ᠬᠦᠨᠳᠡᠯᠡᠨ ᠭᠤᠤᠯ ᠪᠠᠯᠭᠠᠰᠤ ︽ᠬᠤᠤᠰ ᠱᠤᠭᠤᠮ ᠤᠨ ᠤᠬᠠᠭᠤᠯᠭ᠎ᠠ ᠶᠢᠨ ᠲᠠᠪᠴᠠᠩ︾ ᠢ ᠪᠥᠬᠦ ᠲᠠᠯ᠎ᠠ ᠪᠠᠷ ᠪᠠᠶᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠪᠣᠰᠤᠭ᠎ᠠ ᠴᠣᠭᠴᠠᠳᠤ ᠵᠢᠬᠰᠠᠭᠠᠯ ᠢ ᠪᠦᠷᠢᠯᠳᠦᠬᠦᠯᠪᠡ 
ᠨᠡᠶᠢᠲᠡᠯᠡᠭᠰᠡᠨ ᠴᠠᠭ᠄
2023/8/20
      ᠨᠢᠭᠡ ᠳᠤ᠂  ᠪᠤᠳᠠᠳᠤ ᠴᠤᠬᠴᠠ ᠶᠢᠨ ᠵᠢᠭᠰᠠᠭᠠᠯ ᠤᠨ ᠭᠠᠵᠠᠷ ᠢ ᠲᠡᠭᠦᠯᠳᠡᠷᠵᠢᠭᠦᠯᠪᠡ᠃ ᠣᠳᠣᠬᠠᠨ    ᠪᠣᠯᠲᠠᠯ᠎ᠠ᠂  ᠬᠦᠨᠳᠡᠯᠡᠨ ᠭᠤᠤᠯ ᠪᠠᠯᠭᠠᠰᠤ ᠨᠢᠭᠡᠨᠲᠡ 9 ︽ᠨᠢᠭᠡᠳᠦᠮᠡᠯ ᠹᠷᠣᠨᠲ ᠤᠨ ᠬᠡᠷ︾᠂ 9 ︽ᠤᠯᠠᠭᠠᠨ ᠠᠨᠠᠷ ᠬᠡᠷ ᠣᠷᠣᠨ︾ ᠢ ᠪᠠᠶᠢᠭᠤᠯᠵᠤ᠂ ᠵᠢᠭᠰᠠᠭᠠᠯ ᠤᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠰᠠᠶᠢᠲᠤᠷ ᠠᠳᠬᠤᠬᠤ ᠪᠠᠷ ᠳᠠᠮᠵᠢᠭᠤᠯᠤᠨ᠂ ᠡᠯ᠎ᠡ ᠲᠣᠰᠬᠤᠨ ︵ᠨᠡᠶᠢᠭᠡᠮ ᠲᠣᠭᠤᠷᠢᠭ︶ ᠤ ᠥᠪᠡᠷᠲᠡᠭᠡᠨ ᠵᠠᠰᠠᠬᠤ ᠠᠮᠢᠵᠢᠷᠠᠯ ᠤᠨ ᠬᠦᠴᠦᠨ ᠢ ᠬᠠᠮᠤᠭ ᠤᠨ ᠶᠡᠭᠡ ᠬᠡᠮᠵᠢᠶ᠎ᠡ ᠪᠠᠷ ᠬᠥᠭᠵᠢᠭᠡᠵᠦ᠂ ︽ᠰᠠᠨᠠᠭᠠᠴᠢᠯᠠᠭ᠎ᠠ ᠠᠴᠠ ᠪᠠᠨ ᠬᠥᠳᠡᠯᠦᠯᠴᠡᠬᠦ᠂  ᠬᠠᠷᠢᠯᠴᠠᠨ ᠬᠦᠳᠡᠯᠦᠯᠴᠡᠬᠦ᠂ ᠬᠤᠯᠪᠣᠭᠠᠯᠠᠨ ᠬᠥᠳᠡᠯᠦᠯᠴᠡᠬᠦ︾ ᠠᠯᠤᠰ ᠬᠡᠲᠦ ᠶᠢᠨ ᠬᠥᠭᠵᠢᠯᠲᠡ ᠶᠢ ᠪᠡᠶᠡᠯᠡᠭᠦᠯᠵᠦ᠂ ᠦᠨᠳᠦᠰᠦᠲᠡᠨ ᠤ ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠪᠠ᠃ ᠬᠤᠶᠠᠷ ᠲᠤ᠂ ᠡᠭᠦᠯᠡᠨ ᠲᠠᠪᠴᠠᠩ  ᠶᠢ ᠡᠭᠦᠳᠪᠡ᠃ ︽ᠡᠭᠦᠯᠡᠨ ᠨᠢᠭᠡᠳᠦᠮᠡᠯ ᠹᠷᠣᠨᠲ︾ ᠤᠨ ᠵᠢᠱᠢᠶ᠎ᠡ ᠦᠵᠡᠭᠦᠯᠬᠦ ᠲᠥᠷᠥᠯ ᠲᠡᠮᠳᠡᠭᠲᠦ ᠵᠢᠭᠰᠠᠭᠠᠯ ᠤᠨ ᠭᠠᠵᠠᠷ ᠢ ᠪᠠᠶᠢᠭᠤᠯᠵᠤ᠂ ᠸᠢᠴᠠᠲ ᠨᠡᠶᠢᠲᠡ ᠶᠢᠨ ᠲᠠᠪᠴᠠᠩ ᠳᠤ ᠲᠦᠰᠢᠭᠯᠡᠨ᠂ ︽ᠳᠡᠭᠡᠳᠦ ᠱᠠᠲᠤᠨ ᠤ ᠵᠣᠷᠢᠭ ᠰᠠᠨᠠᠭ᠎ᠠ᠂ ᠪᠤᠰᠤᠳ ᠤᠨ ᠠᠭᠤᠯᠠ ᠠᠴᠠ ᠴᠢᠯᠠᠭᠤ ᠵᠢᠭᠡᠯᠡᠮᠤᠢ᠂ ᠦᠨᠳᠦᠰᠦᠨ ᠱᠠᠲᠤᠨ ᠤ ᠬᠥᠳᠡᠯᠦᠩᠭᠦᠶ ᠪᠠᠶᠢᠳᠠᠯ︾ ᠭᠡᠬᠦ ᠲᠤᠰᠬᠠᠢ ᠰᠡᠳᠦᠪᠳᠤ ᠬᠤᠪᠢᠶᠠᠷᠢ ᠪᠤᠯᠤᠩ ᠢ ᠨᠡᠭᠡᠭᠡᠪᠡ᠃ ᠣᠲᠣ ᠨᠢᠭᠡᠨᠲᠡ 8 ᠵᠣᠬᠢᠶᠠᠯ ᠨᠡᠶᠢᠲᠡᠯᠡᠵᠦ᠂ ᠤᠩᠰᠢᠬᠰᠠᠨ ᠬᠦᠮᠦᠨ ᠤ ᠲᠤᠭ᠎ᠠ 3550 ᠤᠳᠠᠭ᠎ᠠ ᠪᠤᠯᠵᠤ᠂  ᠬᠦᠨᠳᠡᠯᠡᠨ ᠭᠤᠤᠯ ᠪᠠᠯᠭᠠᠰᠤᠨ ᠤ 100 ᠭᠠᠷᠤᠶ ᠲᠤᠤᠷᠵᠢᠯ ᠤᠨ ᠴᠤᠬᠯᠠᠷᠠᠯ ᠢ ᠬᠠᠮᠤᠷᠴᠤ᠂ 3000 ᠭᠠᠷᠤᠶ ᠰᠠᠭᠤᠭᠠᠯᠢ ᠠᠷᠠᠳ ᠲᠤ ᠠᠰᠢᠭ ᠬᠦᠷᠲᠡᠭᠡᠪᠡ᠃ ︵ ᠬᠦᠨᠳᠡᠯᠡᠨ ᠭᠤᠤᠯ ᠪᠠᠯᠭᠠᠰᠤ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号