8 ᠰᠠᠷ᠎ᠠ ᠶᠢᠨ 15 ᠤ ᠦᠳᠡ ᠶᠢᠨ ᠡᠮᠦᠨ᠎ᠡ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠶᠦᠩ ᠯᠢ | ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠵᠢᠴᠢ ᠦᠶᠡᠷ ᠢ ᠰᠡᠷᠭᠡᠶᠢᠯᠡᠬᠦ ᠠᠵᠢᠯ ᠢ ᠪᠠᠶᠢᠴᠠᠭᠠᠨ ᠰᠤᠳᠤᠯᠪᠠ᠃ | ᠶᠢᠨ ᠶᠦᠩ ᠯᠢ ᠨᠡᠷ ᠤᠷᠢᠳ ᠬᠤᠵᠢᠳ ᠮᠤᠨᠢ ᠠᠭᠤᠯᠠ ᠶᠢᠨ ᠦᠶᠡᠷ ᠤᠨ ᠤᠰᠤ ᠶᠢ ᠬᠠᠰᠢᠬᠤ ᠭᠤᠤ ᠪᠠ | ᠬᠥᠭᠦᠷᠭᠡ᠂ ᠬᠥᠨᠳᠡᠯᠡᠨ ᠭᠤᠣᠯ ᠤᠨ ᠤᠯᠤᠰ ᠤᠨ ᠨᠤᠭᠤ ᠭᠠᠵᠠᠷ ᠤᠨ ᠴᠡᠴᠡᠷᠯᠢᠭ᠂ ᠵᠢᠶᠠ ᠱᠢ ᠲᠦ᠋ ᠭᠤᠤ᠂ | ᠲᠠᠪᠤᠴᠢᠨ ᠭᠤᠤ᠂ ᠬᠤ᠋ ᠪᠧᠨ ᠬᠠᠢ ᠭᠤᠤ ᠵᠡᠷᠭᠡ ᠭᠠᠵᠠᠷ ᠲᠤ ᠬᠦᠷᠴᠦ᠂ ᠦᠶᠡᠷ ᠢ ᠬᠠᠰᠢᠬᠤ ᠭᠤᠤ ᠶᠢᠨ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ᠂ ᠨᠤᠭᠤ ᠭᠠᠵᠠᠷ ᠢ ᠰᠡᠷᠭᠦᠭᠡᠨ ᠵᠠᠰᠠᠬᠤ ᠵᠢᠴᠢ ᠠᠮᠢ ᠠᠬᠤᠢ ᠶᠢᠨ ᠤᠰᠤ | ᠨᠥᠬᠦᠪᠥᠷᠢᠯᠡᠬᠦ᠂ ᠤᠯᠤᠰ ᠤᠨ ᠨᠤᠲᠤᠭ ᠳᠡᠪᠢᠰᠬᠡᠷ ᠢ ᠨᠣᠭᠤᠭᠠᠷᠠᠭᠤᠯᠬᠤ ᠬᠥᠮᠦᠨ ᠤ ᠬᠦᠴᠦ ᠪᠠᠷ ᠣᠶᠢᠵᠢᠭᠤᠯᠬᠤ᠂ | ᠬᠠᠶᠢᠷ ᠴᠢᠯᠠᠭᠤ ᠮᠠᠯᠳᠠᠬᠰᠠᠨ ᠨᠦᠭᠡ ᠶᠢ ᠵᠠᠰᠠᠵᠤ ᠤᠷᠭᠤᠮᠠᠯ ᠤᠨ ᠪᠦᠷᠬᠦᠴᠡ ᠶᠢ ᠰᠡᠷᠭᠦᠭᠡᠬᠦ ᠵᠢᠴᠢ ᠦᠶᠡᠷ ᠢ | ᠰᠡᠷᠭᠡᠶᠢᠯᠡᠬᠦ ᠵᠡᠷᠭᠡ ᠠᠵᠢᠯ ᠤᠨ ᠪᠠᠶᠢᠳᠠᠯ ᠢ ᠨᠠᠷᠢᠨ ᠤᠶᠢᠢᠯᠠᠭᠠᠭᠰᠠᠠ ᠪᠥᠭᠡᠳ ᠪᠠᠶᠢᠴᠠᠭᠠᠨ ᠰᠤᠳᠤᠯᠬᠤ ᠳᠤᠮᠳᠠ | ᠢᠯᠡᠷᠡᠭᠦᠯᠦᠭᠰᠡᠨ ᠠᠰᠠᠭᠤᠳᠠᠯ ᠢ ᠲᠤᠬᠠᠢ ᠶᠢᠨ ᠲᠠᠯᠠᠪᠠᠢ ᠳᠤ ᠲᠤᠰᠢᠶᠠᠨ ᠰᠢᠢᠳᠪᠦᠷᠢᠯᠡᠭᠦᠯᠪᠡ᠃ | ᠶᠢᠨ ᠶᠦᠩ ᠯᠢ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠭᠤᠰᠢᠯᠠᠭᠤᠯᠵᠤ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ | ᠭᠡᠬᠦ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ | ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠭᠤᠣᠯ ᠮᠥᠷᠡᠨ ᠤ ᠳᠠᠷᠤᠭ᠎ᠠ ᠶᠢᠨ ᠲᠦᠷᠢᠮ᠂ | ᠤᠢ ᠰᠢᠭᠤᠢ ᠶᠢᠨ ᠳᠠᠷᠤᠭ᠎ᠠ ᠶᠢᠨ ᠲᠦᠷᠢᠮ ᠢ ᠭᠦᠨᠵᠡᠭᠡᠢ ᠬᠡᠷᠡᠭᠵᠢᠭᠦᠯᠵᠦ᠂ ᠦᠶᠡᠷ ᠢ ᠰᠡᠷᠭᠡᠶᠢᠯᠡᠬᠦ ᠤᠰᠤᠳᠤᠯ ᠢ | ᠰᠡᠷᠭᠡᠶᠢᠯᠡᠬᠦ ᠡᠯ᠎ᠡ ᠵᠦᠢᠯ ᠤᠨ ᠠᠵᠢᠯ ᠢ ᠴᠢᠩᠭ᠎ᠠ ᠪᠣᠳᠠᠲᠠᠢ ᠰᠠᠶᠢᠲᠤᠷ ᠠᠳᠬᠤᠵᠤ᠂ ᠭᠤᠣᠯ ᠮᠥᠷᠡᠨ ᠨᠠᠭᠤᠷ ᠪᠦᠷᠢᠳᠦ | ᠨᠤᠲᠤᠭ ᠪᠡᠯᠴᠢᠭᠡᠷ ᠢ ᠵᠠᠰᠠᠬᠤ ᠴᠢᠳᠠᠪᠤᠷᠢ ᠪᠠᠨ ᠪᠦᠬᠦ ᠲᠠᠯ᠎ᠠ ᠪᠠᠷ ᠴᠢᠩᠭᠠᠳᠬᠠᠵᠤ᠂ ᠠᠮᠢ ᠠᠬᠤᠢ ᠣᠷᠴᠢᠨ | ᠲᠣᠭᠤᠷᠢᠨ ᠤ ᠵᠠᠰᠠᠯᠲᠠ ᠶᠢᠨ ᠣᠳᠣᠬᠢᠴᠢᠯᠠᠯᠲᠠ ᠶᠢᠨ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ | ᠠᠶᠤᠯ ᠲᠦᠭᠰᠢᠭᠦᠷᠢ ᠶᠢᠨ ᠬᠡᠮ ᠰᠣᠭᠤᠭ ᠢ ᠨᠠᠷᠢᠨ ᠬᠢᠨᠠᠮᠠᠭᠠᠶ ᠵᠢᠭᠰᠠᠭᠠᠨ ᠪᠠᠶᠢᠴᠠᠭᠠᠵᠤ᠂ ᠭᠤᠤᠯ ᠤᠨ ᠬᠡᠪᠡᠯᠢ ᠶᠢᠨ | ᠬᠠᠰᠢᠯᠭ᠎ᠠ ᠲᠠᠯᠠᠩ᠂ ᠦᠶᠡᠷ ᠢ ᠲᠣᠭᠲᠠᠭᠠᠨ ᠬᠤᠷᠠᠭᠤᠯᠬᠤ ᠣᠷᠣᠨ᠂ ᠬᠤᠲᠠ ᠶᠢᠨ ᠲᠤᠮᠳᠠᠬᠢ ᠬᠤᠲᠣᠭᠤᠷ ᠭᠠᠵᠠᠷ᠂ | ᠠᠭᠤᠯᠠᠨ ᠦᠶᠡᠷ ᠤᠨ ᠭᠠᠮᠰᠢᠭ ᠠᠮᠠᠷᠬᠠᠨ ᠡᠭᠦᠰᠬᠦ ᠣᠷᠣᠨ ᠵᠡᠷᠭᠡ ᠵᠠᠩᠭᠢᠯᠠᠭ᠎ᠠ ᠶᠢᠨ ᠭᠠᠵᠠᠷ ᠢ ᠪᠥᠬᠦ ᠲᠠᠯ᠎ᠠ ᠪᠠᠷ | ᠤᠶᠢᠯᠠᠭᠠᠨ ᠵᠢᠭᠰᠠᠭᠠᠵᠤ᠂ ᠠᠶᠤᠯ ᠲᠦᠭᠰᠢᠭᠦᠷᠢ ᠶᠢᠨ ᠪᠠᠶᠢᠳᠠᠯ ᠢ ᠴᠠᠭ ᠲᠤᠬᠠᠶ ᠳᠤᠨᠢ ᠢᠯᠡᠷᠡᠭᠦᠯᠵᠦ᠂ ᠬᠤᠭᠤᠴᠠᠭ᠎ᠠ | ᠲᠣᠭᠲᠠᠭᠠᠨ ᠴᠡᠭᠴᠡᠯᠡᠨ ᠵᠠᠰᠠᠵᠤ ᠨᠠᠶᠢᠳᠠᠪᠤᠷᠢᠵᠢᠭᠤᠯᠬᠤ ᠬᠡᠷᠡᠭᠲᠡᠶ᠃ ᠴᠠᠭ ᠠᠭᠤᠷ ᠪᠣᠯᠤᠨ ᠤᠰᠤᠨ ᠤ ᠪᠠᠶᠢᠳᠠᠯ ᠤᠨ | ᠬᠤᠪᠢᠷᠠᠯᠲᠠ ᠶᠢ ᠨᠢᠭᠲᠠ ᠠᠩᠬᠠᠷᠴᠤ᠂ ᠦᠶᠡᠷ ᠢ ᠰᠡᠷᠭᠡᠶᠢᠯᠡᠬᠦ ᠡᠳ᠋ ᠪᠣᠳᠠᠰ ᠢ ᠨᠥᠭᠡᠴᠡᠯᠡᠬᠦ ᠬᠠᠮᠢᠶᠠᠷᠤᠯᠲᠠ ᠪᠣᠯᠤᠨ | ᠲᠤᠨᠤᠭ ᠲᠥᠬᠦᠭᠡᠷᠦᠮᠵᠢ ᠶᠢ ᠬᠠᠮᠠᠭᠠᠯᠠᠵᠤ ᠠᠷᠠᠴᠢᠯᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠦᠶᠡᠷ ᠢ | ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ | ᠠᠷᠭᠠᠴᠠᠭᠠᠬᠤ ᠪᠠᠶᠢᠩᠭᠤᠵᠢᠭᠰᠠᠨ ᠰᠣᠷᠢᠯᠲᠠ ᠶᠢᠨ ᠠᠵᠢᠯ ᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ | ᠲᠦᠪᠰᠢᠨ ᠢᠶᠠᠨ ᠳᠡᠭᠡᠭᠰᠢᠯᠡᠭᠦᠯᠵᠦ᠂ ᠵᠢᠵᠢᠭᠦᠷᠯᠡᠨ ᠰᠠᠬᠢᠬᠤ ᠠᠵᠢᠯ ᠢ ᠰᠢᠨᠵᠢᠯᠡᠬᠦ ᠤᠬᠠᠭᠠᠨᠴᠢ ᠪᠠᠷ ᠰᠠᠶᠢᠲᠤᠷ ᠬᠢᠵᠦ᠂ | ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠃ ᠣᠶᠢᠲᠤ | ᠭᠠᠵᠠᠷ ᠤᠨ ᠠᠮᠢ ᠠᠬᠤᠶ ᠶᠢᠨ ᠣᠷᠣᠨ ᠵᠠᠶ ᠶᠢᠨ ᠪᠠᠶᠢᠷᠢᠰᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠦᠨ | ᠰᠤᠳᠤᠯᠵᠤ᠂ ᠨᠣᠭᠤᠭᠠᠷᠠᠭᠤᠯᠤᠯᠲᠠ ᠶᠢ ᠨᠡᠮᠡᠭᠳᠡᠭᠦᠯᠬᠦ᠂ ᠨᠣᠭᠤᠭᠠᠷᠠᠭᠤᠯᠤᠯᠲᠠ ᠶᠢ ᠬᠠᠮᠠᠭᠠᠯᠠᠬᠤ ᠡᠷᠴᠢᠮ ᠢᠶᠠᠨ | ᠴᠢᠩᠭᠠᠷᠠᠭᠤᠯᠤᠨ᠂ ᠣᠶᠢᠲᠤ ᠭᠠᠵᠠᠷ ᠤᠨ ᠤᠷᠭᠤᠮᠠᠯ ᠤᠨ ᠣᠯᠠᠨ ᠶᠠᠩᠵᠤᠲᠤ ᠴᠢᠨᠠᠷ ᠢ ᠳᠡᠭᠡᠭᠰᠢᠯᠡᠭᠦᠯᠵᠦ᠂ ᠨᠤᠮᠢᠨ | ᠨᠤᠭᠤᠭᠠᠨ ᠠᠮᠢ ᠠᠬᠤᠶ ᠶᠢᠨ ᠬᠠᠯᠬᠠᠪᠴᠢ ᠶᠢ ᠪᠥᠬᠦ ᠲᠠᠯ᠎ᠠ ᠪᠠᠷ ᠴᠣᠭᠴᠠᠯᠠᠬᠤ ᠬᠡᠷᠡᠭᠲᠡᠶ ᠬᠡᠪᠡ᠃ | ᠲᠤᠭᠤᠷᠢᠭ ᠤᠨ ᠤᠳᠤᠷᠢᠳᠤᠯᠭ᠎ᠠ ᠢᠦᠶ ᠷᠦᠢ ᠴᠢᠩ᠂ ᠸᠠᠩ ᠰᠢᠤ ᠵᠢᠤᠸᠠᠨ ᠵᠢᠴᠢ ᠬᠠᠮᠢᠶ᠎ᠠ ᠪᠥᠬᠦᠶ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠪᠠ᠃ ︵ᠰᠤᠷᠪᠤᠯᠵᠢᠯᠠᠭᠴᠢ᠄ ᠶᠠᠨ ᠢ ᠫᠸᠢ | ᠬᠢᠨᠠᠨ ᠬᠠᠷᠭᠤᠭᠤᠯᠤᠬᠰᠠᠨ ᠨᠢ᠄ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠬᠡᠷ︶ | |