ᠨᠢᠭᠡ ᠳᠤ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠤᠨ ᠦᠷ᠎ᠡ | ᠪᠦᠲᠦᠮᠵᠢ ᠣᠯᠬᠤ ᠶᠢ ᠢᠳᠡᠪᠬᠢᠲᠡᠢ ᠠᠬᠢᠭᠤᠯᠪᠠ᠃ ᠬᠦᠳᠡᠭᠡ ᠲᠤᠰᠬᠤᠨ ᠮᠠᠯᠵᠢᠬᠤ ᠣᠷᠣᠨ ᠤ ᠤᠰᠤ ᠬᠠᠩᠭᠠᠬᠤ | ᠢᠨᠵᠧᠨᠧᠷᠢᠩ ᠤᠨ ᠤᠷᠲᠤ ᠬᠤᠭᠤᠴᠠᠭᠠᠨ ᠤ ᠪᠦᠲᠦᠮᠵᠢᠲᠡᠶ ᠠᠵᠢᠯᠯᠠᠭᠠᠨ ᠤ ᠲᠣᠭᠲᠠᠴᠠ ᠶᠢ ᠪᠠᠶᠢᠭᠤᠯᠵᠤ᠂ ᠤᠰᠤ | ᠠᠪᠬᠤ ᠶᠢ ᠵᠥᠪᠰᠢᠶᠡᠷᠡᠬᠦ ᠳᠦᠷᠢᠮ ᠤᠨ ᠨᠠᠶᠢᠳᠠᠪᠤᠷᠢᠵᠢᠭᠤᠯᠤᠯᠲᠠ ᠪᠠ ᠤᠰᠤ ᠠᠷᠪᠢᠯᠠᠬᠤ ᠠᠴᠢᠶᠠᠯᠠᠪᠤᠷᠢ ᠶᠢᠨ | ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠤᠰᠤᠨ ᠤ ᠡᠬᠢ ᠪᠠᠶᠠᠯᠢᠭ ᠤᠨ ᠰᠦᠢᠳᠬᠡᠯ ᠢ ᠲᠠᠲᠠᠪᠤᠷᠢᠯᠠᠬᠤ | ᠡᠷᠴᠢᠮ ᠢ ᠨᠡᠮᠡᠭᠳᠡᠭᠦᠯᠵᠦ᠂ ᠪᠦᠲᠦᠭᠡᠨ ᠪᠠᠶᠢᠭᠤᠯᠤᠭᠰᠠᠨ ᠪᠤᠰᠤ ᠣᠷᠣᠨ ︵ᠪᠠᠶᠢᠰᠢᠩ ᠭᠡᠷ ᠤᠨ ᠲᠣᠭᠤᠷᠢᠭ︶ ᠤ | ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢ ᠪᠦᠷᠬᠦᠬᠦᠯᠬᠦ ᠬᠡᠪᠴᠢᠶ᠎ᠡ ᠶᠢ 75% ᠠᠴᠠ ᠳᠡᠭᠡᠭᠰᠢ ᠳᠤ | ᠬᠦᠷᠬᠡᠪᠡ᠃ ᠬᠤᠶᠠᠷ ᠲᠤ᠂ ᠲᠠᠷᠢᠶᠠᠯᠠᠩ ᠤᠨ ᠤᠰᠤᠯᠠᠯᠲᠠ ᠶᠢᠨ ︽ᠴᠠᠬᠢᠯᠭᠠᠨ ᠬᠡᠷᠡᠭᠯᠡᠭᠰᠡᠨ ᠬᠡᠮᠵᠢᠶ᠎ᠡ ᠪᠠᠷ ᠤᠰᠤ | ᠶᠢᠨ ᠰᠦᠢᠳᠬᠡᠯ ᠢ ᠨᠤᠭᠤᠯᠤᠨ ᠪᠤᠳᠤᠬᠤ︾ ᠰᠦᠢᠳᠬᠡᠯ ᠬᠤᠷᠢᠶᠠᠬᠤ ᠪᠠᠷᠢᠮᠵᠢᠶ᠎ᠠ ᠶᠢ ᠳᠡᠯᠭᠡᠷᠡᠭᠦᠪᠠ᠃ ᠲᠠᠷᠢᠶᠠᠨ | ᠭᠠᠵᠠᠷ ᠤᠨ ᠤᠰᠤ ᠠᠷᠪᠢᠯᠠᠬᠤ ᠤᠰᠤᠯᠠᠯᠲᠠ ᠶᠢᠨ ᠥᠭᠡᠷᠡᠴᠢᠯᠡᠯᠲᠡ ᠶᠢ ᠬᠡᠷᠡᠭᠵᠢᠭᠦᠯᠬᠦ ᠪᠠᠷ ᠳᠠᠮᠵᠢᠨ᠂ ᠤᠰᠤ | ᠠᠷᠪᠢᠯᠠᠬᠤ ᠤᠰᠤᠯᠠᠯᠲᠠ ᠶᠢᠨ ᠲᠠᠯᠠᠪᠠᠶ ᠶᠢ 1.7 ᠲᠦᠮᠡᠨ ᠮᠦ ᠳᠤ ᠬᠦᠷᠬᠡᠵᠤ᠂ ᠲᠠᠷᠢᠬᠤ ᠲᠠᠯᠠᠪᠠᠶ ᠶᠢᠨ 94% ᠶᠢ | ᠡᠵᠡᠯᠡᠭᠦᠯᠵᠦ᠂ ᠵᠢᠯ ᠪᠦᠷᠢ 340 ᠲᠦᠮᠡᠨ ᠪᠣᠰᠤᠭ᠎ᠠ ᠳᠥᠷᠪᠡᠯᠵᠢᠨ ᠮᠧᠲᠷ ᠤᠰᠤ ᠠᠷᠪᠢᠯᠠᠬᠤ ᠶᠢ ᠪᠡᠶᠡᠯᠡᠭᠦᠯᠪᠡ᠃ | ᠭᠤᠷᠪᠠ ᠳᠤ᠂ ᠬᠥᠮᠦᠨ ᠮᠠᠯ ᠤᠨ ᠤᠤᠭᠤᠬᠤ ᠤᠰᠤᠨ ᠤ ᠰᠦᠢᠳᠬᠡᠯ ᠢ ᠬᠤᠷᠢᠶᠠᠬᠤ ᠳᠤ ᠵᠥᠪᠳᠡᠯᠴᠡᠨ ᠦᠨ᠎ᠡ | ᠲᠣᠭᠲᠠᠭᠠᠬᠤ ᠶᠢ ᠪᠡᠶᠡᠯᠡᠭᠦᠯᠪᠡ᠃ ᠬᠠᠷᠠᠬᠠᠨ ᠤᠰᠤ ᠬᠡᠷᠡᠭᠯᠡᠬᠦ ᠬᠡᠮᠵᠢᠯᠲᠡ ᠶᠢᠨ ᠲᠤᠨᠤᠭ ᠲᠦᠬᠦᠭᠡᠷᠦᠮᠵᠢ | ᠤᠭᠰᠠᠷᠠᠭᠠᠳᠤᠶ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠳᠤ ᠬᠥᠳᠡᠭᠡ ᠲᠣᠰᠬᠤᠨ ᠤ ᠤᠰᠤᠨ ᠤ | ᠰᠦᠢᠳᠬᠡᠯ ᠢ ᠵᠥᠪᠳᠡᠯᠴᠡᠨ ᠦᠨ᠎ᠡ ᠲᠣᠭᠲᠠᠭᠠᠬᠤ ᠲᠣᠭᠲᠠᠴᠠ ᠶᠢ ᠲᠤᠷᠰᠢᠨ ᠬᠡᠷᠡᠭᠵᠢᠭᠦᠯᠵᠦ᠂ ᠤᠰᠤ ᠬᠡᠷᠡᠭᠯᠡᠬᠦ | ᠥᠪᠡᠷ ᠤᠨ ᠥᠷᠲᠡᠭ᠂ ᠠᠵᠢᠯᠲᠠᠨ ᠤ ᠵᠠᠷᠤᠯᠭ᠎ᠠ ᠵᠡᠷᠭᠡ ᠡᠯᠧᠮᠧᠨ᠋ᠲ ᠲᠠᠢ ᠤᠶᠠᠯᠳᠤᠭᠤᠯᠤᠨ ᠰᠠᠭᠤᠭᠠᠯᠢ ᠠᠷᠠᠳ ᠤᠨ | ᠤᠰᠤ ᠬᠡᠷᠡᠭᠯᠡᠬᠦ ᠶᠢ ᠵᠥᠪᠳᠡᠯᠴᠡᠨ ᠦᠨ᠎ᠡ ᠲᠣᠭᠲᠠᠭᠠᠬᠤ ᠲᠣᠭᠲᠠᠴᠠ ᠶᠢ ᠬᠡᠷᠡᠭᠵᠢᠭᠦᠯᠵᠦ᠂ ︽ᠤᠰᠤ ᠪᠠᠷ ᠤᠰᠤ ᠶᠢ | ᠲᠡᠵᠢᠬᠡᠬᠦ︾ ᠵᠣᠷᠢᠯᠭ᠎ᠠ ᠶᠢ ᠦᠨᠳᠦᠰᠦᠨ ᠳᠤ ᠪᠠᠨ ᠪᠠᠲᠤᠯᠠᠪᠠ᠃ ᠣᠳᠣᠬᠠᠨ ᠪᠣᠯᠲᠠᠯ᠎ᠠ 7 ᠵᠠᠰᠠᠭ ᠵᠠᠬᠢᠷᠭᠠᠨ ᠤ | ᠲᠣᠰᠬᠤᠨ ᠳᠤ ᠤᠰᠤ ᠴᠡᠪᠡᠷᠰᠢᠭᠦᠯᠬᠦ ᠮᠠᠰᠢᠨ ᠤᠭᠰᠠᠷᠠᠵᠤ᠂ ᠰᠠᠭᠤᠭᠠᠯᠢ ᠠᠷᠠᠳ ᠤᠨ ᠤᠤᠭᠤᠬᠤ ᠤᠰᠤᠨ ᠤ ᠶᠠᠰᠤ | ᠴᠢᠨᠠᠷ ᠪᠠᠲᠤᠯᠠᠭ᠎ᠠ ᠲᠠᠢ ᠪᠣᠯᠪᠠ᠃ ︵ᠪᠤᠷᠬᠠᠨᠲᠤ ᠪᠠᠯᠭᠠᠰᠤ︶ | |