ᠣᠶᠢᠷ᠎ᠠ ᠳᠤ᠂ ᠨᠦᠬᠦᠷᠯᠡᠯ ᠵᠡᠭᠡᠯᠢ ᠭᠤᠳᠤᠮᠵᠢ ᠣᠷᠣᠨ ᠪᠦᠰᠡᠴᠢᠯᠡᠭᠰᠡᠨ ᠨᠠᠮ ᠤᠨ ᠪᠠᠶᠢᠭᠤᠯᠤᠯᠲᠠ ᠶᠢᠨ | ᠬᠠᠮᠲᠤ ᠪᠠᠷ ᠴᠤᠬᠴᠠᠯᠠᠵᠤ ᠬᠠᠮᠲᠤ ᠪᠠᠷ ᠪᠠᠶᠢᠭᠤᠯᠬᠤ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠵᠢᠴᠢ ᠠᠷᠪᠠᠳᠤᠭᠠᠷ | ᠬᠤᠭᠤᠴᠠᠭᠠᠨ ᠤ ︽ᠨᠥᠬᠦᠷᠯᠡᠯ e ᠲᠤᠳᠤᠨᠤ ᠬᠡᠷ ᠪᠦᠯᠢ ᠬᠦᠬᠦᠷᠭᠡᠨ ᠪᠠᠬᠢᠯᠡᠯᠲᠡ ᠶᠢ ᠡᠬᠦᠳᠦᠨ ᠪᠠᠶᠢᠭᠤᠯᠤᠶ᠎ᠠ︾ | ᠲᠡᠯᠬᠡᠷ ᠵᠤᠨ ᠤ ᠰᠣᠶᠣᠯ ᠤᠨ ᠰᠠᠷ᠎ᠠ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠡᠷᠭᠢᠯᠡᠪᠡ᠃ | | | | | | | ᠪᠥᠵᠢᠭ ︽ᠡᠷᠬᠡ ᠴᠢᠯᠥᠭᠡ ᠪᠠᠨ ᠣᠯᠤᠭᠰᠠᠨ ᠬᠠᠮᠵᠢᠯᠭ᠎ᠠ ᠶᠢᠨ ᠲᠠᠷᠢᠶᠠᠴᠢᠨ ᠳᠠᠭᠤᠤ ᠪᠠᠨ ᠳᠠᠭᠤᠯᠠᠨ᠎ᠠ︾᠂ | ᠳᠠᠭᠤᠤ ︽ᠪᠢᠴᠢᠬᠠᠨ ᠴᠠᠭᠠᠨ ᠤᠯᠢᠶᠠᠰᠤ︾᠂ ︽ᠦᠳᠡᠰᠢ ᠶᠢᠨ ᠰᠠᠯᠬᠢ ᠬᠠᠷᠠᠭᠤᠯ ᠤᠨ ᠭᠠᠵᠠᠷ ᠢ ᠦᠯᠢᠶᠡᠬᠦᠶᠡ︾᠂ | ᠳᠠᠭᠤᠤ ᠪᠥᠵᠢᠭ ︽ᠶᠠᠨ ᠠᠨ ᠳᠤ ᠬᠠᠷᠢᠨ᠎ᠠ︾᠂ ︽ᠪᠢ ᠡᠬᠡ ᠤᠯᠤᠰ ᠲᠠᠢ ᠪᠠᠨ︾᠂ ᠰᠢᠯᠦᠭ ︽ᠨᠠᠮ ᠤᠨ | ᠳᠤᠬ ᠢ ᠪᠠᠷᠠᠯᠠᠨ᠎ᠠ︾᠂ ᠡᠯ ᠷᠧᠨ ᠲᠠᠢ ᠵᠦᠴᠦᠭᠡ ︽ᠭᠦᠭᠰᠢᠨ ᠬᠤᠶᠠᠷ ᠬᠤᠷᠢᠳᠤᠭᠠᠷ ᠶᠡᠭᠡ ᠬᠤᠷᠠᠯ ᠢ ᠮᠠᠭᠲᠠᠨ | ᠳᠠᠭᠤᠯᠠᠨ᠎ᠠ︾ ᠁ ᠡᠭᠡᠰᠢᠭ ᠤᠶᠠᠩᠭᠠᠳᠤ ᠳᠠᠭᠤᠤ ᠪᠥᠵᠢᠭ ᠨᠢ ᠨᠠᠮ ᠢᠶᠠᠨ ᠬᠠᠶᠢᠷᠠᠯᠠᠬᠤ ᠤᠯᠤᠰ ᠢᠶᠠᠨ | ᠬᠠᠶᠢᠷᠠᠯᠠᠬᠤ ᠴᠢᠩ ᠦᠨᠡᠨᠴᠢ ᠬᠠᠶᠢᠷ᠎ᠠ ᠰᠡᠳᠬᠢᠯᠭᠡ ᠶᠢ ᠢᠯᠡᠳᠬᠡᠵᠦ᠂ ᠡᠶ᠎ᠡ ᠵᠣᠬᠢᠴᠠᠩᠭᠤᠢ ᠦᠵᠡᠰᠬᠦᠯᠡᠩᠲᠦ ᠰᠠᠶᠢᠬᠠᠨ | ᠪᠠᠶᠠᠨ ᠬᠦᠴᠦᠷᠬᠡᠭ ᠰᠢᠨ᠎ᠡ ᠴᠠᠭ ᠦᠶ᠎ᠡ ᠪᠠᠨ ᠬᠠᠮᠲᠤ ᠪᠠᠷ ᠮᠠᠭᠲᠠᠨ ᠳᠠᠭᠤᠯᠠᠵᠤ᠂ ᠥᠷᠭᠡᠨ ᠤᠯᠠᠨ ᠺᠠᠳ᠋ᠷ ᠤᠯᠠᠨ | ᠲᠦᠮᠡᠨ ᠤ ᠰᠢᠨ᠎ᠡ ᠠᠶᠠᠨ ᠳᠤ ᠡᠷᠡᠮᠡᠬᠡᠶᠢᠯᠡᠨ ᠤᠷᠤᠭᠰᠢᠯᠠᠵᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ | ᠢᠲᠡᠭᠡᠯ ᠵᠣᠷᠢᠭ ᠢ ᠨᠠᠩᠳᠠ ᠬᠦᠪᠴᠢᠯᠡᠯ᠎ᠡ᠃ | | | | | | | ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ︽ᠬᠤᠶᠠᠷ ᠰᠢᠯᠢᠳᠡᠭ ᠨᠢᠭᠡ ᠲᠡᠷᠢᠭᠦᠨ︾ ᠤ ᠲᠡᠷᠢᠭᠦᠨ ᠤ ᠬᠠᠮᠲᠤ | ᠪᠠ ᠬᠤᠪᠢ ᠬᠥᠮᠦᠨ᠂ ᠨᠥᠬᠦᠷᠯᠡᠯ e ᠲᠤᠳᠤᠨᠤ ᠬᠡᠷ ᠪᠦᠯᠢ — ᠬᠠᠮᠤᠭ ᠤᠨ ᠰᠢᠯᠢᠳᠡᠭ ᠬᠤᠲᠠ ᠶᠢᠨ ᠦᠨᠳᠦᠰᠦᠨ | ᠱᠠᠲᠤᠨ ᠤ ᠨᠠᠮ ᠤᠨ ᠪᠠᠶᠢᠭᠤᠯᠤᠯᠲᠠ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠬᠤᠷᠰᠢᠯᠴᠠᠬᠰᠠᠨ ᠰᠢᠯᠢᠳᠡᠭ | ᠨᠠᠮ ᠤᠨ ᠵᠣᠬᠢᠶᠠᠨ ᠪᠠᠶᠢᠭᠤᠯᠤᠯᠲᠠ ︵ᠨᠢᠭᠡᠴᠢ︶᠂ ᠬᠠᠮᠤᠭ ᠤᠨ ᠭᠤᠶᠣ ︽ᠬᠤᠶᠠᠷ ᠢ ᠬᠦᠷᠢᠶᠡᠯᠡᠬᠦ︾ ᠬᠥᠮᠦᠰ᠂ | ᠬᠠᠮᠤᠭ ᠤᠨ ᠭᠤᠶᠣ ᠴᠡᠷᠢᠭ ᠤᠨ ᠠᠯᠪᠠ ᠠᠴᠠ ᠬᠠᠯᠠᠬᠳᠠᠬᠰᠠᠳ᠂ ᠬᠠᠮᠤᠭ ᠠᠴᠠ ᠪᠠᠭ᠋ᠠᠷᠬᠠᠳᠠᠭ ᠠᠵᠢᠯ ᠤᠨ | ᠪᠠᠶᠢᠷᠢ ᠶᠢᠨ ᠴᠢᠳᠠᠪᠤᠷᠢᠲᠠᠨ᠂ ᠬᠠᠮᠤᠭ ᠤᠨ ᠭᠤᠶᠣ ᠪᠣᠯᠪᠠᠰᠤᠨ ᠬᠡᠷ ᠪᠦᠯᠢ ︵ᠠᠮᠤᠷ ᠠᠮᠤᠭᠤᠯᠠᠩ ᠬᠡᠷ ᠪᠦᠯᠢ︶ ᠪᠠ | ᠬᠠᠮᠤᠭ ᠤᠨ ᠰᠢᠯᠢᠳᠡᠭ ᠬᠤᠪᠢᠰᠬᠠᠯᠲᠤ ᠤᠳᠬ᠎ᠠ ᠤᠷᠠᠯᠢᠭ ᠤᠨ ᠤᠬᠠᠭᠤᠯᠬᠤ ᠠᠩᠭᠢ ᠵᠡᠷᠭᠡ 14 ᠵᠦᠢᠯ ᠤᠨ | ᠱᠠᠩᠨᠠᠯ ᠢ ᠬᠦᠷᠳᠡᠭᠴᠢ ᠵᠢᠴᠢ 48 ᠲᠡᠷᠢᠭᠦᠨ ᠤ ᠬᠠᠮᠲᠤ᠂ 151 ᠲᠡᠷᠢᠭᠦᠨ ᠤ ᠬᠤᠪᠢ ᠬᠥᠮᠦᠨ ᠢ ᠬᠥᠬᠢᠭᠦᠯᠦᠨ | ᠰᠠᠶᠢᠰᠢᠶᠠᠪᠠ᠃ | | | | | | | ᠬᠥᠬᠢᠭᠦᠯᠦᠭᠳᠡᠨ ᠰᠠᠶᠢᠰᠢᠶᠠᠭᠳᠠᠭᠰᠠᠨ ᠲᠡᠷᠢᠭᠦᠨ ᠤ ᠬᠠᠮᠲᠤ ᠪᠠ ᠬᠤᠪᠢ ᠬᠥᠮᠦᠨ ᠤ ᠲᠥᠯᠥᠭᠡᠯᠡᠭᠴᠢ᠂ ᠢᠷᠠᠭᠤ | ᠠᠯᠳᠠᠷ ᠢ ᠠᠵᠢᠯ ᠢᠶᠠᠨ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ | ᠬᠠᠷᠢᠭᠤᠴᠠᠯᠭ᠎ᠠ ᠡᠭᠦᠷᠭᠡᠯᠡᠨ ᠪᠣᠳᠠᠲᠠᠢ ᠠᠵᠢᠯᠯᠠᠭᠰᠠᠨ ᠪᠣᠳᠠᠲᠤ ᠦᠷ᠎ᠡ ᠪᠦᠲᠦᠭᠡᠯ ᠪᠣᠯᠭᠠᠨ ᠬᠤᠪᠢᠷᠠᠭᠤᠯᠵᠤ᠂ | ᠲᠡᠷᠢᠭᠦᠨ ᠤ ᠠᠵᠢᠯ ᠤᠨ ᠲᠤᠷᠰᠢᠯᠭ᠎ᠠ ᠶᠢ ᠲᠠᠰᠤᠷᠠᠯᠳᠡ ᠦᠭᠡᠢ ᠰᠤᠷᠤᠯᠴᠠᠵᠤ᠂ ᠲᠠᠬᠢᠨ ᠰᠢᠯᠢᠳᠡᠭ ᠠᠮᠵᠢᠯᠲᠠ | ᠪᠦᠲᠦᠮᠵᠢ ᠭᠠᠷᠭᠠᠨ᠎ᠠ ᠭᠡᠵᠦ ᠢᠯᠡᠳᠬᠡᠵᠡᠭᠡᠪᠡ᠃ | | | | | | | ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ | ᠮᠡᠳᠡᠯᠭᠡ ᠶᠢᠨ ᠠᠰᠠᠭᠤᠯᠲᠠ ᠬᠠᠷᠢᠭᠤᠯᠲᠠ︾ ᠶᠢᠨ ᠭᠤᠭᠴᠤᠭ᠎ᠠ ᠳᠤ᠂ ᠲᠤᠬᠠᠶ ᠶᠢᠨ ᠲᠠᠯᠠᠪᠠᠶ ᠶᠢᠨ ᠠᠭᠤᠷ ᠠᠮᠢᠰᠬᠤᠯ | ᠬᠥᠷ ᠬᠥᠭᠵᠢᠶᠡᠨ ᠢᠶᠠᠷ ᠪᠢᠯᠬᠠᠵᠤ᠂ ᠰᠠᠭᠤᠭᠠᠯᠢ ᠠᠷᠠᠳ ᠥᠷᠢᠰᠥᠯᠳᠦᠨ ᠬᠠᠷᠢᠭᠤᠯᠵᠤ ᠢᠳᠡᠪᠬᠢᠲᠡᠶ | ᠣᠷᠣᠯᠴᠠᠵᠠᠭᠠᠪᠠ᠃ ᠳᠠᠷᠠᠭ᠎ᠠ ᠨᠢ᠂ ᠠᠷᠠᠳᠴᠢᠯᠠᠯ ᠢᠶᠠᠷ ᠠᠬᠢᠭᠤᠯᠬᠤ ᠬᠤᠷᠠᠯ ᠤᠨ ᠪᠤᠭᠤᠲᠤ ᠶᠢᠨ ᠺᠠᠢ ᠮᠢᠩ | ᠵᠢᠷᠤᠭ ᠤᠨ ᠬᠦᠷᠢᠶᠡᠯᠡᠩ ᠤᠨ ᠳᠠᠷᠤᠭ᠎ᠠ ᠯᠢᠦ ᠾᠧᠩ ᠵᠢᠶᠦ᠋ᠨ ᠲᠤᠬᠠᠢ ᠶᠢᠨ ᠲᠠᠯᠠᠪᠠᠢ ᠳᠤ ᠪᠢᠷ ᠪᠡᠭᠡ ᠬᠦᠳᠡᠯᠭᠡᠵᠤ᠂ | ᠨᠥᠬᠦᠷᠯᠡᠯ ᠵᠡᠭᠡᠯᠢ ᠭᠤᠳᠤᠮᠵᠢ ᠳᠤ ᠤᠷᠠᠨ ᠪᠢᠴᠢᠯᠭᠡ — ︽ᠨᠠᠮ ᠢᠶᠠᠨ ᠬᠦᠨᠳᠦᠳᠬᠡᠵᠦ ᠴᠡᠷᠢᠭ ᠢᠶᠠᠨ ᠬᠦᠷᠢᠶᠡᠯᠡᠨ | ᠠᠷᠠᠳ ᠢᠶᠠᠨ ᠬᠠᠶᠢᠷᠠᠯᠠᠶ᠎ᠠ︾ ᠬᠡᠬᠦ ᠪᠦᠳᠦᠬᠡᠯ ᠢ ᠬᠦᠷᠭᠡᠵᠦ᠂ ᠵᠡᠭᠡᠯᠢ ᠭᠤᠳᠤᠮᠵᠢ ᠶᠢᠨ ᠺᠠᠳ᠋ᠷ ᠠᠵᠢᠯᠳᠠᠨ ᠤ | ᠡᠷᠡᠮᠡᠬᠡᠶᠢᠯᠡᠨ ᠲᠡᠮᠡᠴᠡᠵᠦ᠂ ᠡᠷᠡᠯᠬᠡᠭᠯᠡᠨ ᠤᠷᠤᠭᠰᠢᠯᠠᠬᠤ ᠶᠢ ᠵᠣᠷᠢᠭᠵᠢᠭᠤᠯᠪᠠ᠃ | | | | | | | ᠠᠵᠢᠯᠯᠠᠭ᠎ᠠ ᠳᠤ ᠣᠷᠣᠯᠴᠠᠭᠰᠠᠨ ᠨᠠᠮ ᠤᠨ ᠭᠡᠰᠢᠭᠦᠨ ᠣᠯᠠᠨ ᠲᠦᠮᠡᠨ᠂ ᠲᠣᠰ ᠤᠳᠠᠭᠠᠨ ᠤ ᠠᠵᠢᠯᠯᠠᠭ᠎ᠠ ᠨᠢ | ᠨᠠᠮ ᠢᠶᠠᠨ ᠬᠠᠶᠢᠷᠠᠯᠠᠬᠤ ᠤᠯᠤᠰ ᠢᠶᠠᠨ ᠬᠠᠶᠢᠷᠠᠯᠠᠬᠤ ᠬᠠᠮᠤᠭ ᠤᠨ ᠬᠦᠴᠦᠷᠬᠡᠭ ᠲᠠᠭᠤᠨ ᠢ ᠬᠠᠩᠭᠢᠨᠠᠭᠤᠯᠵᠤ᠂ ᠰᠢᠨ᠎ᠡ | ᠴᠠᠭ ᠦᠶ᠎ᠡ ᠶᠢᠨ ᠰᠠᠶᠢᠨ ᠰᠠᠶᠢᠬᠠᠨ ᠠᠮᠢᠳᠤᠷᠠᠯ ᠢ ᠮᠠᠭᠲᠠᠨ ᠰᠠᠶᠢᠰᠢᠶᠠᠵᠤ᠂ ᠬᠠᠷᠢᠶ᠎ᠠ ᠣᠷᠣᠨ ᠤ | ᠦᠨᠳᠦᠰᠦᠲᠡᠨ ᠨᠦᠭᠦᠳ ᠤᠨ ᠰᠠᠭᠤᠭᠠᠯᠢ ᠠᠷᠠᠳ ᠤᠨ ᠣᠶᠤᠨ ᠤ ᠰᠣᠶᠣᠯ ᠤᠨ ᠠᠮᠢᠳᠤᠷᠠᠯ ᠢ ᠲᠦᠢᠯ ᠤᠨ ᠶᠡᠭᠡ ᠪᠠᠷ | ᠪᠠᠶᠠᠯᠢᠭᠵᠢᠭᠤᠯᠪᠠ ᠭᠡᠵᠤ ᠢᠯᠡᠳᠭᠡᠵᠡᠭᠡᠪᠡ᠃ | | | | | | | ᠲᠠᠷᠠᠭᠠᠴᠢ ᠶᠢᠨ ᠠᠯᠬᠤᠮ ᠳᠤ᠂ ᠨᠥᠬᠦᠷᠯᠡᠯ ᠵᠡᠭᠡᠯᠢ ᠭᠤᠳᠤᠮᠵᠢ ᠶᠢᠨ ᠬᠢᠨ ᠨᠠᠮ ᠤᠨ ᠠᠵᠢᠯ ᠤᠨ ᠬᠤᠷᠢᠶ᠎ᠠ ᠶᠢᠨ | ᠪᠠᠬᠢᠯᠡᠯᠲᠡ ᠶᠢᠨ ᠦᠢᠯᠡᠳᠦᠯ ᠪᠣᠯᠤᠨ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠪᠤᠯᠬᠤ ᠦᠢᠯᠡᠳᠦᠯ ᠢ | ᠬᠦᠢᠴᠡᠳ ᠪᠠᠳᠠᠷᠠᠭᠤᠯᠵᠤ᠂ ᠣᠯᠠᠨ ᠲᠠᠯ᠎ᠠ ᠶᠢᠨ ᠡᠬᠢ ᠪᠠᠶᠠᠯᠢᠭ ᠢ ᠬᠤᠷᠠᠮᠳᠤᠭᠤᠯᠤᠨ᠂ ᠬᠦᠴᠦᠷᠬᠡᠭ ᠶᠡᠭᠡ ᠬᠠᠮᠲᠤᠷᠠᠯ | ᠬᠦᠴᠦᠨ ᠢ ᠨᠢᠭᠲᠠᠷᠠᠭᠤᠯᠵᠤ᠂ ︽ᠭᠤᠤᠯᠯᠠᠭᠴᠢ ᠪᠠᠷ ᠬᠥᠲᠥᠯᠥᠨ ᠳᠠᠭᠠᠭᠤᠯᠬᠤ᠂ ᠠᠭᠤᠰᠤᠯᠴᠠᠨ ᠬᠠᠮᠲᠤ ᠪᠠᠷ | ᠪᠠᠶᠢᠭᠤᠯᠬᠤ᠂ ᠣᠯᠠᠨ ᠡᠰᠢᠵᠢᠬᠦᠯᠦᠨ ᠬᠠᠮᠲᠤ ᠪᠠᠷ ᠵᠠᠰᠠᠬᠤ︾ ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠵᠤ | ᠬᠠᠮᠲᠤ ᠪᠠᠷ ᠡᠳ᠋ᠯᠡᠬᠦ ᠨᠡᠶᠢᠭᠡᠮ ᠤᠨ ᠵᠠᠰᠠᠯᠲᠠ ᠶᠢᠨ ᠰᠢᠨ᠎ᠡ ᠪᠠᠶᠢᠷᠢᠰᠢᠯ ᠢ ᠢᠳᠡᠪᠬᠢᠲᠡᠶ ᠪᠠᠶᠢᠭᠤᠯᠵᠤ᠂ ᠵᠡᠭᠡᠯᠢ | ᠭᠤᠳᠤᠮᠵᠢ ᠶᠢᠨ ᠡᠯ᠎ᠡ ᠵᠦᠢᠯ ᠤᠨ ᠠᠵᠢᠯ ᠢ ᠳᠠᠬᠢᠨ ᠰᠢᠨ᠎ᠡ ᠳᠡᠭᠲᠡᠷ ᠲᠤ ᠭᠠᠷᠭᠠᠵᠤ᠂ ᠮᠠᠨ ᠤ ᠲᠤᠭᠤᠷᠢᠭ ᠤᠨ ᠠᠵᠤ | ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ︽ᠨᠥᠬᠦᠷᠯᠡᠯ ᠤᠨ ᠬᠦᠴᠦᠨ︾ ᠢ ᠨᠡᠮᠡᠷᠢᠯᠡᠨ᠎ᠡ᠃ | ︵ᠢᠷᠡᠯᠲᠡ᠄ ᠨᠦᠬᠦᠷᠯᠡᠯ ᠵᠡᠭᠡᠯᠢ ᠭᠤᠳᠤᠮᠵᠢ︶ | |