ᠬᠥᠨᠳᠡᠯᠡᠨ ᠲᠣᠭᠤᠷᠢᠭ ᠤᠨ ᠬᠠᠤᠯᠢ ᠶᠢᠨ ᠤᠬᠠᠭᠠᠨ ᠤ ᠨᠡᠶᠢᠭᠡᠮᠯᠢᠭ ᠤᠨ ᠬᠤᠶᠠᠳᠤᠭᠠᠷ ᠤᠳᠠᠭᠠᠨ ᠤ ᠭᠡᠰᠢᠭᠦᠳ ᠤᠨ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/8/30
    8 ᠰᠠᠷ᠎ᠠ ᠶᠢᠨ 25 ᠤ ᠡᠳᠦᠷ᠂ ᠬᠥᠨᠳᠡᠯᠡᠨ ᠲᠣᠭᠤᠷᠢᠭ ᠤᠨ ᠬᠠᠤᠯᠢ ᠶᠢᠨ ᠤᠬᠠᠭᠠᠨ ᠤ ᠨᠡᠶᠢᠭᠡᠮᠯᠢᠭ ᠤᠨ ᠬᠤᠶᠠᠳᠤᠭᠠᠷ ᠤᠳᠠᠭᠠᠨ ᠤ ᠭᠡᠰᠢᠭᠦᠳ ᠤᠨ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠠᠢ ᠶᠦᠨ ᡂᠢ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ 162 ᠲᠥᠯᠥᠭᠡᠯᠡᠭᠴᠢ ᠬᠤᠷᠠᠯ ᠳᠤ ᠣᠷᠣᠯᠴᠠᠵᠠᠢ᠃
    ᠶᠡᠭᠡ ᠬᠤᠷᠠᠯ ᠨᠢ ᠲᠥᠪ ᠴᠢᠩᠭ᠎ᠠ ᠤᠯᠤᠰ ᠤᠨ ᠰᠦᠯᠳᠡ ᠳᠠᠭᠤᠤ ᠶᠢᠨ ᠠᠶᠠᠰ ᠤᠨ ᠳᠤᠮᠳᠠ ᠡᠬᠢᠯᠡᠵᠤ᠂ ᠬᠤᠷᠠᠯ ᠠᠴᠠ ᠲᠣᠭᠤᠷᠢᠭ ᠤᠨ ᠬᠠᠤᠯᠢ ᠶᠢᠨ ᠤᠬᠠᠭᠠᠨ ᠨᠡᠶᠢᠭᠡᠮᠯᠢᠭ ᠤᠨ ᠠᠩᠬᠠᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠵᠦᠪᠯᠡᠯ ᠤᠨ ᠠᠵᠢᠯ ᠤᠨ ᠮᠡᠳᠡᠭᠦᠯᠦᠯᠲᠡ ᠶᠢ ᠰᠣᠨᠣᠰᠴᠤ᠂ ᠲᠣᠭᠤᠷᠢᠭ ᠤᠨ ᠬᠠᠤᠯᠢ ᠶᠢᠨ ᠤᠬᠠᠭᠠᠨ  ᠤ ᠨᠡᠶᠢᠭᠡᠮᠯᠢᠭ ᠤᠨ ᠬᠤᠶᠠᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ  ᠵᠦᠪᠯᠡᠯ ᠢ ᠰᠣᠩᠭᠤᠨ ᠭᠠᠷᠭᠠᠵᠤ᠂ ᠵᠠᠶ ᠶᠦᠨ ᡂᠢ ᠨᠥᠬᠦᠷ ᠲᠣᠭᠤᠷᠢᠭ ᠤᠨ ᠬᠠᠤᠯᠢ ᠶᠢᠨ ᠤᠬᠠᠭᠠᠨ ᠤ ᠨᠡᠶᠢᠭᠡᠮᠯᠢᠭ ᠤᠨ ᠳᠠᠷᠤᠭ᠎ᠠ ᠪᠠᠷ ᠰᠣᠩᠭᠤᠭᠳᠠᠵᠤ᠂ 138 ᠲᠥᠯᠥᠭᠡᠯᠡᠭᠴᠢ ᠬᠤᠶᠠᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠵᠦᠪᠯᠡᠯ ᠤᠨ ᠬᠡᠷᠡᠭ ᠡᠷᠬᠢᠯᠡᠭᠴᠢ ᠪᠠᠷ ᠰᠣᠩᠭᠤᠭᠳᠠᠵᠤ᠂ 44 ᠲᠥᠯᠥᠭᠡᠯᠡᠭᠴᠢ ᠬᠤᠶᠠᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠵᠦᠪᠯᠡᠯ ᠤᠨ ᠪᠠᠶᠢᠩᠭᠤ ᠶᠢᠨ ᠬᠡᠷᠡᠭ ᠡᠷᠬᠢᠯᠡᠭᠴᠢ ᠪᠠᠷ ᠰᠣᠩᠭᠤᠭᠳᠠᠪᠠ᠃     ᠬᠤᠷᠠᠯ ᠠᠴᠠ᠂ ᠬᠠᠤᠯᠢ ᠶᠢᠨ ᠤᠬᠠᠭᠠᠨ ᠤ ᠨᠡᠶᠢᠭᠡᠮᠯᠢᠭ ᠤᠨ ᠬᠠᠤᠯᠢᠵᠢᠯ ᠤᠨ ᠬᠥᠨᠳᠡᠯᠡᠨ ᠲᠣᠭᠤᠷᠢᠭ ᠤᠨ ᠪᠥᠲᠥᠭᠡᠨ ᠪᠠᠶᠢᠭᠤᠯᠤᠯᠲᠠ ᠲᠤᠮᠳᠠᠬᠢ ᠪᠠᠶᠢᠷᠢ ᠰᠠᠭᠤᠷᠢ ᠪᠠ ᠦᠢᠯᠡᠳᠦᠯ ᠢ ᠬᠦᠢᠴᠡᠳ ᠲᠠᠨᠢᠵᠤ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠪᠠᠷ ᠬᠠᠤᠯᠢ ᠶᠢᠨ ᠤᠬᠠᠭᠠᠨ ᠤ ᠨᠡᠶᠢᠭᠡᠮᠯᠢᠭ ᠤᠨ ᠠᠵᠢᠯ ᠢ ᠬᠥᠲᠥᠯᠥᠨ ᠵᠢᠯᠣᠭᠤᠳᠬᠤ ᠶᠢ ᠪᠠᠷᠢᠮᠲᠠᠯᠠᠵᠤ᠂ ᠬᠠᠤᠯᠢ ᠶᠢᠨ ᠤᠬᠠᠭᠠᠨ ᠤ ᠨᠡᠶᠢᠭᠡᠮᠯᠢᠭ ᠤᠨ ᠠᠵᠢᠯ ᠳᠠᠬᠢ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠡᠷᠡᠰ ᠭᠤᠶᠢᠪᠢᠰᠢ ᠥᠬᠡᠶ ᠪᠠᠷᠢᠮᠲᠠᠯᠠᠵᠤ᠂ ᠬᠠᠤᠯᠢ ᠶᠢᠨ ᠤᠬᠠᠭᠠᠨ ᠤ ᠰᠤᠳᠤᠯᠭᠠᠨ ᠪᠣᠯᠤᠨ ᠬᠠᠤᠯᠢ ᠶᠢᠨ ᠤᠬᠠᠭᠠᠨ ᠤ ᠨᠡᠶᠢᠭᠡᠮᠯᠢᠭ ᠤᠨ ᠠᠵᠢᠯ ᠤᠨ ᠵᠥᠪ ᠤᠯᠤᠰ ᠲᠥᠷᠥ ᠶᠢᠨ ᠴᠢᠭᠯᠡᠯ ᠢᠶᠠᠷ ᠤᠷᠤᠭᠰᠢᠯᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠠᠵᠤ ᠠᠬᠤᠶᠢᠯᠠᠯ ᠤᠨ ᠪᠠᠴᠢᠮᠳᠠᠵᠤ ᠲᠦᠪᠡᠭᠳᠡᠵᠤ ᠬᠦᠴᠢᠷᠳᠡᠵᠤ ᠬᠦᠰᠡᠵᠤ ᠪᠠᠶᠢᠭ᠎ᠠ ᠠᠰᠠᠭᠤᠳᠠᠯ ᠢ ᠭᠦᠨᠵᠡᠭᠡᠢ ᠣᠶᠢᠯᠠᠭᠠᠬᠤ ᠶᠢᠨ ᠬᠠᠮᠲᠤ ᠰᠢᠢᠳᠪᠦᠷᠢᠯᠡᠬᠦ ᠶᠢ ᠢᠳᠡᠪᠬᠢᠲᠡᠢ ᠠᠬᠢᠭᠤᠯᠵᠤ᠂ ︽ᠲᠠᠨ ᠤ ᠰᠠᠨᠠᠭ᠎ᠠ ᠠᠮᠤᠷ ᠪᠠᠶᠢᠬᠤ ᠶᠢ ᠪᠠᠲᠤᠯᠠᠬᠤ︾ ᠠᠯᠳᠠᠨ ᠦᠰᠦᠭᠲᠦ ᠫᠠᠶᠢᠰᠠ ᠶᠢ ᠠᠯᠳᠠᠷᠰᠢᠭᠤᠯᠬᠤ ᠳᠤ ᠬᠦᠴᠦᠨ ᠨᠡᠮᠡᠷᠢᠯᠡᠵᠦ᠂ ᠪᠦᠬᠦ ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠠᠤᠯᠢ ᠶᠢᠨ ᠤᠬᠠᠭᠠᠨ ᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠴᠢᠬᠤᠯᠠᠴᠢᠯᠠᠪᠠ᠃ ᠤᠯᠤᠰ ᠲᠦᠷᠦ ᠶᠢᠨ ᠠᠮᠤᠷ ᠲᠦᠪᠰᠢᠨ ᠪᠣᠯᠤᠨ ᠨᠡᠶᠢᠭᠡᠮ ᠤᠨ ᠲᠣᠭᠲᠠᠭᠤᠨ ᠢ ᠬᠠᠮᠠᠭᠠᠯᠠᠬᠤ᠂ ᠬᠤᠳᠠ ᠶᠢᠨ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠠᠬᠢᠭᠤᠯᠬᠤ᠂ ᠵᠥᠷᠢᠴᠡᠯ ᠵᠢᠭᠤᠷᠠᠭᠠᠨ ᠢ ᠰᠢᠢᠳᠪᠦᠷᠢᠯᠡᠬᠦ ᠵᠡᠷᠭᠡ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ ᠪᠠᠶᠢᠴᠠᠭᠠᠨ ᠰᠤᠳᠤᠯᠤᠯᠲᠠ ᠬᠢᠬᠦ᠂ ᠡᠷᠳᠡᠮ ᠰᠢᠨᠵᠢᠯᠡᠭᠡᠨ ᠤ ᠰᠤᠳᠤᠯᠤᠨ ᠶᠠᠷᠢᠯᠴᠠᠬᠤ᠂ ᠬᠠᠤᠯᠢᠵᠢᠯ ᠤᠨ ᠲᠤᠬᠠᠢ ᠦᠨᠡᠯᠡᠯᠲᠡ ᠬᠢᠬᠦ ᠵᠡᠷᠭᠡ ᠠᠵᠢᠯ ᠢ ᠭᠦᠨᠵᠡᠭᠡᠢ ᠥᠷᠨᠢᠭᠦᠯᠵᠦ᠂ ᠠᠮᠤᠷ ᠠᠮᠤᠭᠤᠯᠠᠩ ᠬᠥᠨᠳᠡᠯᠡᠨ ᠲᠣᠭᠤᠷᠢᠭ ᠤᠨ ᠪᠦᠳᠦᠭᠡᠨ ᠪᠠᠶᠢᠭᠤᠯᠤᠯᠲᠠ ᠳᠤ ᠨᠡᠩ ᠤᠯᠠᠨ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ᠃ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ᠂ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠶᠢ ᠵᠢᠷᠤᠮᠵᠢᠭᠤᠯᠬᠤ ᠪᠠᠶᠢᠭᠤᠯᠤᠯᠲᠠ ᠵᠡᠷᠭᠡ ᠲᠤᠰᠬᠠᠢ ᠰᠡᠳᠦᠪᠲᠦ ᠪᠠᠶᠢᠴᠠᠭᠠᠨ ᠰᠤᠳᠤᠯᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠬᠠᠤᠯᠢ ᠪᠠᠷᠢᠬᠤ ᠪᠠᠶᠢᠭᠤᠯᠤᠯ ᠤᠨ ᠥᠭᠡᠷᠡᠴᠢᠯᠡᠯᠲᠡ ᠶᠢᠨ ᠲᠥᠰᠦᠯ ᠢ ᠪᠠᠶᠢᠴᠠᠭᠠᠨ ᠰᠤᠳᠤᠯᠵᠤ ᠨᠤᠲᠠᠯᠠᠬᠤ᠂ ᠲᠤᠭᠤᠷᠪᠢᠬᠤ᠂ ᠦᠷ᠎ᠡ ᠪᠦᠲᠦᠮᠵᠢ ᠶᠢ ᠦᠨᠡᠯᠡᠨ ᠵᠢᠱᠢᠬᠦ ᠵᠡᠷᠭᠡ ᠠᠵᠢᠯ ᠳᠤ ᠣᠷᠣᠯᠴᠠᠵᠤ᠂ ᠨᠡᠩ ᠥᠨᠳᠥᠷ ᠲᠡᠰ ᠳᠠᠪᠬᠤᠷᠭ᠎ᠠ ᠶᠢᠨ ᠬᠠᠤᠯᠢᠵᠢᠯ ᠤᠨ ᠬᠥᠨᠳᠡᠯᠡᠨ ᠲᠣᠭᠤᠷᠢᠭ ᠢ ᠪᠠᠶᠢᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠢ᠃ ᠨᠠᠮ ᠤᠨ ᠪᠠᠶᠢᠭᠤᠯᠤᠯᠲᠠ ᠪᠠᠷ ᠣᠯᠠᠨ ᠲᠦᠮᠡᠨ ᠤ ᠪᠠᠶᠢᠭᠤᠯᠤᠯᠲᠠ ᠶᠢ ᠳᠠᠶᠢᠴᠢᠯᠠᠬᠤ ᠶᠢ ᠪᠠᠷᠢᠮᠲᠠᠯᠠᠵᠤ᠂ ᠨᠠᠮ ᠤᠨ ᠵᠣᠬᠢᠶᠠᠨ ᠪᠠᠶᠢᠭᠤᠯᠤᠯᠲᠠ ᠪᠠ ᠨᠠᠮ ᠤᠨ ᠠᠵᠢᠯ ᠢ ᠬᠠᠤᠯᠢ ᠶᠢᠨ ᠤᠬᠠᠭᠠᠨ ᠤ ᠨᠡᠶᠢᠭᠡᠮᠯᠢᠭ ᠤᠨ ᠬᠦᠷᠢᠶᠡᠨ ᠳᠤ ᠪᠦᠬᠦᠨ ᠢ ᠪᠦᠷᠬᠦᠬᠦᠯᠬᠦ ᠶᠢ ᠠᠬᠢᠭᠤᠯᠵᠤ᠂ ᠬᠠᠤᠯᠢ ᠶᠢᠨ ᠤᠬᠠᠭᠠᠨ ᠤ ᠨᠡᠶᠢᠭᠡᠮᠯᠢᠭ ᠤᠨ ᠭᠡᠰᠢᠭᠦᠨ ᠤ ᠡᠩᠨᠡᠭᠡ ᠶᠢ ᠪᠤᠵᠠᠭᠠᠶᠢᠷᠠᠭᠤᠯᠵᠤ᠂ ᠭᠡᠰᠢᠭᠦᠨ ᠤ ᠦᠢᠯᠡᠴᠢᠯᠡᠭᠡ ᠬᠠᠮᠢᠶᠠᠷᠤᠯᠲᠠ ᠶᠢᠨ ᠠᠵᠢᠯ ᠢ ᠴᠢᠩᠭᠠᠳᠬᠠᠵᠤ᠂ ᠬᠠᠤᠯᠢ ᠶᠢᠨ ᠤᠬᠠᠭᠠᠨ ᠤ ᠨᠡᠶᠢᠭᠡᠮᠯᠢᠭ ᠤᠨ ᠲᠣᠰ ᠪᠡᠶ᠎ᠡ ᠶᠢᠨ ᠪᠠᠶᠢᠭᠤᠯᠤᠯᠲᠠ ᠶᠢ ᠲᠠᠰᠤᠷᠠᠯᠲᠠ ᠥᠬᠡᠶ ᠴᠢᠩᠭᠠᠳᠬᠠᠬᠤ ᠬᠡᠷᠡᠭᠲᠡᠶ ᠬᠡᠵᠤ ᠴᠢᠬᠤᠯᠠᠴᠢᠯᠠᠪᠠ᠃     ᠬᠤᠷᠠᠯ ᠤᠨ ᠳᠠᠷᠠᠭ᠎ᠠ᠂ ᠲᠣᠭᠤᠷᠢᠭ ᠤᠨ ᠬᠠᠤᠯᠢ ᠶᠢᠨ ᠤᠬᠠᠭᠠᠨ ᠤ ᠨᠡᠶᠢᠭᠡᠮᠯᠢᠭ ︽ᠵᠠᠭᠤᠨ ᠬᠠᠤᠯᠢ ᠶᠢᠨ ᠤᠬᠠᠭᠠᠨᠲᠠᠨ ᠤ ᠵᠠᠭᠤᠨ ᠲᠠᠯᠠᠪᠠᠶ ᠮᠡᠳᠡᠭᠦᠯᠦᠯᠲᠡ ᠶᠢᠨ ᠬᠤᠷᠠᠯ︾ ᠤᠨ ᠬᠠᠤᠯᠢᠵᠢᠯ ᠤᠨ ᠤᠬᠠᠭᠤᠯᠭ᠎ᠠ ᠶᠢᠨ ᠠᠵᠢᠯᠯᠠᠭ᠎ᠠ ᠵᠢᠴᠢ ᠪᠥᠬᠦ ᠲᠣᠭᠤᠷᠢᠭ ᠤᠨ ᠤᠯᠤᠰ ᠲᠥᠷᠥ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠶᠢᠨ ᠭᠤᠷᠪᠠᠳᠤᠭᠠᠷ ᠬᠤᠭᠤᠴᠠᠭᠠᠨ ᠤ ᠤᠯᠤᠰ ᠲᠥᠷᠥ ᠶᠢᠨ ᠡᠭᠡᠯᠵᠢᠯᠡᠨ ᠪᠣᠯᠪᠠᠰᠤᠷᠠᠭᠤᠯᠬᠤ ᠠᠩᠭᠢ ᠶᠢ ᠡᠷᠭᠢᠯᠡᠵᠦ᠂ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠪᠠᠭᠰᠢ ᠶᠢ ᠤᠷᠢᠵᠤ ︽ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠵᠤ᠂ ᠬᠠᠤᠯᠢᠵᠢᠯ ᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠪᠣᠶ ᠪᠣᠯᠭᠠᠶ᠎ᠠ︾ ᠭᠡᠬᠦ ᠰᠡᠳᠦᠪ ᠢᠶᠠᠷ ᠲᠤᠰᠬᠠᠶ ᠰᠡᠳᠦᠪᠲᠦ ᠲᠠᠶᠢᠯᠤᠮᠵᠢ ᠬᠢᠯᠭᠡᠵᠦ᠂ ᠬᠤᠷᠠᠯ ᠳᠤ ᠣᠷᠣᠯᠴᠠᠭᠰᠠᠨ ᠪᠥᠬᠦ ᠲᠥᠯᠥᠭᠡᠯᠡᠭᠴᠢᠳ ᠢ ᠪᠣᠯᠪᠠᠰᠤᠷᠠᠯ ᠳᠤ ᠣᠷᠣᠯᠴᠠᠭᠤᠯᠪᠠ᠃ ᠬᠤᠷᠠᠯ ᠤᠨ ᠬᠤᠭᠤᠴᠠᠭᠠᠨ ᠳᠤ ᠪᠦᠬᠦ ᠲᠥᠯᠥᠭᠡᠯᠡᠭᠴᠢᠳ ᠲᠤ 2000 ᠭᠠᠷᠤᠢ ᠬᠤᠪᠢ ᠤᠬᠠᠭᠤᠯᠬᠤ ᠳᠡᠪᠲᠡᠷ ᠲᠠᠷᠬᠠᠭᠠᠵᠤ ᠥᠭᠪᠡ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号