ᠲᠣᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠠᠵᠢᠯ ᠤᠨ ᠬᠤᠷᠠᠯ ᠬᠤᠷᠠᠯᠳᠤᠵᠤ ᠴᠢᠬᠤᠯᠠ ᠶᠡᠭᠡ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠠᠵᠢᠯ ᠢ ᠰᠤᠳᠤᠯᠪᠠ
ᠨᠡᠶᠢᠲᠡᠯᠡᠭᠰᠡᠨ ᠴᠠᠭ᠄
2023/8/18
      8 ᠰᠠᠷ᠎ᠠ ᠶᠢᠨ 15 ᠤ ᠡᠳᠦᠷ᠂ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠶᠢᠨ ᠶᠦᠩ ᠯᠢ ᠱᠦᠵᠢ  ᠶᠢᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠴᠢᠬᠤᠯᠠ ᠶᠡᠭᠡ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠠᠵᠢᠯ ᠢ ᠰᠤᠳᠤᠯᠪᠠ᠃       ᠲᠣᠭᠤᠷᠢᠭ ᠤᠨ ᠤᠳᠤᠷᠢᠳᠤᠯᠭ᠎ᠠ ᠢᠦᠢ ᠵᠠᠨ ᠵᠢᠶᠠᠩ᠂ ᠯᠢ ᠵᠦᠩ᠂ ᠢᠦᠢ ᠷᠦᠢ ᠴᠢᠩ᠂ ᠯᠢ ᠬᠤᠩ    ᠢᠦᠢ᠂ ᠵᠧᠦ ᠬᠠᠢ ᠹᠸᠢ ᠬᠤᠷᠠᠯ ᠳᠤ ᠣᠷᠣᠯᠴᠠᠪᠠ᠃       ᠬᠤᠷᠠᠯ ᠠᠴᠠ᠂ ᠪᠥᠬᠦ ᠲᠣᠭᠤᠷᠢᠭ ᠤᠨ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ  ᠴᠢᠬᠤᠯᠠ ᠶᠡᠭᠡ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠠᠵᠢᠯ ᠤᠨ ᠬᠠᠷᠢᠭᠤᠴᠠᠯᠭᠠᠲᠤ ᠰᠡᠳᠬᠢᠯᠭᠡ ᠲᠤᠯᠭᠠᠮ ᠪᠣᠳᠣᠯ ᠢᠶᠠᠨ ᠦᠨᠡᠨ ᠬᠦ ᠴᠢᠩᠭᠠᠳᠬᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠳᠣᠪᠤᠶᠢᠯᠭᠠᠨ᠂ ︽ᠯᠠᠪᠳᠠᠢ ᠰᠢᠶᠳᠪᠦᠷᠢᠯᠡᠬᠦ ᠠᠷᠭ᠎ᠠ ᠪᠠᠶᠢᠬᠤ ᠰᠡᠳᠬᠢᠬᠦᠶ︾ ᠶᠢ ᠴᠢᠩᠭᠠᠳᠬᠠᠵᠤ᠂ ︽ᠬᠤᠶᠠᠷ ᠰᠢᠨ᠎ᠡ︾ ᠪᠠᠷ ᠤᠳᠤᠷᠢᠳᠤᠮᠵᠢ ᠪᠣᠯᠭᠠᠬᠤ ᠶᠢ ᠡᠷᠡᠰ ᠭᠤᠶᠢᠪᠢᠰᠢ ᠥᠬᠡᠶ ᠪᠠᠷᠢᠮᠲᠠᠯᠠᠨ᠂ ᠬᠠᠷᠠᠯᠲᠠ ᠡᠭᠦᠷᠭᠡ ᠲᠠᠢ ᠬᠠᠷᠭᠤᠭᠤᠯᠵᠤ᠂ ᠴᠢᠬᠤᠯᠠ ᠶᠡᠭᠡ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠴᠢᠨᠠᠷ ᠰᠠᠶᠢᠲᠠᠶ ᠠᠬᠢᠭᠤᠯᠬᠤ ᠬᠡᠷᠡᠭᠲᠡᠶ᠃ ᠣᠳᠣᠬᠠᠨ ᠤ ᠪᠠᠶᠢᠳᠠᠯ ᠳᠤ ᠰᠠᠭᠤᠷᠢᠯᠠᠨ᠂ ᠠᠯᠤᠰ ᠬᠡᠲᠦ ᠠᠴᠠ ᠪᠣᠳᠣᠯᠬᠢᠯᠠᠵᠤ᠂ ᠭᠤᠤᠯᠯᠠᠬᠤ ᠠᠵᠤ ᠦᠶᠯᠡᠰ ᠤᠨ ᠲᠣᠭᠤᠷᠢᠨ ᠳᠤ ᠠᠷᠭ᠎ᠠ ᠪᠣᠳᠣᠯᠭ᠎ᠠ ᠰᠦᠪᠡᠭᠴᠢᠯᠡᠬᠦ ᠶᠢ ᠪᠠᠷᠢᠮᠲᠠᠯᠠᠵᠤ᠂ ᠤᠯᠠᠮᠵᠢᠯᠠᠯᠲᠤ ᠠᠵᠤ ᠦᠶᠯᠡᠰ ᠢ ᠥᠭᠡᠷᠡᠴᠢᠯᠡᠨ ᠲᠠᠰ ᠳᠡᠪᠰᠢᠭᠦᠯᠬᠦ᠂ ᠰᠢᠨ᠎ᠡ ᠪᠠᠷ ᠮᠠᠨᠳᠤᠭᠰᠠᠨ ᠠᠵᠤ ᠦᠶᠯᠡᠰ ᠢ ᠭᠤᠤᠯᠳᠠᠯᠭ᠎ᠠ ᠲᠠᠢ ᠪᠤᠶᠢᠵᠢᠭᠤᠯᠬᠤ᠂ ᠢᠷᠡᠭᠡᠳᠦᠶ ᠶᠢᠨ ᠠᠵᠤ ᠦᠶᠯᠡᠰ ᠢ ᠲᠥᠯᠥᠪᠵᠢᠭᠦᠯᠦᠨ ᠪᠠᠶᠢᠷᠢᠰᠢᠭᠤᠯᠬᠤ ᠶᠢ ᠨᠡᠪᠲᠡᠷᠡᠯᠴᠡᠭᠦᠯᠵᠦ᠂ ᠣᠳᠣᠬᠠᠨ ᠤ ᠲᠥᠷᠥᠯ ᠵᠦᠶᠯ ᠢ ᠠᠬᠢᠭᠤᠯᠬᠤ ᠶᠢ ᠰᠠᠶᠢᠲᠤᠷ ᠠᠳᠬᠤᠭᠰᠠᠨ ᠰᠠᠭᠤᠷᠢᠨ ᠳᠡᠭᠡᠷ᠎ᠡ᠂ ᠱᠠᠲᠤᠯᠢᠭ ᠢᠶᠠᠷ ᠬᠤᠪᠢᠷᠠᠭᠤᠯᠬᠤ᠂ ᠱᠠᠳᠤ ᠱᠠᠳᠤ ᠪᠠᠷ ᠠᠬᠢᠭᠤᠯᠬᠤ ᠮᠠᠶ᠋ᠢᠭ ᠤᠨ ᠲᠥᠷᠥᠯ ᠵᠦᠶᠯ ᠢ ᠠᠬᠢᠭᠤᠯᠬᠤ ᠪᠠᠶᠢᠷᠢᠰᠢᠯ ᠢ ᠪᠦᠷᠢᠯᠳᠦᠭᠦᠯᠬᠦ ᠶᠢ ᠠᠬᠢᠭᠤᠯᠬᠤ ᠬᠡᠷᠡᠭᠲᠡᠶ᠃ ᠲᠥᠯᠥᠪᠵᠢᠭᠦᠯᠭᠡ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠪᠦᠬᠦᠯᠢ ᠴᠣᠭᠴᠠ ᠪᠠᠷ ᠨᠢ ᠠᠬᠢᠭᠤᠯᠵᠤ᠂ ᠠᠯᠬᠤᠮ ᠬᠤᠪᠢᠶᠠᠨ ᠬᠡᠷᠡᠭᠵᠢᠭᠦᠯᠵᠦ᠂ ᠡᠮᠦᠨᠡᠬᠢ ᠬᠤᠭᠤᠴᠠᠭᠠᠨ ᠤ ᠲᠥᠷᠥᠯ ᠵᠦᠶᠯ ᠨᠢ ᠬᠡᠯᠬᠢᠶ᠎ᠡ ᠶᠢ ᠪᠠᠶᠢᠭᠤᠯᠬᠤ᠂ ᠬᠡᠯᠬᠢᠶ᠎ᠡ ᠶᠢ ᠤᠷᠲᠤᠳᠬᠠᠬᠤ ᠶᠢᠨ ᠲᠤᠭᠤᠷᠢᠨ ᠳᠤ ᠠᠵᠤ ᠦᠶᠯᠡᠰ ᠤᠨ ᠬᠡᠯᠬᠢᠶ᠎ᠡ ᠶᠢᠨ ᠰᠠᠭᠤᠷᠢ ᠶᠢ ᠪᠠᠬᠢᠵᠢᠭᠦᠯᠬᠦ ᠬᠡᠷᠡᠭᠲᠡᠶ︔ ᠰᠡᠭᠦᠯᠴᠢ ᠶᠢᠨ ᠬᠤᠭᠤᠴᠠᠭᠠᠨ ᠤ ᠲᠥᠷᠥᠯ ᠵᠦᠶᠯ ᠨᠢ ᠬᠡᠯᠬᠢᠶ᠎ᠡ  ᠶᠢ ᠬᠦᠴᠦᠷᠭᠡᠭᠵᠢᠬᠦᠯᠬᠦ᠂ ᠬᠡᠯᠬᠢᠶ᠎ᠡ ᠶᠢ ᠦᠷᠭᠡᠳᠭᠡᠬᠦ ᠶᠢᠨ ᠲᠤᠭᠤᠷᠢᠨ ᠳᠤ᠂ ᠲᠠᠰᠤᠷᠠᠯᠲᠠ ᠥᠬᠡᠶ ᠰᠤᠪᠤᠳ ᠢ ᠬᠡᠯᠬᠢᠨ ᠬᠡᠯᠬᠢᠶ᠎ᠡ ᠪᠣᠯᠭᠠᠵᠤ᠂ ᠬᠡᠯᠬᠢᠶ᠎ᠡ ᠶᠢ ᠪᠦᠬᠡᠮᠨᠡᠷᠡᠬᠦᠯᠦᠨ ᠪᠦᠯᠦᠭᠵᠢᠯ ᠪᠤᠯᠭᠠᠨ᠂ ᠡᠨᠧᠷᠭᠢ ᠶᠢ ᠬᠤᠷᠠᠮᠳᠤᠭᠤᠯᠤᠨ ᠰᠢᠨ᠎ᠠ ᠪᠠᠶᠢᠳᠠᠯ ᠢ ᠪᠤᠢ ᠪᠤᠯᠭᠠᠬᠤ ᠬᠡᠷᠡᠭᠳᠡᠢ᠃ ︽ᠲᠦᠯᠦᠪᠯᠡᠵᠤ ᠪᠠᠶᠢᠭ᠎ᠠ ᠲᠥᠷᠥᠯ ᠵᠦᠢᠯ ᠳᠤ ᠡᠮᠦᠨᠡᠬᠢ ᠬᠤᠭᠤᠴᠠᠭ᠎ᠠ ᠶᠢᠨ ᠠᠵᠢᠯ ᠢ ᠠᠳᠬᠤᠬᠤ᠂ ᠰᠢᠨ᠎ᠡ ᠪᠠᠷ ᠪᠦᠳᠦᠬᠡᠨ ᠪᠠᠶᠢᠭᠤᠯᠬᠤ ᠲᠥᠷᠥᠯ ᠵᠦᠢᠯ ᠳᠤ ᠪᠠᠷᠢᠯᠭ᠎ᠠ ᠡᠬᠢᠯᠡᠭᠦᠯᠬᠦ ᠶᠢ ᠠᠳᠬᠤᠬᠤ᠂ ᠪᠠᠶᠢᠭᠤᠯᠵᠤ ᠪᠠᠶᠢᠭ᠎ᠠ ᠲᠥᠷᠥᠯ ᠵᠦᠢᠯ ᠳᠤ ᠠᠬᠢᠴᠠ ᠶᠢ ᠠᠳᠬᠤᠬᠤ︾ ᠱᠠᠭᠠᠷᠳᠠᠯᠭ᠎ᠠ ᠶᠣᠰᠣᠭᠠᠷ᠂ ᠴᠢᠬᠤᠯᠠ ᠶᠡᠭᠡ ᠲᠥᠷᠥᠯ ᠵᠦᠢᠯ ᠤᠨ ᠨᠠᠷᠢᠨ ᠲᠠᠩᠰᠠ ᠶᠢ ᠨᠠᠷᠢᠯᠢᠭᠵᠢᠭᠤᠯᠤᠨ ᠪᠣᠳᠠᠲᠠᠶᠢᠵᠢᠭᠤᠯᠵᠤ᠂ ᠤᠳᠤᠷᠢᠳᠤᠯᠭ᠎ᠠ ᠪᠣᠯᠤᠨ ᠰᠠᠯᠠᠭ᠎ᠠ ᠮᠥᠴᠢᠷ ᠤᠨ ᠳᠠᠭᠠᠭᠠᠴᠢᠯᠠᠨ ᠬᠠᠷᠢᠯᠴᠠᠬᠤ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠶᠠᠰᠤ ᠴᠢᠨᠠᠷ ᠬᠢᠭᠡᠳ ᠠᠬᠢᠴᠠ ᠶᠢ ᠵᠡᠷᠭᠡ ᠪᠠᠷ ᠴᠢᠬᠤᠯᠠᠴᠢᠯᠠᠬᠤ᠂ ᠠᠮᠤᠷ ᠲᠦᠪᠰᠢᠨ ᠬᠢᠭᠡᠳ ᠬᠠᠷᠢᠭᠤᠴᠠᠯᠭ᠎ᠠ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠨᠢᠭᠡᠳᠦᠯᠲᠡᠶ ᠲᠦᠯᠦᠪᠵᠢᠬᠦᠯᠦᠨ ᠲᠣᠬᠢᠷᠠᠭᠤᠯᠬᠤ ᠶᠢ ᠴᠢᠩᠭᠠᠳᠬᠠᠨ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠪᠠ ᠬᠦᠨᠳᠡᠯᠡᠨ ᠲᠤᠭᠤᠷᠢᠭ ᠲᠤ ᠨᠤᠳᠤᠬᠰᠢᠬᠤ ᠰᠠᠨᠠᠮᠵᠢ ᠲᠠᠢ ᠬᠤᠳᠠᠯᠳᠤᠭᠠᠴᠢᠨ ᠤᠷᠢᠬᠤ ᠲᠥᠷᠥᠯ ᠵᠦᠢᠯ ᠤᠨ ᠠᠬᠢᠴᠠ ᠶᠢ ᠨᠢᠭᠲᠠ ᠠᠩᠬᠠᠷᠴᠤ᠂ ᠰᠢᠨ᠎ᠡ ᠪᠠᠷ ᠨᠡᠮᠡᠭᠳᠡᠬᠦ ᠬᠡᠮᠵᠢᠶ᠎ᠡ ᠶᠢ ᠲᠦᠷᠭᠡᠳᠬᠡᠨ ᠪᠣᠶ ᠪᠣᠯᠭᠠᠬᠤ ᠬᠡᠷᠡᠭᠲᠡᠶ᠃ ᠦᠢᠯᠡᠴᠢᠯᠡᠭᠡ ᠪᠠᠲᠤᠯᠠᠭ᠎ᠠ ᠪᠠᠨ ᠴᠢᠩᠭᠠᠳᠬᠠᠵᠤ᠂ ᠠᠵᠤ ᠠᠬᠤᠶᠢᠯᠠᠯ ᠳᠤ ᠪᠦᠬᠦ ᠲᠠᠯ᠎ᠠ ᠶᠢᠨ᠂ ︽ᠠᠰᠠᠷᠠᠭᠴᠢ ᠮᠠᠶ᠋ᠢᠭ︾ ᠤᠨ ᠦᠢᠯᠡᠴᠢᠯᠡᠭᠡ ᠬᠠᠩᠭᠠᠵᠤ᠂ ᠤᠯᠤᠯᠴᠠᠭ᠎ᠠ ᠵᠣᠬᠢᠴᠠᠭᠤᠯᠭ᠎ᠠ ᠵᠣᠯᠭᠠᠯᠴᠠᠭ᠎ᠠ ᠶᠢ ᠰᠠᠶᠢᠲᠤᠷ ᠬᠢᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠬᠦᠴᠢᠷ ᠵᠣᠪᠠᠭᠤᠷᠢ ᠶᠢ ᠴᠠᠭ ᠲᠤᠬᠠᠢ ᠳᠤᠨᠢ ᠰᠢᠢᠳᠪᠦᠷᠢᠯᠡᠵᠦ᠂ ᠲᠦᠷᠦᠯ ᠵᠦᠢᠯ ᠤᠨ ᠲᠤᠬᠳᠠᠬᠰᠠᠨ ᠴᠠᠭ ᠤᠨ ᠲᠠᠷᠠᠭᠠᠯᠠᠯ ᠢᠶᠠᠷ ᠡᠮᠬᠢ ᠲᠢᠭᠯᠢᠮ ᠲᠠᠢ ᠥᠨᠳᠥᠷ ᠪᠦᠲᠦᠮᠵᠢᠲᠡᠢ ᠠᠬᠢᠬᠤ ᠶᠢ ᠪᠠᠲᠤᠯᠠᠵᠤ᠂ ᠪᠦᠬᠦ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠥᠳᠡᠯᠭᠡᠬᠦ ᠡᠨᠧᠷᠭᠢ ᠨᠡᠮᠡᠷᠢᠯᠡᠵᠦ᠂ ᠠᠮᠢᠵᠢᠷᠠᠯ ᠤᠨ ᠬᠦᠴᠦᠨ ᠤᠯᠭᠤᠵᠤ᠂ ᠨᠥᠭᠡᠴᠡ ᠬᠦᠴᠦᠨ ᠢ ᠴᠢᠩᠭᠠᠷᠠᠭᠤᠯᠬᠤ ᠬᠡᠷᠡᠭᠲᠡᠢ ᠬᠡᠵᠤ ᠴᠢᠬᠤᠯᠠᠴᠢᠯᠠᠪᠠ᠃ ︵ᠰᠤᠷᠪᠤᠯᠵᠢᠯᠠᠭᠴᠢ᠄ ᠰᠢᠶᠤᠤ ᠯᠢ ᠶᠢᠩ    ᠬᠢᠨᠠᠨ ᠬᠠᠷᠭᠤᠭᠤᠯᠤᠬᠰᠠᠨ ᠨᠢ᠄ ᠲᠤᠭᠤᠷᠢᠭ ᠤᠨ ᠨᠠᠮ ᠤᠨ ᠬᠤᠷᠢᠶᠠᠨ  ᠤ ᠠᠯᠪᠠᠨ ᠭᠡᠷ︶  
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号