ᠣᠳᠣᠬᠠᠨ ᠪᠣᠯᠲᠠᠯ᠎ᠠ᠂ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ 4 ᠬᠤᠭᠤᠯᠠᠨ ᠭᠡᠷ ᠢ | ᠪᠦᠲᠦᠭᠡᠨ ᠪᠠᠶᠢᠭᠤᠯᠬᠤ ᠶᠢᠨ ᠬᠠᠮᠲᠤ ᠠᠰᠢᠭᠯᠠᠯᠲᠠ ᠳᠤ ᠣᠷᠣᠭᠤᠯᠤᠨ ᠡᠵᠡᠩᠨᠡᠵᠦ᠂ ᠠᠷᠠᠳ ᠵᠡᠭᠡᠯᠢ ᠭᠤᠳᠤᠮᠵᠢ | ᠡᠳᠦᠷ ᠪᠦᠷᠢ 2000 ᠭᠠᠷᠤᠶ ᠨᠠᠰᠤᠲᠠᠶᠢᠴᠤᠳ ᠲᠤ ᠰᠢᠭᠤᠳ ᠦᠢᠯᠡᠴᠢᠯᠡᠵᠦ᠂ ᠡᠳᠦᠷ ᠪᠦᠷᠢ ᠡᠷᠭᠢᠨ | ᠲᠣᠭᠤᠷᠢᠨ ᠤ ᠨᠡᠶᠢᠭᠡᠮ ᠲᠣᠭᠤᠷᠢᠭ ᠤᠨ 2 ᠲᠦᠮᠡ ᠭᠠᠷᠤᠶ ᠰᠠᠭᠤᠭᠠᠯᠢ ᠠᠷᠠᠳ ᠲᠤ ᠲᠡᠮ ᠢᠶᠠᠷ ᠠᠰᠢᠭ ᠬᠦᠷᠳᠡᠭᠡᠵᠤ | ᠪᠠᠶᠢᠨ᠎ᠠ᠃ ︽ᠰᠦᠯᠵᠢᠶᠡᠨ ᠳᠡᠭᠡᠷ᠎ᠡ + ᠠᠬᠤᠢ ᠲᠠᠯᠠᠪᠠᠢ︾ ᠶᠢᠨ ᠬᠤᠭᠤᠯᠠ ᠵᠠᠬᠢᠶᠠᠯᠠᠬᠤ ᠬᠡᠯᠪᠡᠷᠢ ᠶᠢ ᠰᠢᠨ᠎ᠡ ᠪᠠᠷ | ᠡᠬᠦᠳᠪᠡ᠃ ᠤᠲᠠᠰᠤ᠂ ᠵᠢᠷᠬᠢᠶ᠎ᠡ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠲᠤᠤᠷᠵᠢᠭᠤᠯᠤᠨ ᠳᠣᠭᠢᠷᠠᠭᠤᠯᠤᠨ | ᠬᠦᠷᠭᠡᠵᠦ᠂ ︽1 + N︾ ᠦᠢᠯᠡᠴᠢᠯᠡᠬᠡᠨ ᠤ ᠵᠠᠭᠪᠤᠷ ᠢ ᠪᠣᠶ ᠪᠣᠯᠭᠠᠵᠤ᠂ ᠬᠤᠭᠤᠯᠠ ᠲᠤᠬᠢᠷᠠᠭᠤᠯᠬᠤ ᠪᠠ | ᠬᠤᠭᠤᠯᠠ ᠬᠦᠷᠭᠡᠬᠦ ᠠᠵᠢᠯ ᠤᠨ ᠳᠤᠲᠠᠭᠤᠳᠠᠯ ᠢ ᠨᠥᠬᠦᠪᠥᠷᠢᠯᠠᠪᠠ᠃ ᠲᠡᠷᠡᠴᠢᠯᠡᠨ ᠪᠥᠬᠦ ᠲᠠᠯ᠎ᠠ ᠶᠢᠨ ᠸᠢᠳᠢᠤ᠋ ᠪᠠᠷ | ᠬᠢᠨᠠᠨ ᠡᠵᠡᠮᠳᠡᠬᠦ ᠰᠢᠰᠲ᠋ᠧᠮ ᠢ ᠨᠢᠭᠡᠳᠦᠯᠲᠡᠶ ᠤᠭᠰᠠᠷᠠᠵᠤ᠂ ᠨᠡᠶᠢᠭᠡᠮ ᠲᠣᠭᠤᠷᠢᠭ ᠤᠨ ᠬᠤᠭᠤᠯᠠᠨ ᠬᠡᠷ ᠤᠨ ᠬᠢᠨᠠᠯᠲᠠ | ᠬᠠᠮᠢᠶᠠᠷᠤᠯᠲᠠ ᠶᠢᠨ ᠲᠠᠪᠴᠠᠩ ᠳᠤ ᠣᠷᠣᠭᠤᠯᠵᠤ᠂ ᠬᠢᠨᠠᠨ ᠬᠠᠮᠢᠶᠠᠷᠬᠤ ᠠᠵᠢᠯᠲᠠᠨ ᠠᠴᠠ ᠭᠠᠷ ᠤᠲᠠᠰᠤ ᠪᠠ | ᠳ᠋ᠠᠶᠢᠲ᠋ᠠ ᠶᠢᠨ ᠲᠥᠪ ᠤᠨ ᠲᠣᠮᠣ ᠳᠡᠯᠭᠡᠴᠡ ᠪᠠᠷ ᠪᠦᠬᠦ ᠪᠠᠶᠢᠳᠠᠯ ᠢ ᠴᠠᠭ ᠢᠮᠠᠭᠲᠠ ᠪᠠᠶᠢᠴᠠᠭᠠᠨ ᠦᠵᠡᠵᠦ᠂ ᠡᠭᠦᠳᠡᠨ | ᠳᠡᠭᠡᠷ᠎ᠡ ᠠᠴᠠ ᠠᠪᠤᠭᠠᠳ ᠲᠣᠭᠤᠭᠠᠨ ᠬᠡᠷ ᠬᠦᠷᠲᠡᠯ᠎ᠡ᠂ ᠬᠤᠭᠤᠯᠠ ᠪᠡᠯᠡᠳᠬᠡᠬᠦ ᠠᠴᠠ ᠠᠪᠤᠭᠠᠳ ᠬᠤᠭᠤᠯᠠᠨ | ᠰᠢᠷᠡᠭᠡᠨ ᠳᠤ ᠬᠦᠷᠲᠡᠯ᠎ᠡ ᠥᠨᠴᠥᠭ ᠪᠤᠯᠤᠩ ᠦᠯᠡᠳᠡᠭᠡᠬᠦ ᠦᠬᠡᠢ᠂ ᠪᠦᠬᠦᠨ ᠢ ᠬᠠᠮᠤᠷᠤᠭᠰᠠᠨ ᠬᠢᠨᠠᠯᠲᠠ | ᠬᠠᠮᠢᠶᠠᠷᠤᠯᠲᠠ ᠶᠢ ᠪᠡᠶᠡᠯᠡᠭᠦᠯᠪᠠ᠃ ︵ᠠᠷᠠᠳ ᠵᠡᠭᠡᠯᠢ ᠭᠤᠳᠤᠮᠵᠢ︶ |