ᠢᠦᠶ ᠵᠠᠨ ᠵᠢᠶᠠᠩ ᠬᠤᠲᠠ ᠶᠢᠨ ᠤᠰᠤᠲᠤᠯ ᠢ ᠵᠠᠰᠠᠬᠤ᠂ ᠦᠶᠡᠷ ᠢ ᠰᠡᠷᠭᠡᠶᠢᠯᠡᠬᠦ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/8/8
     8 ᠰᠠᠷ᠎ᠠ ᠶᠢᠨ 5 ᠤ ᠦᠳᠡ ᠶᠢᠨ ᠡᠮᠦᠨ᠎ᠡ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠳᠠᠷᠤᠭ᠎ᠠ ᠢᠦᠶ ᠵᠠᠨ ᠵᠢᠶᠠᠩ ᠬᠤᠲᠠ ᠶᠢᠨ ᠤᠰᠤᠲᠤᠯ ᠢ ᠵᠠᠰᠠᠬᠤ᠂ ᠦᠶᠡᠷ ᠢ ᠰᠡᠷᠭᠡᠶᠢᠯᠡᠬᠦ ᠠᠵᠢᠯ ᠢ ᠪᠠᠶᠢᠴᠠᠭᠠᠨ ᠰᠤᠳᠤᠯᠪᠠ᠃      ᠢᠦᠢ ᠵᠠᠨ ᠵᠢᠶᠠᠩ ᠨᠠᠷ ᠤᠷᠢᠳ ᠬᠤᠵᠢᠳ ᠵᠢᠩ ᠹᠦ᠋ ᠬᠦᠬᠦᠷᠭᠡ ᠶᠢᠨ ᠭᠤᠯᠳᠤᠩ᠂ ᠤᠳᠠᠨ ᠰᠡᠬᠦᠳᠡᠷᠳᠤ ᠵᠠᠮ ᠪᠣᠯᠤᠨ ᠬᠤᠪᠣᠷ ᠰᠢᠷᠣᠢ ᠶᠢᠨ ᠵᠡᠭᠡᠯᠢ ᠶᠢᠨ ᠠᠭᠤᠯᠵᠠᠷ ᠬᠡᠰᠡᠭ᠂ ᠬᠦᠨᠳᠡᠯᠡᠨ ᠭᠤᠣᠯ ᠤᠨ ᠡᠮᠦᠨ᠎ᠡ ᠬᠥᠭᠦᠷᠭᠡ᠂ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠨᠥᠭᠡᠴᠡᠯᠡᠬᠦ ᠬᠥᠮᠥᠷᠭᠡ᠂ ᠬᠠᠳᠠᠮᠠᠯ ᠭᠤᠤᠯ ᠤᠨ ᠦᠶᠡᠷ ᠢ ᠰᠡᠷᠭᠡᠶᠢᠯᠡᠬᠦ ᠠᠵᠢᠯ ᠤᠨ ᠦᠷᠳᠡᠭᠡ ᠵᠡᠷᠭᠡ ᠭᠠᠵᠠᠷ ᠢᠶᠠᠷ ᠬᠦᠷᠴᠦ᠂ ᠬᠤᠳᠠ ᠶᠢᠨ ᠤᠰᠤᠲᠤᠯ ᠢ ᠵᠠᠰᠠᠬᠤ᠂ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠢ ᠨᠥᠭᠡᠴᠡᠯᠡᠬᠦ ᠪᠠ ᠦᠶᠡᠷ ᠢ ᠰᠡᠷᠭᠡᠶᠢᠯᠡᠬᠦ ᠪᠡᠯᠡᠳᠬᠡᠯ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠢᠦᠶ ᠵᠠᠨ ᠵᠢᠶᠠᠩ᠂ ᠬᠤᠲᠠ ᠶᠢᠨ ᠠᠮᠠᠷᠬᠠᠨ ᠤᠰᠤᠲᠤᠬᠤ ᠴᠡᠭ ᠤᠨ ᠪᠣᠶ ᠪᠣᠯᠤᠭᠰᠠᠨ ᠰᠢᠯᠲᠠᠭᠠᠨ ᠢ ᠨᠠᠷᠢᠨ ᠬᠢᠨᠠᠮᠠᠭᠠᠶ ᠵᠠᠳᠠᠯᠵᠤ᠂ ᠤᠰᠤ ᠭᠠᠳᠠᠭᠰᠢᠯᠠᠭᠤᠯᠬᠤ ᠬᠤᠭᠤᠯᠠᠶ ᠶᠢᠨ ᠲᠤᠤᠷ ᠤᠨ ᠠᠵᠢᠯᠯᠠᠭᠠᠨ ᠤ ᠪᠠᠶᠢᠳᠠᠯ ᠢ ᠵᠢᠭᠰᠠᠭᠠᠨ ᠪᠠᠶᠢᠴᠠᠭᠠᠵᠤ᠂ ᠬᠤᠲᠠ ᠶᠢᠨ ᠦᠶᠡᠷ ᠢ ᠰᠡᠷᠭᠡᠶᠢᠯᠡᠵᠦ ᠤᠰᠤᠲᠤᠯ ᠢ ᠵᠠᠯᠠᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠢ ᠨᠥᠭᠡᠴᠡᠯᠡᠬᠦ ᠠᠵᠢᠯ ᠢ ᠰᠢᠨᠵᠢᠯᠡᠬᠦ ᠤᠬᠠᠭᠠᠨᠴᠢ ᠪᠠᠷ ᠰᠠᠶᠢᠲᠤᠷ ᠬᠢᠵᠦ᠂ ᠴᠥᠭᠦᠷᠥᠮ ᠤᠨ ᠤᠶᠢᠷ᠎ᠠ ᠬᠠᠪᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠤᠯᠠᠮ ᠴᠢᠨᠠᠭᠰᠢᠳᠠ ᠴᠢᠩᠭᠠᠳᠬᠠᠵᠤ᠂ ᠭᠠᠮᠰᠢᠭ ᠡᠭᠦᠰᠬᠦ ᠦᠶ᠎ᠡ ᠳᠤ ᠭᠠᠮᠰᠢᠭ ᠠᠴᠠ ᠠᠪᠤᠷᠠᠬᠤ ᠡᠳ᠋ ᠪᠣᠳᠠᠰ ᠢ ᠰᠢᠯᠵᠢᠭᠦᠯᠦᠨ ᠭᠠᠷᠭᠠᠵᠤ ᠬᠡᠷᠡᠭᠯᠡᠵᠦ ᠳᠡᠶᠢᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠦᠶᠡᠷ ᠢ ᠰᠡᠷᠭᠡᠶᠢᠯᠡᠬᠦ ᠠᠵᠢᠯ ᠤᠨ ᠡᠨᠡ ᠬᠦ ᠬᠥᠪᠴᠢ ᠶᠢ ᠴᠠᠭ ᠢᠮᠠᠭᠲᠠ ᠴᠢᠩᠭᠠᠯᠠᠵᠤ᠂ ᠦᠶᠡᠷ ᠢ ᠰᠡᠷᠭᠡᠶᠢᠯᠡᠬᠦ ᠠᠵᠢᠯ ᠤᠨ ᠬᠠᠷᠢᠭᠤᠴᠠᠯᠭ᠎ᠠ ᠶᠢ ᠤᠯᠠᠮ ᠴᠢᠨᠠᠭᠰᠢᠳᠠ ᠪᠣᠳᠠᠲᠠᠶᠢᠵᠢᠭᠤᠯᠵᠤ᠂ ᠦᠶᠡᠷ ᠢ ᠰᠡᠷᠭᠡᠶᠢᠯᠡᠵᠦ ᠤᠰᠤᠲᠤᠯ ᠢ ᠵᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ᠂ ᠦᠶᠡᠷ ᠤᠨ ᠬᠤᠭᠤᠴᠠᠭᠠᠨ ᠤ ᠵᠢᠵᠢᠭᠦᠷᠯᠡᠨ ᠰᠠᠬᠢᠬᠤ ᠪᠠ ᠦᠶᠡᠷ ᠢ ᠰᠡᠷᠭᠡᠶᠢᠯᠡᠬᠦ ᠡᠯ᠎ᠡ ᠵᠦᠢᠯ ᠤᠨ ᠠᠵᠢᠯ ᠤᠨ ᠳᠦᠷᠢᠮ ᠢ ᠦᠷᠭᠦᠯᠵᠢᠯᠡᠨ ᠲᠡᠭᠦᠯᠳᠡᠷᠵᠢᠭᠦᠯᠵᠦ᠂ ᠦᠶᠡᠷ ᠢ ᠰᠡᠷᠭᠡᠶᠢᠯᠡᠵᠦ ᠭᠠᠮᠰᠢᠭ ᠢ ᠰᠡᠷᠭᠡᠶᠢᠯᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠯᠢᠭ ᠪᠣᠳᠠᠲᠠᠢ ᠨᠠᠶᠢᠳᠠᠪᠤᠷᠢᠵᠢᠭᠤᠯᠵᠤ᠂ ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠡᠢ᠃         ᠲᠤᠭᠤᠷᠢᠭ ᠤᠨ ᠤᠳᠤᠷᠢᠳᠤᠯᠭ᠎ᠠ ᠶᠠᠩ ᠶᠦᠩ᠂ ᠸᠠᠩ ᠰᠢᠤ ᠵᠢᠤᠸᠠᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠪᠡ᠃ ︵ᠰᠤᠷᠪᠤᠯᠵᠢᠯᠠᠭᠴᠢ᠄ ᠯᠧᠢ ᠶᠤᠸᠠᠨ ᠶᠤᠸᠠᠨ   ᠬᠢᠨᠠᠨ ᠬᠠᠷᠭᠤᠭᠤᠯᠤᠬᠰᠠᠨ ᠨᠢ᠄ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号