ᠬᠥᠨᠳᠡᠯᠡᠨ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠷᠪᠠᠨ ᠭᠤᠷᠪᠠᠳᠤᠭᠠᠷ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/8/2
      7 ᠰᠠᠷ᠎ᠠ ᠶᠢᠨ 28 ᠤ ᠡᠳᠦᠷ᠂ ᠬᠥᠨᠳᠡᠯᠡᠨ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠷᠪᠠᠨ ᠭᠤᠷᠪᠠᠳᠤᠭᠠᠷ ᠬᠤᠷᠠᠯ ᠬᠤᠷᠠᠯᠳᠤᠭᠤᠯᠪᠠ᠃ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠬᠤ᠋ ᠰᠢᠶᠠ᠂ ᠸᠠᠩ ᠸᠧᠢ᠂ ᠯᠢᠦ ᠯᠢ ᠰᠢᠶᠠ ᠵᠢᠴᠢ ᠬᠡᠰᠢᠬᠦᠨ ᠨᠠᠶᠢᠳᠠ 22  ᠬᠦᠮᠦᠨ ᠬᠤᠷᠠᠯ ᠳᠤ ᠣᠷᠣᠯᠴᠠᠵᠤ᠂ ᠬᠤ᠋ ᠰᠢᠶᠠ ᠬᠤᠷᠠᠯ ᠢ ᠡᠷᠬᠢᠯᠡᠪᠡ᠃ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠠᠢ ᠶᠦᠨ ᡂᠢ᠂ ᠲᠤᠭᠤᠷᠢᠭ ᠤᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶᠠᠨ ᠤ ᠳᠠᠷᠤᠭ᠎ᠠ ᠭᠤᠤ ᠢᠦᠢ ᠫᠦ᠋᠂ ᠲᠤᠭᠤᠷᠢᠭ  ᠤᠨ ᠳᠡᠳ᠋ ᠳᠠᠷᠤᠭ᠎ᠠ ᠯᠢ ᠬᠤᠩ ᠢᠦᠢ ᠬᠤᠷᠠᠯ ᠳᠤ ᠰᠤᠯᠠ ᠣᠷᠣᠯᠴᠠᠵᠠᠢ᠃
      ᠲᠣᠭᠤᠷᠢᠭ ᠤᠨ ᠬᠢᠨᠠᠨ ᠪᠠᠶᠢᠴᠠᠭᠠᠬᠤ ᠵᠥᠪᠯᠡᠯ᠂ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶᠠᠨ ᠤ ᠬᠠᠮᠢᠶ᠎ᠠ ᠪᠥᠬᠦᠶ ᠬᠠᠷᠢᠭᠤᠴᠠᠯᠭᠠᠲᠠᠨ᠂ ᠡᠳ᠋ ᠤᠨ ᠵᠠᠰᠠᠭ ᠠᠵᠤ ᠠᠬᠤᠶ ᠶᠢᠨ ᠵᠥᠪᠯᠡᠯ ᠤᠨ    ᠪᠦᠷᠢᠯᠳᠦᠬᠦᠨ᠂ ᠡᠯ᠎ᠡ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ᠂ ᠵᠡᠭᠡᠯᠢ ᠭᠤᠳᠤᠮᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠡᠷᠬᠢᠯᠡᠭᠴᠢ ᠵᠢᠴᠢ ᠲᠣᠭᠤᠷᠢᠭ ᠤᠨ 5 ᠠᠷᠠᠳ ᠤᠨ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠪᠠ᠃          ᠬᠤᠷᠠᠯ ᠠᠴᠠ 2023 ᠣᠨ ᠤ ᠡᠮᠦᠨᠡᠬᠢ ᠨᠢᠭᠡ ᠬᠤᠭᠤᠴᠠᠭᠠᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠶ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠤᠰᠬᠠᠶ ᠠᠵᠢᠯ ᠤᠨ ᠮᠡᠳᠡᠭᠦᠯᠦᠯᠲᠡ ᠂ 2023 ᠣᠨ ᠤ ᠡᠮᠦᠨᠡᠬᠢ ᠨᠢᠭᠡ ᠬᠤᠭᠤᠴᠠᠭᠠᠨ ᠤ ᠲᠥᠰᠦᠪ ᠢ ᠭᠦᠢᠴᠡᠳᠬᠡᠭᠰᠡᠨ ᠪᠠᠶᠢᠳᠠᠯ ᠤᠨ ᠲᠤᠬᠠᠢ ᠲᠤᠰᠬᠠᠢ ᠠᠵᠢᠯ ᠤᠨ ᠮᠡᠳᠡᠭᠦᠯᠦᠯᠲᠡ᠂  ᠲᠤᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ᠂ ᠰᠢᠭᠦᠮᠵᠢᠯᠡᠯ ᠪᠠ ᠰᠠᠨᠠᠯ ᠢ ᠰᠢᠢᠳᠪᠦᠷᠢᠯᠡᠭᠰᠡᠨ ᠪᠠᠶᠢᠳᠠᠯ ᠤᠨ ᠲᠤᠬᠠᠶ ᠲᠤᠰᠬᠠᠶ ᠠᠵᠢᠯ ᠤᠨ ᠮᠡᠳᠡᠭᠦᠯᠦᠯᠲᠡ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠤᠭᠤᠷᠢᠭ ᠤᠨ ᠳᠡᠳ᠋ ᠳᠠᠷᠤᠭ᠎ᠠ ᠭᠤᠤ ᠢᠦᠶ ᠫᠦ᠋᠂ ᠲᠤᠭᠤᠷᠢᠭ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶᠠᠨ ᠤ ᠳᠠᠷᠤᠭ᠎ᠠ ᠼᠦᠢ ᠺᠦᠨ ᠯᠦᠨ᠂ ᠲᠤᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶᠠᠨ ᠤ ᠳᠠᠷᠤᠭ᠎ᠠ ᠵᠢᠶᠤᠤ ᠶᠠᠨ ᠯᠦᠩ᠂ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ ᠰᠢᠤᠢ ᠹᠧᠩ᠂ ᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠰᠦᠨ ᠪᠥᠸᠧ ᠶᠢᠨ ᠬᠢᠭᠰᠡᠨ ᠲᠤᠰᠢᠶᠠᠯ ᠤᠨ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠪᠡ᠂ ᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ 5 ᠲᠥᠯᠥᠭᠡᠯᠡᠭᠴᠢ ᠶᠢᠨ ᠳᠡᠪᠰᠢᠭᠦᠯᠦᠭᠰᠡᠨ ᠪᠢᠴᠢᠭ ᠤᠨ ᠬᠡᠯᠪᠡᠷᠢ ᠶᠢᠨ ᠲᠤᠰᠢᠶᠠᠯ ᠤᠨ ᠮᠡᠳᠡᠭᠦᠯᠦᠯᠲᠡ ᠶᠢ ᠬᠢᠨᠠᠨ ᠵᠥᠪᠯᠡᠪᠡ᠂ ᠡᠭᠦᠨ ᠤ ᠬᠠᠮᠲᠤ ᠳᠡᠭᠡᠷ᠎ᠡ ᠳᠤᠷᠠᠳᠤᠭᠰᠠᠨ ᠮᠡᠳᠡᠭᠦᠯᠦᠯᠲᠡ ᠳᠤ ᠬᠠᠨᠤᠮᠵᠢ ᠶᠢᠨ ᠬᠡᠮᠵᠢᠶᠡᠨ ᠤ ᠪᠠᠲᠤᠯᠠᠯᠲᠠ ᠬᠢᠪᠡ᠂ ᠪᠠᠲᠤᠯᠠᠯᠳᠠ ᠶᠢᠨ ᠦᠷ᠎ᠡ ᠳ᠋ᠦᠩ ᠳᠤ ᠴᠦᠮ ᠬᠠᠨᠤᠮᠵᠢᠲᠠᠶ ᠪᠤᠯᠪᠠ᠃       ᠬᠤᠷᠠᠯ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠶ ᠦᠢᠯᠡᠳᠪᠦᠷᠢᠯᠡᠯ ᠤᠨ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠤᠯᠭᠦᠶ ᠦᠢᠯᠡᠳᠪᠦᠷᠢᠯᠡᠯ ᠤᠨ ᠲᠦᠷᠢᠮ︾ ᠢ ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠭᠰᠠᠨ ᠲᠤᠬᠠᠶ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠳᠤᠭᠤᠶᠢᠯᠠᠩ ᠤᠨ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠭᠰᠡᠨ ᠪᠥᠭᠡᠳ ᠪᠠᠲᠤᠯᠠᠵᠤ᠂ ᠣᠨᠴᠠ ᠵᠠᠷᠢᠮ ᠲᠥᠯᠥᠭᠡᠯᠡᠭᠴᠢ ᠶᠢᠨ ᠠᠷᠠᠳ ᠤᠨ ᠲᠥᠯᠥᠭᠡᠯᠡᠭᠴᠢ ᠶᠢᠨ ᠬᠢᠷᠢ ᠬᠡᠮ ᠢᠶᠠᠨ ᠲᠤᠰᠢᠶᠠᠬᠤ ᠭᠤᠶᠤᠴᠢᠯᠠᠯ ᠢ ᠪᠠᠲᠤᠯᠠᠪᠠ᠃       ᠬᠤᠷᠠᠯ ᠠᠴᠠ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠬᠤᠯᠪᠣᠭᠳᠠᠯ ᠪᠦᠬᠦᠢ ᠤᠴᠢᠷ ᠶᠠᠪᠤᠳᠠᠯ ᠢ ᠬᠢᠨᠠᠨ ᠵᠥᠪᠯᠡᠭᠰᠡᠨ ᠪᠥᠭᠡᠳ ᠪᠠᠲᠤᠯᠠᠯᠲᠠ ᠬᠢᠵᠦ᠂ ᠢᠤᠢ ᠵᠠᠨ ᠵᠢᠶᠠᠩ ᠢ ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠤᠭᠤᠷᠢᠭ ᠤᠨ ᠣᠷᠣᠯᠠᠭᠴᠢ ᠳᠠᠷᠤᠭ᠎ᠠ ᠶᠢᠨ ᠲᠤᠰᠢᠶᠠᠯ ᠳᠤ ᠲᠤᠮᠢᠯᠠᠬᠤ ᠪᠠᠷ ᠲᠤᠬᠳᠠᠪᠠ᠃ ᠬᠤ᠋ ᠰᠢᠶᠠ ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠳ ᠲᠤ ᠲᠤᠰᠢᠶᠠᠯ ᠳᠤ ᠲᠣᠮᠢᠯᠠᠬᠤ ᠪᠢᠴᠢᠭ ᠭᠠᠷᠳᠠᠭᠤᠯᠵᠤ᠂ ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠳ ᠦᠨᠳᠦᠰᠦᠨ ᠬᠠᠤᠯᠢ ᠳᠤ ᠲᠠᠩᠭᠠᠷᠢᠭᠯᠠᠵᠤ᠂ ᠣᠷᠣᠯᠠᠭᠴᠢ ᠲᠣᠭᠤᠷᠢᠭ ᠤᠨ ᠳᠠᠷᠤᠭ᠎ᠠ ᠢᠦᠢ ᠵᠠᠨ ᠵᠢᠶᠠᠩ ᠣᠪᠣᠷ ᠢᠶᠠᠨ ᠢᠯᠡᠳᠬᠡᠬᠦ ᠦᠭᠡ ᠬᠡᠯᠡᠵᠡᠢ᠃ ︵ᠰᠤᠷᠪᠤᠯᠵᠢᠯᠠᠭᠴᠢ᠄ ᠶᠠᠨ ᠢ ᠫᠸᠢ   ᠬᠢᠨᠠᠨ ᠬᠠᠷᠭᠤᠭᠤᠯᠤᠬᠰᠠᠨ ᠨᠢ᠄ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠬᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号