ᠪᠠᠭᠠᠴᠤᠤᠯ ᠵᠠᠮ ᠤᠨ ᠵᠡᠭᠡᠯᠢ ᠭᠤᠳᠤᠮᠵᠢ ᠰᠠᠨᠠᠭᠠᠴᠢᠯᠠᠭ᠎ᠠ ᠠᠴᠠ ᠪᠠᠨ ᠦᠢᠯᠡᠴᠢᠯᠡᠭᠡᠨ ᠤ ᠬᠡᠷᠡᠭᠴᠡᠭᠡ ᠶᠢ ᠰᠦᠪᠡᠭᠴᠢᠯᠡᠵᠦ᠂ ︽ᠨᠡᠶᠢᠭᠡᠮ ᠲᠤᠭᠤᠷᠢᠭ ᠰᠤᠷᠭᠠᠭᠤᠯᠢ ᠬᠤᠯᠪᠣᠭᠠᠯᠠᠨ ᠬᠥᠳᠡᠯᠦᠯᠴᠡᠬᠦ︾ ᠲᠠᠪᠴᠠᠩ ᠢ ᠪᠠᠶᠢᠭᠤᠯᠪᠠ
ᠨᠡᠶᠢᠲᠡᠯᠡᠭᠰᠡᠨ ᠴᠠᠭ᠄
2023/8/1
     ᠪᠠᠭᠠᠴᠤᠤᠯ ᠵᠠᠮ ᠤᠨ ᠵᠡᠭᠡᠯᠢ ᠭᠤᠳᠤᠮᠵᠢ ᠨᠢ ᠬᠠᠷᠢᠶ᠎ᠠ ᠣᠷᠣᠨ ᠤ ᠪᠠᠨ ᠳᠣᠲᠣᠷᠠᠬᠢ ᠪᠤᠭᠤᠲᠤ ᠶᠢᠨ ᠪᠤᠯᠤᠳ ᠲᠡᠮᠤᠷ ᠤᠨ ᠠᠷᠪᠠᠨ ᠨᠠᠢᠮᠠᠳᠤᠭᠠᠷ ᠪᠠᠭ᠎ᠠ ᠰᠤᠷᠭᠠᠭᠤᠯᠢ᠂ ᠪᠤᠭᠤᠲᠤ ᠶᠢᠨ ᠪᠤᠯᠤᠳ ᠲᠡᠮᠤᠷ ᠤᠨ ᠲᠤᠷᠰᠢᠯᠲᠠ ᠶᠢᠨ ᠨᠢᠭᠡᠳᠦᠭᠡᠷ ᠪᠠᠭ᠎ᠠ ᠰᠤᠷᠭᠠᠭᠤᠯᠢ ᠵᠡᠷᠭᠡ ᠤᠯᠠᠨ ᠨᠢᠭᠡᠴᠢ ᠲᠠᠢ ᠬᠠᠮᠲᠤᠷᠠᠯᠴᠠᠭ᠎ᠠ ᠥᠷᠨᠢᠭᠦᠯᠵᠦ᠂ ᠤᠷᠳᠤ ᠬᠤᠭᠤᠴᠠᠭᠠᠨ ᠤ ᠪᠦᠲᠦᠮᠵᠢᠲᠡᠢ ᠨᠡᠪᠲᠡᠷᠡᠯᠴᠡᠬᠦ ᠲᠣᠭᠲᠠᠴᠠ ᠶᠢ ᠪᠠᠶᠢᠭᠤᠯᠵᠤ᠂ ︽ᠨᠡᠶᠢᠭᠡᠮ ᠲᠤᠭᠤᠷᠢᠭ ᠰᠤᠷᠭᠠᠭᠤᠯᠢ ᠬᠤᠯᠪᠣᠭᠠᠯᠠᠨ ᠬᠥᠳᠡᠯᠦᠯᠴᠡᠬᠦ︾ ᠵᠠᠭᠪᠤᠷ ᠢ ᠪᠦᠷᠢᠯᠳᠦᠭᠦᠯᠪᠡ᠃ ᠰᠤᠷᠤᠭᠴᠢᠳ ᠤᠨ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ ᠲᠦᠰᠢᠭᠯᠡᠵᠤ᠂ ᠰᠣᠶᠣᠯ ᠤᠨ ᠣᠨᠣᠯ ᠤᠨ ᠤᠬᠠᠭᠤᠯᠭ᠎ᠠ ᠪᠠ ᠣᠨᠴᠠᠯᠢᠭᠲᠤ ᠠᠵᠢᠯᠯᠠᠭ᠎ᠠ ᠶᠢᠨ ᠦᠢᠯᠡᠴᠢᠯᠡᠭᠡᠨ ᠤ ᠲᠥᠯᠥᠪᠯᠡᠭᠡ ᠶᠢ ᠨᠠᠷᠢᠨ ᠨᠢᠮᠪᠠᠶ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠬᠠᠮᠢᠶ᠎ᠠ ᠪᠥᠬᠦᠶ ᠬᠠᠮᠲᠤ ᠪᠠᠷ ᠪᠠᠶᠢᠭᠤᠯᠬᠤ ᠨᠢᠭᠡᠴᠢ ᠲᠠᠢ ᠬᠠᠮᠲᠤᠷᠠᠨ ᠨᠠᠰᠤᠨ ᠳᠤ ᠥᠯᠥ ᠬᠦᠷᠦᠭᠰᠡᠳ ᠤᠨ ᠬᠡᠷᠡᠭᠴᠡᠭᠡ ᠶᠢ ᠤᠨᠢᠨ ᠲᠡᠭᠡᠷ᠎ᠡ ᠨᠢ ᠵᠣᠯᠭᠠᠭᠤᠯᠬᠤ ᠰᠣᠶᠣᠯ ᠤᠨ ᠦᠢᠯᠡᠴᠢᠯᠡᠬᠡᠨ ᠤ ᠲᠥᠷᠥᠯ ᠵᠦᠢᠯ ᠢ ᠡᠭᠦᠳᠴᠦ᠂ ᠰᠤᠷᠤᠭᠴᠢᠳ ᠤᠨ ᠶᠣᠰᠣ ᠮᠣᠷᠠᠯ ᠤᠨ ᠬᠥᠮᠦᠵᠢᠯ᠂ ᠳᠤᠷ᠎ᠠ ᠰᠣᠨᠢᠷᠬᠠᠯ᠂ ᠠᠷᠠᠳ ᠤᠨ ᠵᠠᠩ ᠦᠢᠯᠡ ᠶᠢᠨ ᠰᠣᠶᠣᠯ ᠢ ︽ᠰᠤᠷᠭᠠᠭᠤᠯᠢ ᠡᠬᠢᠯᠡᠬᠦ ᠨᠢᠭᠡᠳᠦᠭᠡᠷ ᠬᠢᠴᠢᠶᠡᠯ︾᠂ ︽ᠤᠩᠰᠢᠯᠭ᠎ᠠ ᠶᠢᠨ ᠱᠠᠯᠦ᠋ᠨ︾ ᠵᠡᠷᠭᠡ ᠲᠥᠷᠥᠯ ᠵᠦᠢᠯ ᠳᠤ ᠠᠭᠤᠰᠬᠠᠨ ᠣᠷᠣᠭᠤᠯᠵᠤ᠂ ᠵᠠᠯᠠᠭᠤᠴᠤᠳ ᠪᠠᠭᠠᠴᠤᠳ ᠤᠨ ᠦᠰᠦᠨ ᠪᠤᠶᠢᠵᠢᠬᠤ ᠳᠤ ᠳᠣᠭᠢᠷᠠᠬᠤ ᠥᠪᠡᠷᠮᠢᠴᠡ ᠣᠨᠴᠠᠯᠢᠭ ᠲᠠᠢ ᠰᠠᠶᠢᠨ ᠳᠤᠷ᠎ᠠ ᠶᠢᠨ ᠠᠵᠢᠯᠯᠠᠭ᠎ᠠ ᠶᠢ ᠪᠦᠷᠢᠯᠳᠦᠭᠦᠯᠵᠦ᠂ ᠰᠤᠷᠤᠭᠴᠢᠳ ᠢ ᠡᠳᠦᠷ ᠲᠤᠲᠤᠮ ᠤᠨ ᠰᠤᠷᠤᠯᠴᠠᠯᠭ᠎ᠠ ᠲᠤᠮᠳᠠ ᠪᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠳᠢ ᠬᠦᠴᠦᠨ ᠢ ᠮᠡᠳᠡᠷᠡᠭᠦᠯᠵᠦ᠂ ᠰᠤᠶᠤᠯ ᠮᠡᠲᠡᠯᠭᠡ ᠶᠢ ᠡᠵᠡᠮᠰᠢᠭᠦᠯᠪᠡ᠃ ︵ ᠪᠠᠭᠠᠴᠤᠤᠯ ᠵᠠᠮ ᠤᠨ ᠵᠡᠭᠡᠯᠢ ᠭᠤᠳᠤᠮᠵᠢ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号