ᠨᠠᠩ ᠪᠦᠷᠢᠨ ᠲᠡᠭᠦᠯᠳᠡᠷ᠂ ᠪᠠᠶᠢᠭᠤᠯᠤᠯ ᠲᠣᠭᠲᠠᠴᠠ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠵᠤ᠂ | ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠬᠠᠮᠲᠤ ᠣᠷᠣᠰᠢᠬᠤ ᠶᠢ ᠢᠳᠡᠪᠬᠢᠲᠡᠶ ᠰᠦᠪᠡᠭᠴᠢᠯᠡᠵᠦ᠂ ᠠᠮᠢ | ᠠᠬᠤᠶ ᠶᠢ ᠬᠠᠮᠠᠭᠠᠯᠠᠬᠤ ᠪᠠ ᠵᠠᠰᠠᠨ ᠰᠡᠷᠭᠦᠭᠡᠬᠦ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠠᠮᠢᠳᠤ ᠪᠣᠳᠠᠰ ᠤᠨ | ᠣᠯᠠᠨ ᠶᠠᠩᠵᠤᠲᠤ ᠴᠢᠨᠠᠷ ᠢ ᠬᠠᠮᠠᠭᠠᠯᠠᠬᠤ ᠠᠵᠢᠯ ᠳᠤ ᠢᠯᠡᠳᠲᠡ ᠦᠷ᠎ᠡ ᠪᠦᠲᠦᠮᠵᠢ ᠤᠯᠬᠤ ᠶᠢᠨ ᠲᠦᠯᠦᠬᠡ᠂ 8 | ᠰᠠᠷ᠎ᠠ ᠶᠢᠨ 8 ᠤ ᠡᠳᠦᠷ ᠠᠴᠠ 8 ᠰᠠᠷ᠎ᠠ ᠶᠢᠨ 31 ᠤ ᠡᠳᠦᠷ ᠪᠣᠯᠲᠠᠯ᠎ᠠ᠂ ᠬᠥᠨᠳᠡᠯᠡᠨ ᠭᠤᠤᠯ ᠤᠨ ᠤᠯᠤᠰ ᠤᠨ | ᠨᠤᠭᠤ ᠭᠠᠵᠠᠷ ᠤᠨ ᠬᠠᠮᠢᠶᠠᠷᠤᠨ ᠬᠠᠮᠠᠭᠠᠯᠠᠬᠤ ᠲᠥᠪ ᠪᠣᠯᠤᠨ ᠪᠤᠭᠤᠲᠤ ᠶᠢᠨ ᠮᠦᠽᠧᠶ᠂ ᠪᠤᠭᠤᠲᠤ ᠬᠤᠲᠠ ᠶᠢᠨ | ᠬᠠᠰᠯᠢᠭ ᠮᠣᠳᠣ ᠮᠦᠽᠧᠶ ᠶᠢᠨ ᠬᠢᠵᠠᠭᠠᠷᠲᠤ ᠺᠣᠮᠫᠠᠨᠢ ᠬᠠᠮᠳᠤᠷᠠᠨ ᠪᠤᠭᠤᠲᠤ ᠶᠢᠨ ᠮᠦᠽᠧᠶ ᠶᠢᠨ ᠬᠤᠶᠠᠳᠤᠭᠠᠷ | ᠳᠠᠪᠬᠤᠷᠯᠢᠭ ᠤᠨ ᠬᠠᠮᠲᠤ ᠪᠠᠷ ᠡᠳ᠋ᠯᠡᠬᠦ ᠲᠢᠩᠬᠢᠮ ᠳᠤ ︽ᠪᠠᠶᠢᠭᠠᠯᠢ ᠶᠢᠨ ᠰᠢᠨᠵᠢᠯᠡᠬᠦ ᠤᠬᠠᠭᠠᠨ ᠤ ᠮᠡᠳᠡᠯᠭᠡ ᠶᠢ | ᠲᠦᠭᠡᠮᠡᠯᠵᠢᠭᠦᠯᠬᠦ ᠬᠥᠮᠦᠵᠢᠯ ᠢ ᠮᠦᠽᠧᠶ ᠳᠤ ᠣᠷᠣᠭᠤᠯᠬᠤ — ᠨᠤᠭᠤ ᠭᠠᠵᠠᠷ ᠤᠨ ᠰᠢᠪᠠᠭᠤᠨ ᠤ ᠲᠥᠷᠥᠯ ᠪᠠ | ᠳᠡᠯᠡᠬᠡᠶ ᠶᠢᠨ ᠰᠢᠪᠠᠵᠢ ᠶᠢᠨ ᠲᠤᠬᠠᠢ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠬᠦ ᠨᠡᠶᠢᠲᠡ ᠶᠢᠨ | ᠠᠰᠠᠷᠠᠮᠵᠢ ᠶᠢᠨ ᠲᠡᠯᠭᠡᠨ ᠦᠵᠡᠭᠦᠯᠭᠡ︾ ᠶᠢᠨ ᠠᠵᠢᠯᠯᠠᠭ᠎ᠠ ᠶᠢ ᠥᠷᠨᠢᠭᠦᠯᠪᠠ᠃ | | | | | | | ᠠᠵᠢᠯᠯᠠᠭ᠎ᠠ ᠶᠢᠨ ᠬᠤᠭᠤᠴᠠᠭᠠᠨ ᠳᠤ᠂ ᠬᠥᠨᠳᠡᠯᠡᠨ ᠭᠤᠣᠯ ᠤᠨ ᠤᠯᠤᠰ ᠤᠨ ᠨᠤᠭᠤ ᠭᠠᠵᠠᠷ ᠤᠨ ᠬᠠᠮᠢᠶᠠᠷᠤᠨ | ᠬᠠᠮᠠᠭᠠᠯᠠᠬᠤ ᠲᠥᠪ ᠤᠨ ᠠᠵᠢᠯᠲᠠᠳ ᠲᠤᠬᠠᠢ ᠶᠢᠨ ᠲᠠᠯᠠᠪᠠᠢ ᠳᠤ ᠬᠦᠷᠦᠯᠴᠡᠨ ᠢᠷᠡᠭᠰᠡᠨ ᠤᠯᠠᠨ ᠳᠤ ᠨᠤᠭᠤ | ᠭᠠᠵᠠᠷ ᠤᠨ ᠰᠢᠪᠠᠭᠤᠨ ᠤ ᠲᠦᠷᠦᠯ᠂ ᠰᠢᠪᠠᠵᠢ ᠶᠢᠨ ᠲᠦᠷᠦᠯ᠂ ᠤᠷᠭᠤᠮᠠᠯ ᠤᠨ ᠲᠦᠷᠦᠯ ᠤᠨ ᠪᠣᠳᠠᠲᠠᠢ ᠬᠤᠪᠢᠶᠠᠷᠢᠯᠠᠯ | ᠪᠣᠯᠤᠨ ᠳᠦᠷᠰᠦ ᠶᠢᠨ ᠣᠨᠴᠠᠯᠢᠭ ᠢ ᠲᠠᠶᠢᠯᠪᠤᠷᠢᠯᠠᠵᠤ ᠥᠭᠬᠦ ᠶᠢᠨ ᠬᠠᠮᠲᠤ ᠪᠠᠰᠠ ᠮᠠᠰᠢ ᠤᠯᠠᠨ ᠠᠮᠢᠳᠤ ᠳᠦᠷᠰᠦᠯᠢᠭ | ᠠᠮᠢᠳᠤ ᠪᠤᠳᠠᠰ ᠤᠨ ᠳᠦᠷᠰᠦ ᠶᠢᠨ ᠬᠡᠪ ᠦᠯᠢᠭᠡᠷ ᠤᠳ ᠪᠣᠯᠤᠨ ᠨᠠᠷᠢᠨ ᠠᠭᠤᠯᠭ᠎ᠠ ᠲᠠᠢ ᠦᠵᠡᠭᠦᠯᠭᠡ ᠶᠢᠨ | ᠰᠠᠮᠪᠠᠷ᠎ᠠ ᠶᠢ ᠤᠯᠠᠨ ᠲᠦᠮᠡᠨ ᠳᠤ ᠰᠣᠨᠢᠷᠬᠠᠭᠤᠯᠪᠠ᠃ | | | | | |