ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ ᠬᠤᠷᠠᠯ ᠬᠤᠷᠠᠯᠳᠤᠵᠤ 8 ᠰᠠᠷ᠎ᠠ ᠶᠢᠨ 17 ᠤ ᠡᠳᠦᠷ ᠤᠨ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ
ᠨᠡᠶᠢᠲᠡᠯᠡᠭᠰᠡᠨ ᠴᠠᠭ᠄
2023/9/1
     ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠥᠨᠥᠳᠦᠷ ︵8 ᠰᠠᠷ᠎ᠠ ᠶᠢᠨ 28 ᠤ    ᠡᠳᠦᠷ︶   ᠤᠨ ᠦᠳᠡ ᠶᠢᠨ ᠬᠤᠶᠢᠨ᠎ᠠ ᠬᠤᠷᠠᠯ ᠬᠤᠷᠠᠯᠳᠤᠭᠤᠯᠵᠤ᠂ 8 ᠰᠠᠷ᠎ᠠ ᠶᠢᠨ 17 ᠤ ᠡᠳᠦᠷ ᠤᠨ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠬᠥᠨᠳᠡᠯᠡᠨ ᠲᠣᠭᠤᠷᠢᠭ ᠤᠨ ᠵᠠᠯᠠᠭᠤᠴᠤᠳ ᠤᠨ ᠬᠥᠭᠵᠢᠯᠲᠡ ᠶᠢᠨ ᠬᠡᠯᠪᠡᠷᠢ ᠶᠢᠨ ᠰᠢᠶᠠᠨ ᠤ ᠬᠡᠪᠴᠢᠶᠠᠨ ᠤ ᠲᠤᠷᠰᠢᠯᠲᠠ ᠶᠢᠨ ᠴᠡᠭ ᠤᠨ ᠬᠡᠷᠡᠭᠵᠢᠭᠦᠯᠬᠦ ᠲᠥᠰᠦᠯ︾ ᠪᠣᠯᠤᠨ ᠬᠥᠨᠳᠡᠯᠡᠨ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠬᠤᠯᠪᠣᠭᠳᠠᠯ ᠪᠥᠬᠦᠶ ᠵᠦᠢᠯᠡᠰ ᠢ ᠬᠢᠨᠠᠨ ᠵᠥᠪᠯᠡᠵᠦ ᠪᠠᠲᠤᠯᠠᠪᠠ᠃ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠶᠦᠩ ᠯᠢ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃     ᠬᠤᠷᠠᠯ ᠠᠴᠠ᠂ ᠪᠥᠬᠦ ᠲᠤᠭᠤᠷᠢᠭ ᠤᠨ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ ᠶᠢᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠵᠦ ᠭᠠᠮᠰᠢᠭ ᠠᠴᠠ ᠠᠪᠤᠷᠬᠠᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠬᠤᠷᠢᠭ᠎ᠠ ᠱᠤᠭᠤᠮ ᠤᠨ ᠰᠡᠳᠬᠢᠬᠦᠶ ᠶᠢ ᠪᠠᠲᠤ ᠪᠣᠶ ᠪᠣᠯᠭᠠᠵᠤ᠂ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠬᠤ ᠪᠠ ᠵᠠᠳᠠᠯᠤᠯᠲᠠ ᠬᠢᠵᠦ ᠤᠷᠢᠳᠴᠢᠯᠠᠨ ᠰᠡᠷᠡᠮᠵᠢᠯᠡᠭᠦᠯᠬᠦ ᠪᠠᠨ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠰᠡᠷᠭᠡᠶᠢᠯᠡᠨ ᠠᠷᠭᠠᠴᠠᠭᠠᠵᠤ᠂ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠬᠠᠤ ᠡᠯ᠎ᠡ  ᠵᠦᠢᠯ ᠤᠨ ᠠᠵᠢᠯ ᠢ ᠲᠡᠷᠡ ᠶᠣᠰᠣᠭᠠᠷ ᠨᠢ ᠰᠠᠶᠢᠲᠤᠷ ᠬᠢᠬᠦ ᠬᠡᠷᠡᠭᠲᠡᠶ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠳᠣᠪᠤᠶᠢᠯᠭᠠᠵᠤ᠂ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠬᠠᠤ ᠠᠵᠢᠯ ᠤᠨ ᠳᠤᠮᠳᠠᠬᠢ ᠳᠤᠲᠠᠭᠤᠳᠠᠯ ᠪᠠ ᠪᠠᠭᠤᠷᠠᠶ ᠲᠠᠯ᠎ᠠ ᠪᠠᠨ ᠨᠠᠷᠢᠨ ᠬᠢᠨᠠᠮᠠᠭᠠᠶ ᠪᠠᠶᠢᠴᠠᠭᠠᠨ ᠦᠵᠡᠵᠦ᠂ ᠬᠤᠲᠠ  ᠶᠢᠨ ᠲᠣᠭᠤᠷᠢᠭ ᠤᠨ ᠳᠣᠲᠣᠷᠠᠬᠢ ᠤᠰᠤᠲᠤᠯ ᠤᠨ ᠴᠡᠭ ᠵᠡᠷᠭᠡ ᠪᠠᠭᠤᠷᠠᠶ ᠭᠤᠭᠴᠤᠭ᠎ᠠ ᠶᠢ ᠵᠢᠭᠰᠠᠭᠠᠨ ᠪᠠᠶᠢᠴᠠᠭᠠᠵᠤ ᠠᠶᠤᠯ ᠲᠦᠭᠰᠢᠭᠦᠷᠢ ᠶᠢ ᠠᠷᠢᠯᠭᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠃ ᠠᠮᠤᠷ ᠲᠦᠪᠰᠢᠨ ᠬᠥᠭᠵᠢᠯᠲᠡ ᠶᠢᠨ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠬᠦᠷᠢᠶᠡᠨ ᠳᠠᠬᠢ ᠠᠶᠤᠯ ᠲᠦᠭᠰᠢᠭᠦᠷᠢ ᠭᠡᠮ ᠰᠣᠭᠤᠭ ᠢ ᠶᠡᠭᠡ ᠪᠠᠷ ᠵᠢᠭᠰᠠᠭᠠᠨ ᠪᠠᠶᠢᠴᠠᠭᠠᠵᠤ ᠶᠡᠭᠡ ᠪᠠᠷ ᠴᠡᠭᠴᠡᠯᠡᠨ ᠵᠠᠰᠠᠬᠤ ᠶᠢ ᠪᠠᠶᠢᠩᠭᠤᠵᠢᠭᠤᠯᠤᠨ ᠥᠷᠨᠢᠭᠦᠯᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠡᠶ᠎ᠡ ᠵᠣᠬᠢᠴᠠᠩᠭᠤᠢ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠬᠦᠴᠦᠯᠡᠨ ᠪᠤᠢ ᠪᠣᠯᠭᠠᠵᠤ ᠦᠭᠬᠦ ᠬᠡᠷᠡᠭᠲᠡᠢ ᠭᠡᠵᠤ ᠵᠢᠭᠠᠵᠤ ᠭᠠᠷᠭᠠᠪᠠ᠃     ᠬᠤᠷᠠᠯ ᠠᠴᠠ᠂ ᠪᠦᠬᠦ ᠲᠤᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ᠂ ᠡᠪᠯᠡᠯ ᠤᠨ ᠵᠣᠬᠢᠶᠠᠨ ᠪᠠᠶᠢᠭᠤᠯᠤᠯᠲᠠ ᠨᠠᠮ ᠠᠴᠠ ᠵᠠᠯᠠᠭᠤᠴᠤᠳ ᠢ ᠬᠠᠮᠢᠶᠠᠷᠬᠤ ᠵᠠᠷᠴᠢᠮ ᠢ ᠪᠠᠲᠤ ᠡᠵᠡᠮᠳᠡᠵᠦ᠂ ᠤᠯᠤᠰ ᠲᠦᠷᠦ ᠶᠢᠨ ᠵᠢᠯᠣᠭᠤᠳᠤᠮᠵᠢ ᠪᠠᠨ ᠴᠢᠩᠭᠠᠳᠬᠠᠵᠤ᠂ ᠦᠢᠯᠡᠴᠢᠯᠡᠭᠡ ᠪᠠᠲᠤᠯᠠᠭ᠎ᠠ ᠪᠠᠨ ᠴᠢᠩᠭᠠᠳᠬᠠᠵᠤ᠂ ᠥᠷᠭᠡᠨ ᠤᠯᠠᠨ ᠵᠠᠯᠠᠭᠤᠴᠤᠳ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠨᠡᠶᠢᠭᠡᠮ ᠤᠨ ᠵᠠᠰᠠᠯᠲᠠ ᠶᠢ ᠴᠢᠩᠭᠠᠳᠬᠠᠬᠤ ᠵᠡᠷᠭᠡ ᠭᠤᠣᠯᠳᠠᠯᠭ᠎ᠠ ᠲᠠᠢ ᠬᠦᠷᠢᠶᠡᠨ ᠳᠤ ᠠᠵᠢᠯ ᠤᠨ ︽ᠭᠠᠷᠳᠠᠬᠤ ᠴᠡᠭ︾᠂ ︽ᠬᠦᠴᠦᠯᠡᠬᠦ ᠴᠡᠭ︾ ᠢᠶᠠᠨ ᠣᠨᠣᠪᠴᠢᠲᠠᠢ ᠡᠷᠢᠵᠦ ᠤᠯᠬᠤ ᠶᠢ ᠦᠨᠡᠨ ᠬᠦ ᠬᠦᠳᠦᠯᠦᠨ ᠵᠢᠯᠣᠭᠤᠳᠴᠤ᠂ ᠪᠦᠬᠦ ᠲᠤᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠲᠠᠰᠤᠷᠠᠯᠳᠠ ᠦᠭᠡᠢ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠡᠪ ᠬᠠᠮᠲᠤ ᠵᠠᠯᠠᠭᠤᠴᠤᠳ ᠤᠨ ᠡᠪᠯᠡᠯ ᠤᠨ ᠲᠤᠭᠤᠷᠢᠭ ᠤᠨ ᠬᠤᠷᠢᠶ᠎ᠠ ᠲᠦᠷᠦᠭᠦᠯᠡᠨ ᠶᠡᠷᠦᠩᠬᠡᠶᠢᠯᠡᠨ ᠠᠳᠬᠤᠬᠤ ᠦᠢᠯᠡᠳᠦᠯ ᠢᠶᠠᠨ ᠤᠯᠠᠮ ᠴᠢᠨᠠᠭᠰᠢᠳᠠ ᠪᠠᠳᠠᠷᠠᠭᠤᠯᠵᠤ᠂ ᠰᠡᠳᠬᠢᠮᠵᠢ ᠠᠷᠭ᠎ᠠ ᠬᠡᠮᠵᠢᠶ᠎ᠡ ᠶᠢ ᠪᠤᠳᠠᠳᠠᠢ ᠭᠦᠨᠵᠡᠭᠡᠢ ᠰᠦᠪᠡᠭᠴᠢᠯᠡᠵᠦ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠮᠠᠨ ᠤ ᠲᠤᠭᠤᠷᠢᠭ ᠤᠨ ᠣᠨᠴᠠᠯᠢᠭ ᠬᠢᠯᠡᠰ ᠴᠡᠭ ᠢ ᠢᠯᠡᠷᠡᠭᠦᠯᠦᠭᠰᠡᠨ ᠨᠢᠭᠡ ᠪᠦᠯᠦᠭ ᠵᠠᠯᠠᠭᠤᠴᠤᠳ ᠤᠨ ᠠᠵᠢᠯ ᠤᠨ ᠲᠦᠷᠦᠯ ᠲᠡᠮᠳᠡᠭ ᠢ ᠬᠦᠴᠦᠯᠡᠨ ᠡᠭᠦᠳᠬᠦ ᠬᠡᠷᠡᠭᠲᠡᠢ ᠬᠡᠵᠤ ᠵᠢᠭᠠᠵᠤ ᠭᠠᠷᠭᠠᠵᠠᠢ᠃       ᠬᠤᠷᠠᠯ ᠠᠴᠠ ᠪᠠᠰᠠ ᠬᠥᠨᠳᠡᠯᠡᠨ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠢ ᠰᠣᠨᠣᠰᠴᠤ ᠬᠠᠮᠢᠶ᠎ᠠ ᠪᠦᠬᠦᠢ ᠲᠥᠰᠦᠯ ᠢ ᠬᠢᠨᠠᠨ ᠵᠦᠪᠯᠡᠵᠤ ᠪᠠᠲᠤᠯᠠᠪᠠ᠃ ︵ᠰᠤᠷᠪᠤᠯᠵᠢᠯᠠᠭᠴᠢ᠄ ᠶᠠᠨ ᠢ ᠫᠸᠢ   ᠬᠢᠨᠠᠨ ᠬᠠᠷᠭᠤᠭᠤᠯᠤᠬᠰᠠᠨ ᠨᠢ᠄ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠬᠡᠷ︶  
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号