1 — 4 ᠰᠠᠷ᠎ᠠ ᠳᠤ᠂ ᠪᠥᠬᠦ ᠲᠣᠭᠤᠷᠢᠭ ᠤᠨ ᠳᠡᠭᠡᠳᠦ ᠳᠤᠤᠷᠠᠳᠤ ᠱᠠᠲᠤ ᠪᠠᠷ ᠢᠶᠠᠨ ᠨᠠᠮ ᠤᠨ ᠬᠤᠷᠢᠳᠤᠭᠠᠷ | ᠶᠡᠭᠡ ᠬᠤᠷᠠᠯ ᠤᠨ ᠵᠣᠷᠢᠭ ᠰᠠᠨᠠᠭ᠎ᠠ ᠪᠠ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ | ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ᠳᠡᠭᠡᠳᠦ ᠱᠠᠲᠤᠨ ᠤ ᠰᠢᠢᠳᠪᠦᠷᠢᠳᠤ ᠪᠣᠳᠣᠯᠭ᠎ᠠ ᠶᠢᠨ | ᠪᠠᠶᠢᠷᠢᠯᠠᠭᠤᠯᠤᠯᠲᠠ ᠶᠣᠰᠣᠭᠠᠷ᠂ ᠲᠣᠭᠲᠠᠭᠤᠨ ᠤ ᠳᠤᠮᠳᠠ ᠠᠬᠢᠯᠳᠠ ᠲᠠᠢ ᠪᠠᠶᠢᠬᠤ ᠠᠵᠢᠯ ᠤᠨ ᠶᠡᠷᠦᠩᠬᠡᠶ ᠬᠥᠭ | ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠤᠶᠢᠯᠠᠭᠠᠬᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠥᠬᠦ | ᠲᠠᠯ᠎ᠠ ᠪᠠᠷ ᠲᠤᠭᠤᠰᠢᠯᠠᠭᠤᠯᠵᠤ᠂ ᠴᠢᠨᠠᠷ ᠰᠠᠶᠢᠲᠠᠶ ᠬᠥᠭᠵᠢᠯᠲᠡ ᠶᠢ ᠬᠦᠴᠦᠯᠡᠨ ᠠᠬᠢᠭᠤᠯᠵᠤ᠂ ᠰᠢᠨ᠎ᠡ | ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠬᠥᠨᠳᠡᠯᠡᠨ ᠲᠣᠭᠤᠷᠢᠭ ᠤᠨ ᠠᠵᠤ ᠠᠬᠤᠶ ᠶᠢᠨ | ᠡᠷᠭᠢᠯᠲᠡ ᠦᠷᠭᠦᠯᠵᠢᠯᠡᠨ ᠰᠠᠶᠢᠵᠢᠷᠠᠬᠤ ᠬᠠᠨᠳᠤᠰᠢ ᠲᠠᠢ ᠪᠣᠯᠪᠠ᠃ | 1 — 4 ᠰᠠᠷ᠎ᠠ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ | ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 31.8% ᠪᠠᠷ ᠨᠡᠮᠡᠭᠳᠡᠵᠦ᠂ ᠪᠥᠬᠦ ᠬᠤᠲᠠ ᠶᠢᠨ | ᠲᠡᠭᠰᠢᠳᠭᠡᠭᠰᠡᠨ ᠲᠦᠪᠰᠢᠨ ᠠᠴᠠ ᠵᠠᠭᠤᠨ ᠤ ᠬᠠᠷᠢᠴᠠᠯ ᠢᠶᠠᠷ 12.0 ᠬᠤᠪᠢ ᠥᠨᠳᠥᠷ ᠪᠣᠯᠵᠣ᠂ ᠲᠦᠷᠦᠬᠦᠦ | ᠤᠯᠠᠷᠢᠯ ᠤᠨ ᠬᠢ ᠠᠴᠠ ᠵᠠᠭᠤᠨ ᠤ ᠬᠠᠷᠢᠴᠠᠯ ᠢᠶᠠᠷ 1.7 ᠬᠤᠪᠢ ᠲᠦᠷᠭᠡᠨ ᠪᠤᠯᠵᠤ᠂ ᠪᠥᠬᠦ ᠬᠤᠲᠠ ᠶᠢᠨ 2 ᠳ᠋ᠤᠭᠠᠷ | ᠲᠤ ᠤᠷᠤᠪᠠ᠂ ᠬᠤᠲᠠ ᠶᠢᠨ ᠲᠠᠪᠤᠨ ᠲᠣᠭᠤᠷᠢᠭ ᠤᠨ ᠲᠤᠳᠤᠷ᠎ᠠ ᠲᠦᠷᠦᠬᠦᠯᠡᠪᠡ︔ ᠲᠣᠭᠲᠠᠮᠠᠯ ᠬᠥᠷᠥᠩᠭᠡ ᠶᠢᠨ | ᠪᠡᠯᠡ ᠣᠷᠣᠭᠤᠯᠤᠯᠲᠠ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 33.3% ᠪᠠᠷ ᠨᠡᠮᠡᠭᠳᠡᠵᠦ᠂ ᠪᠦᠬᠦ | ᠬᠤᠲᠠ ᠶᠢᠨ 7 ᠳ᠋ᠤᠭᠠᠷ ᠲᠤ ᠤᠷᠤᠪᠠ᠂ ᠬᠤᠲᠠ ᠶᠢᠨ ᠲᠠᠪᠤᠨ ᠲᠣᠭᠤᠷᠢᠭ ᠤᠨ ᠲᠤᠳᠤᠷ᠎ᠠ 3 ᠳ᠋ᠤᠭᠠᠷ ᠲᠤ ᠣᠷᠣᠪᠠ︔ | ᠨᠡᠶᠢᠭᠡᠮ ᠤᠨ ᠬᠡᠷᠡᠭᠯᠡᠭᠡᠨ ᠤ ᠲᠠᠸᠠᠷ ᠢ ᠵᠢᠵᠢᠭᠯᠡᠨ ᠪᠤᠷᠤᠯᠠᠭᠤᠯᠤᠬᠰᠠᠨ ᠶᠡᠷᠦᠩᠬᠡᠢ ᠬᠡᠮᠵᠢᠶ᠎ᠡ 108.21 | ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 9.4% ᠪᠠᠷ | ᠨᠡᠮᠡᠭᠳᠡᠵᠦ᠂ ᠪᠦᠬᠦ ᠬᠤᠲᠠ ᠶᠢᠨ ᠲᠡᠭᠰᠢᠳᠭᠡᠭᠰᠡᠨ ᠲᠦᠪᠰᠢᠨ ᠠᠴᠠ ᠵᠠᠭᠤᠨ ᠤ ᠬᠠᠷᠢᠴᠠᠯ ᠢᠶᠠᠷ 1.0 ᠬᠤᠪᠢ | ᠥᠨᠳᠥᠷ ᠪᠤᠯᠵᠤ᠂ ᠲᠦᠷᠦᠬᠦᠦ ᠤᠯᠠᠷᠢᠯ ᠤᠨ ᠬᠢ ᠠᠴᠠ ᠵᠠᠭᠤᠨ ᠤ ᠬᠠᠷᠢᠴᠠᠯ ᠢᠶᠠᠷ 1.3 ᠬᠤᠪᠢ ᠲᠦᠷᠬᠡᠨ ᠪᠤᠯᠵᠤ᠂ | ᠶᠡᠷᠦᠩᠬᠡᠢ ᠬᠡᠮᠵᠢᠶ᠎ᠡ ᠨᠢ ᠪᠦᠬᠦ ᠬᠤᠲᠠ ᠳᠤ ᠲᠦᠷᠦᠬᠦᠯᠡᠵᠤ᠂ ᠨᠡᠮᠡᠭᠳᠡᠯ ᠤᠨ ᠬᠤᠷᠳᠤᠴᠠ ᠨᠢ ᠪᠦᠬᠦ ᠬᠤᠲᠠ ᠶᠢᠨ 3 | ᠳ᠋ᠤᠭᠠᠷ ᠲᠤ ᠤᠷᠤᠪᠠ᠂ ᠬᠤᠲᠠ ᠶᠢᠨ ᠲᠠᠪᠤᠨ ᠲᠣᠭᠤᠷᠢᠭ ᠤᠨ ᠲᠤᠳᠤᠷ᠎ᠠ ᠲᠦᠷᠦᠬᠦᠯᠡᠪᠡ ︔ ᠡᠩ ᠤᠨ ᠣᠯᠠᠨ | ᠨᠡᠶᠢᠲᠡ ᠶᠢᠨ ᠲᠥᠰᠦᠪ ᠤᠨ ᠣᠷᠣᠯᠭ᠎ᠠ ᠨᠡᠶᠢᠲᠡ 12.99 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠲᠡᠭᠡᠷ᠎ᠡ | ᠵᠢᠯ ᠤᠨ ᠠᠳᠠᠯᠢ ᠬᠤᠭᠤᠴᠠᠭᠠᠨ ᠤ ᠬᠢ ᠠᠴᠠ 25.7% ᠪᠠᠷ ᠨᠡᠮᠡᠭᠳᠡᠪᠡ᠃ | |