ᠬᠥᠨᠳᠡᠯᠡᠨ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠳᠥᠷᠪᠡᠳᠦᠭᠡᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/9/1
    8 ᠰᠠᠷ᠎ᠠ ᠶᠢᠨ 29 ᠤ ᠡᠳᠦᠷ᠂ ᠬᠥᠨᠳᠡᠯᠡᠨ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠳᠥᠷᠪᠡᠳᠦᠭᠡᠷ ᠬᠤᠷᠠᠯ ᠬᠤᠷᠠᠯᠳᠤᠪᠠ᠃ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠵᠧᠤ ᠮᠢᠨ ᠵᠢᠶᠧ ᠬᠤᠷᠠᠯ ᠳᠤ ᠰᠤᠯᠠ ᠣᠷᠣᠯᠴᠠᠵᠤ᠂ ᠳᠡᠳ᠋ ᠡᠷᠬᠢᠯᠡᠭᠴᠢ  ᠬᠤ᠋ ᠰᠢᠶᠠ᠂ ᠸᠠᠩ ᠸᠧᠶ᠂ ᠯᠢᠦ ᠯᠢ ᠰᠢᠶᠠ ᠵᠢᠴᠢ ᠭᠡᠰᠢᠭᠦᠨ ᠨᠡᠶᠢᠲᠡ 26 ᠬᠥᠮᠦᠨ ᠬᠤᠷᠠᠯ ᠳᠤ ᠣᠷᠣᠯᠴᠠᠵᠤ᠂ ᠬᠤ᠋ ᠰᠢᠶᠠ ᠬᠤᠷᠠᠯ ᠢ ᠡᠷᠭᠢᠯᠡᠪᠡ᠃
    ᠬᠤᠷᠠᠯ ᠠᠴᠠ ︽ᠬᠥᠨᠳᠡᠯᠡᠨ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠢ ᠬᠤᠷᠠᠯᠳᠤᠭᠤᠯᠬᠤ ᠲᠤᠬᠠᠢ ᠲᠣᠭᠲᠠᠭᠠᠯ ︵ᠲᠥᠰᠦᠯ︶︾᠂ ᠬᠥᠨᠳᠡᠯᠡᠨ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠵᠥᠪᠯᠡᠬᠦ ᠵᠦᠢᠯ᠂ ᠡᠳᠦᠷ ᠴᠠᠭ ᠤᠨ    ᠳᠠᠷᠠᠭᠠᠯᠠᠯ᠂ ᠲᠡᠷᠢᠭᠦᠯᠡᠭᠴᠢᠳ ᠤᠨ ᠪᠦᠯᠬᠦᠮ ᠪᠣᠯᠤᠨ ᠨᠠᠷᠢᠨ ᠪᠢᠴᠢᠭ ᠤᠨ ᠳᠠᠷᠤᠭ᠎ᠠ ᠶᠢᠨ ᠨᠡᠷᠡᠰ᠂ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢᠳ ᠤᠨ ᠨᠡᠷᠡᠰ᠂ ᠭᠦᠢᠴᠡᠳᠬᠡᠬᠦ ᠲᠡᠷᠢᠭᠦᠯᠡᠭᠴᠢ ᠶᠢᠨ ᠳᠤᠭᠤᠶᠢᠯᠠᠩ ᠬᠤᠪᠢᠶᠠᠬᠰᠠᠨ ᠨᠡᠷᠡᠰ᠂ ᠨᠠᠷᠢᠨ ᠪᠢᠴᠢᠭ ᠤᠨ ᠳᠡᠳ᠋ ᠳᠠᠷᠤᠭ᠎ᠠ ᠶᠢᠨ ᠨᠡᠷᠡᠰ᠂ ᠰᠠᠨᠠᠯ ᠲᠤᠷᠠᠳᠤᠯᠭ᠎ᠠ ᠶᠢ ᠪᠠᠲᠤᠯᠠᠬᠤ ᠠᠷᠭ᠎ᠠ᠂ ᠰᠤᠯᠠ ᠣᠷᠣᠯᠴᠠᠬᠤ ᠬᠥᠮᠦᠰ ᠤᠨ ᠨᠡᠷᠡᠰ᠂ ᠪᠦᠯᠬᠦᠮ ᠤᠨ ᠳᠠᠷᠤᠭ᠎ᠠ ᠪᠦᠯᠬᠦᠮ ᠤᠨ ᠳᠡᠳ᠋ ᠳᠠᠷᠤᠭ᠎ᠠ ᠶᠢᠨ ᠨᠡᠷᠡᠰ᠂ ᠰᠣᠩᠭᠤᠭᠤᠯᠢ ᠶᠢᠨ ᠠᠷᠭ᠎ᠠ ︵ᠲᠥᠰᠦᠯ︶ ᠶᠢ ᠬᠢᠨᠠᠨ ᠶᠠᠷᠢᠯᠴᠠᠵᠤ ᠪᠠᠲᠤᠯᠠᠪᠠ᠃     ᠬᠤᠷᠠᠯ ᠠᠴᠠ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠨᠢ ᠪᠠᠭᠤᠯᠭᠠᠬᠤ ᠬᠠᠮᠢᠶ᠎ᠠ ᠪᠥᠬᠦᠶ ᠵᠦᠢᠯᠡᠰ ᠢ ᠪᠠᠲᠤᠯᠠᠵᠤ᠂ ᠵᠧᠤ ᠮᠢᠨ ᠵᠢᠶᠧ ᠶᠢᠨ ᠬᠥᠨᠳᠡᠯᠡᠨ ᠲᠣᠭᠤᠷᠢᠭ ᠤᠨ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠶᠢᠨ ᠲᠤᠰᠢᠶᠠᠯ ᠠᠴᠠ ᠪᠠᠨ ᠪᠠᠭᠤᠬᠤ ᠭᠤᠶᠤᠴᠢᠯᠠᠯ ᠢ ᠭᠥᠯᠢᠶᠡᠨ ᠠᠪᠤᠪᠠ᠃ ︵ᠰᠤᠷᠪᠤᠯᠵᠢᠯᠠᠭᠴᠢ᠄ ᠵᠣᠣ ᠶᠢᠨ ᠹᠧᠩ  ᠬᠢᠨᠠᠨ ᠬᠠᠷᠭᠤᠭᠤᠯᠤᠬᠰᠠᠨ ᠨᠢ᠄ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠬᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号