠦᠵᠡᠯ ᠰᠠᠨᠠᠭᠠᠨ ᠤ ᠤᠬᠠᠮᠰᠠᠷ ᠪᠣᠯᠤᠨ ᠬᠦᠯᠢᠶᠡᠵᠦ ᠲᠦᠪᠳᠡᠬᠦ ᠥᠬᠡᠶ᠂ ᠤᠳᠠᠭᠠᠰᠢᠷᠠᠭᠤᠯᠵᠤ ᠪᠤᠯᠬᠤ ᠥᠬᠡᠶ ᠬᠠᠷᠢᠭᠤᠴᠠᠯᠭᠠᠲᠤ ᠰᠡᠳᠬᠢᠯᠭᠡ᠂ ᠲᠤᠯᠭᠠᠮ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠲᠣᠳᠣᠷᠬᠠᠶ ᠬᠠᠷᠠᠯᠲᠠ ᠡᠭᠦᠷᠭᠡ᠂ ᠠᠵᠢᠯ ᠤᠨ ᠪᠠᠷᠢᠮᠵᠢᠶ᠎ᠠ ᠪᠣᠯᠤᠨ ᠴᠠᠭ ᠤᠨ ᠬᠢᠵᠠᠭᠠᠷ ᠤᠨ ᠱᠠᠭᠠᠷᠳᠠᠯᠭ᠎ᠠ ᠶᠢ ᠦᠨᠳᠦᠰᠦᠯᠡᠨ᠂ ᠪᠠᠷᠢᠯᠭ᠎ᠠ ᠶᠢᠨ ᠬᠤᠭᠤᠴᠠᠭ᠎ᠠ ᠶᠢ ᠵᠠᠪᠳᠤᠨ ᠬᠤᠷᠳᠤᠴᠠ ᠶᠢ ᠬᠥᠭᠡᠭᠡᠴᠡᠯᠳᠦᠵᠦ᠂ ᠬᠦᠴᠢᠷ ᠠᠰᠠᠭᠤᠳᠠᠯ ᠢ ᠰᠢᠢᠳᠪᠦᠷᠢᠯᠡᠨ ᠪᠣᠭᠤᠮᠢ ᠠᠰᠠᠭᠤᠳᠠᠯ ᠢ ᠰᠢᠪᠳᠤᠯᠵᠤ᠂ ᠠᠷᠭ᠎ᠠ ᠬᠡᠮᠵᠢᠶ᠎ᠡ ᠪᠠᠨ ᠴᠢᠩᠭᠠᠳᠬᠠᠨ ᠦᠷ᠎ᠡ ᠠᠰᠢᠭ ᠢ ᠡᠭᠦᠳᠴᠦ᠂ ᠠᠰᠠᠭᠤᠳᠠᠯ ᠢ ᠪᠠᠶᠢᠴᠠᠭᠠᠨ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ᠠᠵᠢᠯ ᠤᠨ ᠣᠶᠤᠨ ᠴᠢᠳᠠᠯ ᠢᠶᠠᠨ ᠲᠥᠷᠥᠯ ᠵᠦᠢᠯ ᠳᠡᠭᠡᠷ᠎ᠡ ᠲᠥᠪᠯᠡᠷᠡᠭᠦᠯᠵᠦ᠂ ᠴᠢᠨᠠᠷ ᠰᠠᠶᠢᠲᠠᠶ ᠡᠬᠢ ᠪᠠᠶᠠᠯᠢᠭ ᠢ ᠲᠥᠷᠥᠯ ᠵᠦᠢᠯ ᠳᠡᠭᠡᠷ᠎ᠡ ᠲᠥᠪᠯᠡᠷᠡᠭᠦᠯᠵᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠨᠠᠩ ᠣᠯᠠᠨ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠵᠤ᠂ ᠭᠠᠷᠠᠭ ᠪᠦᠷᠢ ᠠᠬᠢᠴᠠ ᠲᠠᠢ᠂ ᠰᠠᠷ᠎ᠠ ᠪᠦᠷᠢ ᠰᠢᠨ᠎ᠡ ᠳᠦᠷᠢ ᠲᠥᠷᠬᠦ ᠶᠢ ᠦᠵᠡᠬᠦᠯᠬᠦ ᠶᠢ ᠪᠡᠶᠡᠯᠡᠭᠦᠯᠬᠦ ᠬᠡᠷᠡᠭᠲᠡᠶ᠃ ᠦᠢᠯᠡᠴᠢᠯᠡᠭᠡᠨ ᠤ ᠤᠬᠠᠮᠰᠠᠷ ᠢᠶᠠᠨ ᠤᠯᠠᠮ ᠴᠢᠨᠠᠭᠰᠢᠳᠠ ᠴᠢᠩᠭᠠᠳᠬᠠᠵᠤ᠂ ᠵᠠᠰᠠᠭ ᠠᠵᠤ ᠠᠬᠤᠶᠢᠯᠠᠯ ᠤᠨ ᠬᠠᠷᠢᠯᠴᠠᠵᠤ ᠨᠡᠪᠲᠡᠷᠡᠯᠴᠡᠬᠦ ᠠᠷᠭ᠎ᠠ ᠵᠠᠮ ᠢ ᠰᠢᠯᠤᠭᠤᠳᠬᠠᠵᠤ᠂ ᠠᠵᠤ ᠠᠬᠤᠶᠢᠯᠠᠯ ᠳᠤ ᠰᠠᠭᠤᠭ᠎ᠠ ᠬᠤᠯᠪᠣᠭᠠᠴᠢᠨ᠂ ᠬᠠᠪᠰᠤᠷᠤᠨ ᠭᠦᠢᠴᠡᠳᠬᠡᠵᠦ ᠣᠷᠣᠯᠠᠨ ᠭᠦᠢᠴᠡᠳᠬᠡᠬᠦ ᠵᠡᠷᠭᠡ ᠲᠣᠭᠲᠠᠴᠠ ᠶᠢ ᠭᠦᠢᠴᠡᠳ ᠰᠠᠶᠢᠲᠤᠷ ᠬᠡᠷᠡᠭᠯᠡᠵᠦ᠂ ᠠᠵᠤ ᠠᠬᠤᠶᠢᠯᠠᠯ ᠳᠤ ᠭᠦᠨᠵᠡᠭᠡᠶᠢᠷᠡᠨ ᠬᠥᠭᠵᠢᠯᠲᠡ ᠶᠢᠨ ᠬᠡᠷᠡᠭᠴᠡᠭᠡ ᠶᠢ ᠨᠢ ᠣᠶᠢᠯᠠᠭᠠᠵᠤ᠂ ᠬᠦᠴᠢᠷᠳᠡᠯ ᠢ ᠨᠢ ᠦᠨᠡᠨ ᠪᠣᠳᠠᠲᠠᠢ ᠬᠠᠪᠰᠤᠷᠤᠨ ᠰᠢᠢᠳᠪᠦᠷᠢᠯᠡᠵᠦ ᠥᠭᠬᠦ ᠬᠡᠷᠡᠭᠲᠡᠢ᠃ ᠪᠦᠯᠬᠦᠮᠳᠡᠨ ᠬᠠᠮᠵᠢᠯᠴᠠᠬᠤ ᠪᠠᠨ ᠴᠢᠩᠭᠠᠳᠬᠠᠵᠤ᠂ ᠭᠤᠣᠯᠳᠠᠯᠭ᠎ᠠ ᠲᠠᠢ ᠲᠦᠷᠦᠯ ᠵᠦᠢᠯ ᠢ ᠲᠦᠷᠦᠭᠦᠯᠡᠨ ᠬᠢᠬᠦ ᠨᠢᠭᠡᠴᠢ ᠪᠣᠯᠤᠨ ᠡᠯ᠎ᠡ ᠡᠭᠦᠷᠭᠡ ᠲᠤᠰᠢᠶᠡᠯᠳᠤ ᠰᠠᠯᠠᠭ᠎ᠠ ᠮᠥᠴᠢᠷ ᠤᠨ ᠬᠤᠭᠤᠷᠣᠨᠳᠣ ᠪᠠᠨ ᠢᠵᠢᠯ ᠠᠯᠬᠤᠮ ᠢᠶᠠᠷ ᠵᠣᠬᠢᠴᠠᠭᠤᠯᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠢᠯᠡᠭᠦᠬᠡᠨ ᠨᠡᠪᠳᠡᠷᠡᠯᠴᠡᠵᠤ᠂ ᠵᠥᠪᠳᠡᠯᠴᠡᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠬᠠᠮᠤᠭ ᠤᠨ ᠶᠡᠭᠡ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ᠃ ᠱᠠᠯᠠᠪᠳᠠᠭᠤᠯᠤᠨ ᠪᠠᠶᠢᠴᠠᠭᠠᠵᠤ ᠱᠠᠯᠠᠪᠳᠠᠭᠤᠯᠤᠨ ᠰᠢᠢᠳᠪᠦᠷᠢᠯᠡᠭᠦᠯᠬᠦ ᠶᠢ ᠴᠢᠩᠳᠠᠯᠠᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ︽ ᠬᠤᠷᠳᠤᠴᠠ ᠶᠢ ᠲᠦᠷᠭᠡᠳᠬᠡᠬᠦ︾ ᠶᠢ ᠭᠡᠳᠡᠷᠬᠦ ᠰᠢᠬᠠᠮᠳᠠᠭᠤᠯᠵᠤ᠂ ᠲᠦᠷᠦᠯ ᠵᠦᠢᠯ ᠢᠶᠠᠷ ᠪᠦᠬᠦ ᠲᠤᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠴᠢᠨᠠᠷ ᠰᠠᠶᠢᠲᠠᠢ ᠠᠬᠢᠭᠤᠯᠬᠤ ᠬᠡᠷᠡᠭᠲᠡᠢ᠃ ︵ᠢᠷᠡᠯᠲᠡ᠄ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠬᠡᠷ︶
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号