ᠬᠤᠳᠣᠭᠤᠳᠤ ᠶᠢ ︽  ᠬᠥᠭᠰᠢᠷᠡᠭᠦᠯᠦᠭᠴᠢ ︾ — ᠳᠠᠪᠤᠰᠤ ᠶᠡᠬᠡᠲᠡᠶ ᠢᠳᠡᠭᠡᠨ
ᠨᠡᠶᠢᠲᠡᠯᠡᠭᠰᠡᠨ ᠴᠠᠭ᠄
2023/9/1
      ᠳᠠᠪᠤᠰᠤ ᠶᠡᠬᠡᠲᠡᠶ ᠢᠳᠡᠭᠡᠨ ᠤᠮᠳᠠᠭᠠᠨ ᠤ ᠬᠤᠣᠷ ᠬᠥᠨᠥᠭᠡᠯ ᠨᠢ ᠵᠥᠪᠬᠡᠨ ᠴᠢᠰᠤᠨ ᠳᠠᠷᠤᠯᠲᠠ ᠶᠢ ᠦᠨᠳᠦᠷ ᠪᠣᠯᠭᠠᠬᠤ ᠲᠡᠳᠦᠢ ᠪᠢᠰᠢ᠂ ᠬᠤᠳᠣᠭᠤᠳᠣᠨ ᠤ ᠦᠷᠪᠢᠰᠦᠯ ᠤᠨ ᠡᠭᠦᠰᠦᠯᠲᠡ ᠨᠢ ᠴᠦ ᠳᠠᠪᠤᠰᠤ ᠶᠡᠬᠡᠲᠡᠶ ᠢᠳᠡᠭᠡᠨ ᠤᠮᠳᠠᠭᠠᠨ ᠲᠠᠢ ᠨᠢᠭᠲᠠ ᠬᠠᠷᠢᠴᠠᠭ᠎ᠠ ᠲᠠᠢ ᠪᠠᠶᠢᠳᠠᠭ᠃               ᠳᠠᠪᠤᠰᠤ ᠶᠢ ᠬᠡᠲᠦᠷᠬᠡᠶ ᠠᠷᠪᠢᠨ ᠰᠢᠩᠭᠡᠭᠡᠪᠡᠯ ᠬᠤᠳᠣᠭᠤᠳᠣᠨ ᠤ ᠰᠠᠯᠢᠰᠤᠲᠤ ᠪᠦᠷᠬᠦᠪᠴᠢ ᠳᠤ ᠰᠡᠳᠦᠯᠲᠡ ᠥᠭᠴᠦ᠂ ᠬᠤᠳᠣᠭᠤᠳᠣᠨ ᠬᠠᠨ᠎ᠠ ᠶᠢᠨ ᠡᠰ ᠢ ᠬᠤᠪᠬᠤᠷᠠᠭᠤᠯᠤᠨ ᠤᠨᠠᠭᠠᠵᠤ ᠮᠡᠳᠡᠨ᠎ᠡ᠃ ᠬᠠᠨ᠎ᠠ ᠶᠢᠨ ᠡᠰ ᠪᠣᠯ ᠬᠤᠳᠣᠭᠤᠳᠣᠨ ᠤ ᠡᠷᠡᠭᠦᠯ‌ᠮᠡᠨᠳᠦ ᠶᠢ ᠬᠠᠮᠠᠭᠠᠯᠠᠬᠤ ᠬᠠᠯᠬᠠᠪᠴᠢ ᠮᠥᠨ᠂ ᠬᠡᠷᠪᠡ ᠡᠪᠳᠡᠭᠳᠡᠪᠡᠯ ᠬᠤᠳᠣᠭᠤᠳᠣᠨ ᠤ ᠦᠷᠪᠢᠰᠦᠯ ᠳᠤ ᠨᠡᠷᠪᠡᠭᠳᠡᠬᠦ ᠲᠦᠭᠰᠢᠭᠦᠷᠢ ᠶᠢ ᠨᠡᠮᠡᠭᠳᠡᠭᠦᠯᠵᠦ᠂ ᠬᠦᠨᠳᠦ ᠨᠣᠴᠢᠲᠠᠶ ᠨᠢ ᠪᠠᠰᠠ ᠬᠤᠳᠣᠭᠤᠳᠣᠨ ᠤ ᠥᠮᠡᠨ ᠢ ᠡᠭᠦᠰᠭᠡᠵᠦ ᠮᠡᠳᠡᠨ᠎ᠡ᠃                ︽ᠳᠤᠮᠳᠠᠳᠤ ᠤᠯᠤᠰ ᠤᠨ  ᠰᠠᠭᠤᠭᠠᠯᠢ  ᠠᠷᠠᠳ ᠤᠨ ᠢᠳᠡᠭᠡᠨ ᠤᠮᠳᠠᠭᠠᠨ ᠤ  ᠵᠢᠭᠠᠯᠲᠠ ︵2022︶︾ ᠶᠢᠨ ᠰᠠᠨᠠᠭᠤᠯᠭ᠎ᠠ ᠶᠢ ᠦᠨᠳᠦᠰᠦᠯᠡᠪᠡᠯ᠂ ᠬᠥᠮᠦᠨ ᠪᠦᠷᠢ ᠶᠢᠨ ᠡᠳᠦᠷ ᠪᠦᠷᠢ ᠶᠢᠨ ᠢᠳᠡᠬᠦ ᠳᠠᠪᠤᠰᠤᠨ ᠤ ᠬᠡᠮᠵᠢᠶ᠎ᠡ ᠨᠢ 5 ᠭᠷᠠᠮ ᠠᠴᠠ ᠪᠠᠭ᠎ᠠ ᠪᠠᠶᠢᠪᠠᠯ ᠵᠣᠬᠢᠨ᠎ᠠ᠃ ᠬᠤᠳᠣᠭᠤᠳᠣᠨ ᠤ ︽ᠥᠲᠡᠯᠬᠦ︾ ᠠᠬᠢᠴᠠ ᠶᠢ ᠤᠳᠠᠭᠠᠰᠢᠷᠠᠭᠤᠯᠤᠶ᠎ᠠ ᠭᠡᠪᠡᠯ ᠵᠠᠪᠠᠯ ᠠᠷᠭ᠎ᠠ ᠪᠤᠳᠤᠵᠤ ᠳᠠᠪᠤᠰᠤ ᠶᠢ ᠬᠢᠵᠠᠭᠠᠷᠯᠠᠬᠤ ᠬᠡᠷᠡᠭᠲᠡᠶ᠃               ᠨᠣᠭᠤᠭ᠎ᠠ ᠬᠢᠬᠦ ᠳᠡᠭᠡᠨ ᠲᠣᠭᠤᠭᠠᠨ ᠠᠴᠠ ᠪᠠᠨ ᠭᠠᠷᠭᠠᠬᠤ ᠦᠶ᠎ᠡ ᠳᠤ ᠳᠠᠪᠤᠰᠤ ᠬᠢᠬᠦ ᠶᠢ ᠰᠠᠨᠠᠭᠠᠴᠢᠯᠠᠨ᠎ᠠ︔ ᠨᠣᠭᠤᠭ᠎ᠠ ᠬᠢᠬᠦ ᠳᠤ ᠼᠤᠤ ᠪᠠᠷ ᠠᠮᠲᠠ ᠣᠷᠣᠭᠤᠯᠵᠤ  ᠪᠣᠯᠤᠨ᠎ᠠ᠂ ᠤᠴᠢᠷ ᠨᠢ ᠪᠠᠭ᠎ᠠ ᠬᠡᠮᠵᠢᠶᠡᠨ ᠤ ᠼᠤᠤ ᠨᠢ ᠱᠣᠷᠪᠣᠭ ᠠᠮᠲᠠ ᠵᠢᠨ‌ᠠᠮᠲᠠ ᠶᠢ ᠨᠡᠮᠡᠭᠳᠡᠭᠦᠯᠳᠡᠭ᠃ ᠪᠠᠰᠠ ᠢᠯᠡᠭᠦᠦ ᠰᠢᠭ ᠪᠠᠶᠢᠭᠠᠯᠢᠯᠢᠭ ᠠᠮᠲᠠ ᠣᠷᠣᠭᠤᠯᠬᠤ ᠡᠳ᠋ ᠬᠢᠵᠦ  ᠪᠣᠯᠤᠨ᠎ᠠ᠂ ᠵᠢᠱᠢᠶᠡᠯᠡᠪᠡᠯ ᠦᠨᠦᠷᠲᠦ ᠨᠠᠪᠴᠢ᠂ ᠠᠷᠪᠠᠨ ᠭᠤᠷᠪᠠᠨ ᠦᠨᠦᠷᠲᠦ ᠡᠳ᠋᠂ ᠬᠤᠤᠵᠤᠤ ᠶᠢᠨ ᠨᠤᠨᠲᠠᠭ᠂ ᠬᠤᠸᠠᠵᠤᠤ᠂ ᠰᠣᠩᠭᠢᠨ᠎ᠠ ᠵᠡᠷᠭᠡ᠃               ᠠᠮᠢᠳᠤᠷᠠᠯ ᠳᠤᠮᠳᠠ ᠳᠠᠪᠤᠰᠤᠯᠠᠭᠰᠠᠨ ᠨᠣᠭᠤᠭ᠎ᠠ᠂ ᠳᠠᠷᠤᠰᠢᠯᠠᠭᠰᠠᠨ ᠨᠣᠭᠤᠭ᠎ᠠ᠂ ᠰᠢᠷ᠎ᠠ ᠪᠤᠷᠴᠠᠭ ᠤᠨ ᠨᠤᠬᠤᠰᠢ᠂ ᠳ᠋ᠧᠦᠹᠦ᠋ ᠶᠢᠨ ᠰᠦ᠂ ᠳᠠᠪᠤᠰᠤᠯᠠᠭᠰᠠᠨ ᠮᠢᠬ᠎ᠠ᠂ ᠬᠢᠮ᠎ᠠ ᠵᠡᠷᠭᠡ ᠨᠢᠭᠤᠭᠳᠠᠮᠠᠯ ᠳᠠᠪᠤᠰᠤ ᠲᠠᠢ ᠢᠳᠡᠭᠡᠨ ᠢ ᠪᠠᠭ᠎ᠠ ᠢᠳᠡᠵᠦ᠂ ᠨᠣᠭᠤᠭ᠎ᠠ ᠬᠢᠬᠦ ᠳᠤ ᠵᠢᠶᠠᠩᠶ᠋ᠢᠦ ᠬᠢᠪᠡᠯ ᠳᠠᠪᠤᠰᠤ ᠶᠢ ᠪᠠᠭ᠎ᠠ ᠬᠢᠵᠦ᠂ 10ml ᠵᠢᠶᠠᠩᠶ᠋ᠢᠦ ᠳᠤ ᠪᠠᠷᠤᠭ 1.6g ᠳᠠᠪᠤᠰᠤ ᠠᠭᠤᠯᠳᠠᠭ᠃              ᠡᠭᠦᠨ ᠠᠴᠠ ᠭᠠᠳᠠᠨ᠎ᠠ᠂ ᠪᠣᠭᠤᠳᠠᠯᠯᠠᠭᠰᠠᠨ ᠢᠳᠡᠭᠡᠨ ᠢ ᠬᠤᠳᠠᠯᠳᠤᠨ ᠠᠪᠬᠤ ᠳᠠᠭᠠᠨ ᠰᠢᠮ᠎ᠡ ᠲᠡᠵᠢᠭᠡᠯ ᠤᠨ ᠪᠦᠷᠢᠯᠳᠦᠬᠦᠨ ᠤ ᠬᠦᠰᠦᠨᠦᠭᠲᠦ ᠶᠢ ᠦᠵᠡᠵᠦ᠂ ᠴᠢᠳᠠᠬᠤ ᠶᠢᠨ ᠳᠣᠲᠣᠷ᠎ᠠ ᠳᠠᠪᠤᠰᠤ ᠶᠡᠬᠡᠲᠡᠶ ᠢᠳᠡᠭᠡᠨ ᠢ ᠬᠤᠳᠠᠯᠳᠤᠨ ᠠᠪᠬᠤ ᠦᠭᠡᠢ᠂ ᠥᠭᠡᠷ᠎ᠡ ᠪᠠᠷ ᠬᠡᠯᠡᠪᠡᠯ ᠨᠠᠲᠷᠢ ᠶᠢᠨ ᠠᠭᠤᠯᠤᠭᠳᠠᠴᠠ ᠨᠢ 800mg/100g ᠪᠣᠯᠬᠤ  ᠢᠳᠡᠭᠡᠨ ᠢ  ᠬᠤᠳᠠᠯᠳᠤᠨ‌ᠠᠪᠬᠤ ᠬᠡᠷᠡᠭᠲᠡᠶ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号