2023 ᠣᠨ ᠤ 1 — 5 ᠰᠠᠷ᠎ᠠ ᠳᠤ ᠬᠥᠨᠳᠡᠯᠡᠨ ᠲᠣᠭᠤᠷᠢᠭ ᠤᠨ ᠭᠤᠤᠯ ᠪᠣᠯᠬᠤ ᠠᠵᠤ ᠠᠬᠤᠶ ᠶᠢᠨ  ᠬᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ
ᠨᠡᠶᠢᠲᠡᠯᠡᠭᠰᠡᠨ ᠴᠠᠭ᠄
2023/7/7
    1 — 5 ᠰᠠᠷ᠎ᠠ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 34.8% ᠪᠠᠷ ᠨᠡᠮᠡᠭᠳᠡᠵᠦ᠂ ᠪᠥᠬᠦ ᠬᠤᠲᠠ ᠶᠢᠨ ᠲᠡᠭᠰᠢᠳᠭᠡᠭᠰᠡᠨ ᠲᠦᠪᠰᠢᠨ ᠠᠴᠠ ᠵᠠᠭᠤᠨ ᠤ ᠬᠠᠷᠢᠴᠠᠯ ᠢᠶᠠᠷ 13.7 ᠥᠨᠳᠥᠷ ᠪᠣᠯᠵᠣ᠂ ᠲᠡᠭᠡᠷ᠎ᠡ ᠨᠢᠭᠡ 5 ᠰᠠᠷ᠎ᠠ ᠶᠢᠨ ᠬᠢ ᠲᠠᠢ ᠬᠠᠷᠢᠴᠠᠭᠤᠯᠪᠠᠯ ᠵᠠᠭᠤᠨ ᠤ ᠬᠠᠷᠢᠴᠠᠯ ᠢᠶᠠᠷ 3 ᠬᠤᠪᠢ ᠲᠦᠷᠭᠡᠨ ᠪᠤᠯᠵᠤ᠂ ᠪᠥᠬᠦ ᠬᠤᠲᠠ ᠶᠢᠨ 3 ᠳ᠋ᠤᠭᠠᠷ ᠲᠤ ᠤᠷᠤᠪᠠ᠂ ᠬᠤᠲᠠ ᠶᠢᠨ ᠲᠠᠪᠤᠨ ᠲᠣᠭᠤᠷᠢᠭ ᠤᠨ ᠲᠤᠳᠤᠷ᠎ᠠ ᠲᠦᠷᠦᠭᠦᠯᠡᠪᠡ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 36.4% ᠪᠠᠷ ᠨᠡᠮᠡᠭᠳᠡᠵᠦ᠂ ᠪᠦᠬᠦ ᠬᠤᠲᠠ ᠶᠢᠨ 7 ᠳ᠋ᠤᠭᠠᠷ ᠲᠤ ᠤᠷᠤᠪᠠ᠂ ᠬᠤᠲᠠ ᠶᠢᠨ ᠲᠠᠪᠤᠨ ᠲᠣᠭᠤᠷᠢᠭ ᠤᠨ ᠲᠤᠳᠤᠷ᠎ᠠ 4 ᠳ᠋ᠦ᠋ᠭᠡᠷ ᠲᠤ ᠣᠷᠣᠪᠠ︔  ᠨᠡᠶᠢᠭᠡᠮ ᠤᠨ ᠬᠡᠷᠡᠭᠯᠡᠭᠡᠨ ᠤ ᠲᠠᠸᠠᠷ ᠢ ᠵᠢᠵᠢᠭᠯᠡᠨ ᠪᠤᠷᠤᠯᠠᠭᠤᠯᠤᠬᠰᠠᠨ ᠶᠡᠷᠦᠩᠬᠡᠢ ᠬᠡᠮᠵᠢᠶ᠎ᠡ 136.23 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂  ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 8.7% ᠪᠠᠷ ᠨᠡᠮᠡᠭᠳᠡᠵᠦ᠂ ᠶᠡᠷᠦᠩᠬᠡᠢ ᠬᠡᠮᠵᠢᠶ᠎ᠡ ᠪᠠᠷ ᠢᠶᠠᠨ ᠪᠦᠬᠦ ᠬᠤᠲᠠ ᠳᠤ ᠲᠦᠷᠦᠬᠦᠯᠡᠵᠤ᠂ ᠨᠡᠮᠡᠭᠳᠡᠯ ᠤᠨ ᠬᠤᠷᠳᠤᠴᠠ ᠨᠢ ᠪᠦᠬᠦ ᠬᠤᠲᠠ ᠶᠢᠨ 4 ᠳ᠋ᠤᠭᠡᠷ ᠲᠤ ᠤᠷᠤᠵᠤ᠂ ᠬᠤᠲᠠ ᠶᠢᠨ ᠲᠠᠪᠤᠨ ᠲᠣᠭᠤᠷᠢᠭ ᠤᠨ ᠲᠤᠳᠤᠷ᠎ᠠ 2 ᠳ᠋ᠤᠭᠠᠷ ᠲᠤ ᠣᠷᠣᠵᠠᠢ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠨᠡᠶᠢᠲᠡ 17.1 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 22.3% ᠪᠠᠷ ᠨᠡᠮᠡᠭᠳᠡᠪᠡ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号