2023 ᠣᠨ ᠤ ᠬᠥᠨᠳᠡᠯᠡᠨ ᠲᠣᠭᠤᠷᠢᠭ ᠤᠨ ᠭᠠᠵᠠᠷ ᠣᠷᠣᠨ ᠤ ᠨᠠᠮ ᠤᠨ ᠪᠠᠶᠢᠭᠤᠯᠤᠯᠲᠠ ᠶᠢᠨ ᠬᠠᠮᠲᠤᠷᠠᠭᠰᠠᠨ ᠬᠤᠷᠠᠯ ᠵᠢᠴᠢ ᠪᠦᠬᠦ ᠣᠷᠣᠨ ᠪᠦᠰᠡ ᠶᠢᠨ ᠨᠠᠮ ᠤᠨ ᠪᠠᠶᠢᠭᠤᠯᠤᠯᠲᠠ ᠶᠢᠨ ᠬᠤᠯᠪᠣᠭ᠎ᠠ ᠶᠢᠨ ᠣᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/9/15
    9 ᠰᠠᠷ᠎ᠠ ᠶᠢᠨ 12 ᠤᠨ ᠦᠳᠡ ᠶᠢᠨ ᠬᠤᠶᠢᠨ᠎ᠠ᠂ 2023 ᠣᠨ ᠤ ᠬᠥᠨᠳᠡᠯᠡᠨ ᠲᠣᠭᠤᠷᠢᠭ ᠤᠨ ᠭᠠᠵᠠᠷ ᠣᠷᠣᠨ ᠤ ᠨᠠᠮ ᠤᠨ ᠪᠠᠶᠢᠭᠤᠯᠤᠯᠲᠠ ᠶᠢᠨ ᠬᠠᠮᠲᠤᠷᠠᠭᠰᠠᠨ ᠬᠤᠷᠠᠯ ᠵᠢᠴᠢ ᠪᠦᠬᠦ ᠣᠷᠣᠨ ᠪᠦᠰᠡ ᠶᠢᠨ ᠨᠠᠮ ᠤᠨ ᠪᠠᠶᠢᠭᠤᠯᠤᠯᠲᠠ ᠶᠢᠨ ᠬᠤᠯᠪᠣᠭ᠎ᠠ ᠶᠢᠨ ᠣᠨ ᠤ ᠬᠤᠷᠠᠯ ᠬᠤᠷᠠᠯᠳᠤᠪᠠ᠃
    ᠲᠣᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠶᠦᠩ ᠯᠢ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠧᠦ ᠮᠢᠨ ᠵᠢᠶᠧ᠂ ᠲᠣᠭᠤᠷᠢᠭ ᠤᠨ ᠬᠡᠳᠦᠨ ᠶᠡᠭᠡ ᠤᠳᠤᠷᠢᠳᠬᠤ ᠪᠠᠭ ᠤᠨ ᠰᠢᠶᠠᠨ ᠤ ᠱᠠᠲᠤᠨ ᠤ ᠤᠳᠤᠷᠢᠳᠤᠯᠭ᠎ᠠ ᠵᠢᠴᠢ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠪᠤᠭᠤᠳᠤ ᠳᠤ ᠰᠠᠭᠤᠭ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ᠂ ᠡᠯ᠎ᠡ ᠶᠡᠭᠡ ᠪᠠᠩᠬᠢ ᠶᠢᠨ ᠪᠤᠭᠤᠲᠤ ᠶᠢᠨ ᠬᠤᠪᠢᠶᠠᠷᠢ ᠪᠠᠩᠬᠢ᠂ ᠬᠡᠪᠴᠢᠶᠡᠵᠢᠯ ᠠᠴᠠ ᠳᠡᠭᠡᠭᠰᠢᠬᠢ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠪᠣᠯᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠲᠣᠭᠤᠷᠢᠭ ᠤᠨ ᠬᠠᠷᠢᠶ᠎ᠠ ᠡᠯ᠎ᠡ ᠰᠠᠯᠠᠭ᠎ᠠ ᠮᠥᠴᠢᠷ ᠨᠢᠭᠡᠴᠢ᠂ ᠡᠯ᠎ᠡ ᠵᠡᠭᠡᠯᠢ ᠭᠤᠳᠤᠮᠵᠢ ᠪᠠᠯᠭᠠᠰᠤ ᠵᠢᠴᠢ ᠬᠦᠷᠢᠶᠡᠯᠡᠩ ᠲᠣᠭᠤᠷᠢᠭ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠠᠶ ᠶᠦᠨ ᡂᠢ ᠬᠤᠷᠠᠯ ᠢ ᠡᠷᠭᠢᠯᠡᠪᠡ᠃     ᠬᠤᠷᠠᠯ ᠳᠡᠭᠡᠷ᠎ᠡ᠂ ᠬᠥᠨᠳᠡᠯᠡᠨ ᠲᠣᠭᠤᠷᠢᠭ ᠤᠨ ᠨᠠᠮ ᠤᠨ ᠪᠠᠶᠢᠭᠤᠯᠤᠯᠲᠠ ᠶᠢᠨ ᠬᠤᠯᠪᠣᠭ᠎ᠠ ᠶᠢᠨ ᠶᠡᠷᠦᠩᠬᠡᠢ ᠬᠤᠷᠠᠯᠳᠤᠭᠤᠯᠤᠭᠴᠢ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠧᠦ ᠰᠢᠤᠸᠠᠢ ᠯᠢᠶᠠᠩ ᠪᠠᠶᠠᠷ ᠤᠨ ᠦᠭᠡ ᠬᠡᠯᠡᠵᠡᠢ᠃ ᠪᠦᠬᠦ ᠣᠷᠣᠨ ᠪᠦᠰᠡ ᠶᠢᠨ ᠨᠠᠮ ᠤᠨ ᠪᠠᠶᠢᠭᠤᠯᠤᠯᠲᠠ ᠶᠢᠨ ᠬᠤᠯᠪᠣᠭ᠎ᠠ ᠶᠢᠨ ᠵᠢᠵᠢᠬᠦᠷᠯᠡᠭᠴᠢ ᠨᠢᠭᠡᠴᠢ ᠪᠤᠯᠬᠤ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠤᠪᠴᠢᠶ᠎ᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠠᠵᠢᠯ ᠤᠨ ᠬᠠᠷᠢᠭᠤ ᠮᠡᠳᠡᠭᠦᠯᠦᠯᠲᠡ ᠬᠢᠪᠡ᠃ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠦᠳᠦᠯᠦᠨ ᠲᠠᠭᠠᠭᠤᠯᠤᠬᠰᠠᠨ ᠲᠠᠪᠤᠨ ᠣᠳᠣᠨ ᠲᠠᠰ ᠤᠨ ︽ᠬᠤᠶᠠᠷ ᠰᠢᠨ᠎ᠡ︾ ᠵᠣᠬᠢᠶᠠᠨ ᠪᠠᠶᠢᠭᠤᠯᠤᠯᠲᠠ᠂ ᠲᠣᠭᠤᠷᠢᠭ ᠲᠤ ᠰᠠᠭᠤᠭ᠎ᠠ ᠨᠢᠭᠡᠴᠢ᠂ ᠲᠤᠰᠢᠶᠠᠯ ᠳᠤ ᠪᠠᠶᠢᠭ᠎ᠠ ᠨᠠᠮ ᠤᠨ ᠭᠡᠰᠢᠭᠦᠨ᠂ ᠲᠤᠰᠢᠶᠠᠯ ᠬᠠᠪᠰᠤᠷᠭᠠᠭᠰᠠᠨ ᠲᠤᠤᠷᠵᠢᠭᠤᠯᠤᠯᠳᠠ ᠶᠢᠨ ᠠᠵᠢᠯᠲᠠᠨ ᠳᠤ ᠢᠷᠠᠭᠤ ᠠᠯᠳᠠᠷ ᠤᠨ ᠦᠨᠡᠮᠯᠡᠯ ᠣᠯᠭᠤᠪᠠ᠃ ᠲᠠᠪᠤᠨ ᠣᠳᠣᠨ ᠲᠠᠰ ᠤᠨ ᠲᠣᠭᠤᠷᠢᠭ ᠲᠤ ᠰᠠᠭᠤᠭ᠎ᠠ  ᠨᠢᠭᠡᠴᠢ᠂ ︽ᠬᠤᠶᠠᠷ ᠰᠢᠨ᠎ᠡ︾ ᠵᠣᠬᠢᠶᠠᠨ ᠪᠠᠶᠢᠭᠤᠯᠤᠯᠲᠠ᠂ ᠲᠤᠰᠢᠶᠠᠯ ᠳᠤ ᠪᠠᠶᠢᠭ᠎ᠠ ᠨᠠᠮ ᠤᠨ ᠭᠡᠰᠢᠭᠦᠨ᠂ ᠲᠤᠰᠢᠶᠠᠯ ᠬᠠᠪᠰᠤᠷᠭᠠᠭᠰᠠᠨ ᠲᠤᠤᠷᠵᠢᠭᠤᠯᠤᠯᠳᠠ ᠶᠢᠨ ᠠᠵᠢᠯᠲᠠᠨ ᠤ ᠲᠥᠯᠥᠭᠡᠯᠡᠭᠴᠢ ᠤᠷᠢᠳ ᠬᠤᠵᠢᠳ ᠣᠪᠣᠷ ᠢᠶᠠᠨ ᠢᠯᠡᠳᠬᠡᠬᠦ ᠦᠭᠡ ᠬᠡᠯᠡᠪᠡ᠃ ᠶᠢᠨ ᠶᠦᠩ ᠯᠢ ᠰᠢᠨ᠎ᠡ ᠪᠠᠷ ᠪᠠᠶᠢᠭᠤᠯᠤᠭᠳᠠᠭᠰᠠᠨ ᠨᠠᠮ ᠤᠨ ᠵᠣᠬᠢᠶᠠᠨ ᠪᠠᠶᠢᠭᠤᠯᠤᠯᠲᠠ᠂ ᠨᠠᠮ ᠤᠨ ᠪᠠᠶᠢᠭᠤᠯᠤᠯᠲᠠ ᠶᠢᠨ ᠬᠤᠯᠪᠣᠭ᠎ᠠ ᠳᠤ ᠫᠠᠶᠢᠰᠠ ᠣᠯᠭᠤᠪᠠ᠃ ᠵᠧᠤ ᠰᠢᠤᠸᠠᠢ ᠯᠢᠶᠠᠩ ᠪᠥᠬᠦ ᠣᠷᠣᠨ ᠪᠦᠰᠡ ᠶᠢᠨ ᠨᠠᠮ ᠤᠨ ᠪᠠᠶᠢᠭᠤᠯᠤᠯᠲᠠ ᠶᠢᠨ ᠬᠤᠯᠪᠣᠭ᠎ᠠ ᠶᠢᠨ ᠲᠠᠷᠠᠭᠠᠴᠢ ᠶᠢᠨ  ᠨᠢᠭᠡ ᠬᠤᠭᠤᠴᠠᠭᠠᠨ ᠤ ᠵᠢᠵᠢᠬᠦᠷᠯᠡᠭᠴᠢ ᠨᠢᠭᠡᠴᠢ ᠪᠤᠯᠬᠤ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠳᠤ ᠲᠤᠭ ᠣᠯᠭᠤᠪᠠ᠃      ᠶᠢᠨ ᠶᠦᠩ ᠯᠢ᠂ ᠥᠩᠭᠡᠷᠡᠭᠰᠡᠨ ᠨᠢᠭᠡ ᠵᠢᠯ ᠳᠤ᠂ ᠪᠦᠬᠦ ᠲᠣᠭᠤᠷᠢᠭ ᠲᠠᠶᠠᠭᠠᠷ ᠢᠶᠠᠨ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠪᠣᠯᠤᠨ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠢᠳᠡᠪᠬᠢᠲᠡᠢ ᠦᠢᠯᠡᠳᠦᠯᠭᠡᠵᠢᠭᠦᠯᠵᠦ᠂ ᠵᠣᠬᠢᠶᠠᠨ ᠪᠠᠶᠢᠭᠤᠯᠬᠤ ᠬᠦᠴᠦᠨ ᠢ ᠳᠡᠭᠡᠭᠰᠢᠯᠡᠭᠦᠯᠬᠦ ᠪᠠᠷ ᠭᠤᠣᠯᠳᠠᠯᠭ᠎ᠠ ᠪᠣᠯᠭᠠᠵᠤ᠂ ᠡᠯ᠎ᠡ ᠠᠵᠢᠯ ᠲᠦᠷᠦᠯ ᠡᠯ᠎ᠡ ᠬᠦᠷᠢᠶ᠎ᠡ ᠴᠠᠷᠠᠭ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠦᠨᠡᠨ ᠪᠤᠳᠠᠳᠠᠢ ᠪᠦᠷᠬᠦᠬᠦᠯᠦᠭᠰᠡᠨ ᠰᠠᠭᠤᠷᠢᠨ ᠳᠡᠭᠡᠷ᠎ᠡ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠠᠵᠢᠯ ᠢ ᠪᠦᠲᠦᠮᠵᠢᠲᠡᠢ ᠪᠦᠷᠬᠦᠬᠦᠯᠬᠦ ᠶᠢ ᠪᠡᠶᠡᠯᠡᠭᠦᠯᠵᠦ᠂ ᠪᠦᠬᠦ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢᠨ ᠡᠮᠦᠨ᠎ᠡ ᠨᠢ ᠬᠤᠰᠢᠭᠤᠷᠠᠵᠤ᠂ ᠦᠯᠢᠭᠡᠷ ᠳᠠᠭᠤᠷᠢᠶᠠᠯ ᠪᠣᠯᠬᠤ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠪᠠ᠃ ᠵᠣᠬᠢᠶᠠᠨ ᠪᠠᠶᠢᠭᠤᠯᠤᠯᠲᠠ ᠶᠢᠨ ᠬᠦᠴᠦᠨ ᠢ ᠤᠯᠠᠮ ᠴᠢᠨᠠᠭᠰᠢᠳᠠ ᠨᠢᠭᠲᠠᠷᠠᠭᠤᠯᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠨᠠᠮ ᠤᠨ ᠭᠡᠰᠢᠭᠦᠨ ᠤ ᠳᠠᠶᠢᠴᠢᠨ ᠬᠦᠴᠦᠨ ᠢ ᠪᠥᠬᠦ ᠲᠠᠯ᠎ᠠ ᠪᠠᠷ ᠴᠢᠩᠭᠠᠳᠬᠠᠵᠤ᠂ ᠦᠵᠡᠯ ᠰᠠᠨᠠᠭ᠎ᠠ ᠲᠠᠨᠢᠯᠲᠠ ᠪᠣᠯᠤᠨ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠡᠬᠢ ᠪᠠᠶᠠᠯᠢᠭ ᠢ ᠨᠢᠭᠡᠳᠦᠯᠲᠡᠶ ᠲᠥᠯᠥᠪᠵᠢᠭᠦᠯᠬᠦ ᠶᠢ ᠴᠢᠩᠭᠠᠳᠬᠠᠵᠤ᠂ ᠬᠠᠷᠢᠯᠴᠠᠨ ᠬᠤᠯᠪᠣᠭᠠᠯᠠᠵᠤ ᠬᠠᠷᠢᠯᠴᠠᠨ ᠬᠥᠳᠡᠯᠦᠯᠴᠡᠬᠦ ᠶᠢ ᠳᠣᠪᠤᠶᠢᠯᠭᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠥᠷᠥ ᠶᠢᠨ ᠳᠠᠪᠠᠭᠤᠯᠢᠭ᠂ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠢ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠪᠥᠬᠦ ᠲᠣᠭᠤᠷᠢᠭ ᠤᠨ ᠡᠯ᠎ᠡ ᠵᠦᠶᠯ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠳᠤ ᠦᠶᠯᠡᠴᠢᠯᠡᠬᠦ ᠬᠡᠷᠡᠭᠲᠡᠶ᠃ ᠦᠨᠳᠦᠰᠦᠨ ᠱᠠᠲᠤᠨ ᠤ ᠵᠠᠰᠠᠯᠲᠠ ᠶᠢ ᠰᠠᠶᠢᠲᠤᠷ ᠠᠳᠬᠤᠵᠤ᠂ ᠣᠯᠠᠨ ᠲᠦᠮᠡᠨ ᠳᠤ ᠦᠶᠯᠡᠴᠢᠯᠡᠬᠦ ᠶᠢ ᠨᠠᠷᠢᠯᠢᠬᠵᠢᠭᠤᠯᠬᠤ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠨᠠᠮ ᠤᠨ ᠪᠠᠶᠢᠭᠤᠯᠤᠯᠲᠠ ᠶᠢ ᠠᠳᠬᠤᠬᠤ ᠪᠠᠷ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠶᠢ ᠪᠥᠬᠦ ᠲᠣᠭᠤᠷᠢᠭ ᠤᠨ ᠭᠤᠤᠯ ᠠᠵᠢᠯ ᠯᠤᠭ᠎ᠠ ᠤᠶᠠᠯᠳᠤᠭᠤᠯᠬᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ᠂ ᠪᠣᠳᠠᠲᠠᠶ ᠠᠰᠠᠭᠤᠳᠠᠯ ᠢ ᠰᠢᠶᠳᠪᠦᠷᠢᠯᠡᠬᠦ ᠯᠦᠭᠡ ᠤᠶᠠᠯᠳᠤᠭᠤᠯᠬᠤ᠂ ᠤᠳᠠᠯ ᠥᠬᠡᠶ ᠥᠷᠨᠢᠭᠦᠯᠬᠦ ᠬᠡᠵᠦ ᠪᠠᠶᠢᠭ᠎ᠠ ᠭᠤᠤᠯ ᠰᠡᠳᠦᠪᠲᠦ ᠬᠥᠮᠦᠵᠢᠯ ᠯᠦᠭᠡ ᠤᠶᠠᠯᠳᠤᠭᠤᠯᠬᠤ᠂ ᠡᠳᠦᠷ ᠲᠤᠲᠤᠮ ᠤᠨ ᠤᠳᠤᠷᠢᠳᠬᠤ ᠪᠠᠭ ᠢ ᠠᠳᠬᠤᠬᠤ᠂ ᠡᠩᠨᠡᠭᠡ ᠶᠢ ᠳᠠᠭᠠᠭᠤᠯᠬᠤ ᠯᠤᠭ᠎ᠠ ᠤᠶᠠᠯᠳᠤᠭᠤᠯᠬᠤ ᠶᠢ ᠪᠠᠷᠢᠮᠲᠠᠯᠠᠵᠤ᠂ ᠵᠡᠷᠭᠡ ᠪᠠᠷ ᠠᠳᠬᠤᠵᠤ ᠬᠠᠮᠲᠤ ᠪᠠᠷ ᠬᠠᠮᠢᠶᠠᠷᠬᠤ ᠰᠠᠶᠢᠨ ᠰᠠᠶᠢᠬᠠᠨ ᠪᠠᠶᠢᠳᠠᠯ ᠢ ᠪᠦᠷᠢᠯᠳᠦᠭᠦᠯᠬᠦ ᠬᠡᠷᠡᠭᠲᠡᠶ᠃ ᠠᠭᠤᠰᠤᠯᠴᠠᠨ ᠬᠠᠮᠲᠤ ᠪᠠᠷ ᠪᠠᠶᠢᠭᠤᠯᠬᠤ ᠶᠢ ᠠᠬᠢᠭᠤᠯᠵᠤ᠂ ︽ᠪᠥᠬᠦ ᠣᠷᠣᠨ ᠪᠦᠰᠡ ᠶᠢᠨ ᠨᠠᠮ ᠤᠨ ᠪᠠᠶᠢᠭᠤᠯᠤᠯᠲᠠ︾ ᠶᠢᠨ ᠰᠢᠰᠲ᠋ᠧᠮᠲᠦ ᠰᠡᠳᠬᠢᠬᠦᠶ ᠶᠢᠨ ᠵᠠᠭᠪᠤᠷ ᠢ ᠢᠳᠡᠪᠬᠢᠲᠡᠶ ᠪᠠᠶᠢᠭᠤᠯᠵᠤ᠂ ᠡᠯ᠎ᠡ ᠲᠥᠷᠥᠯ ᠤᠨ ᠬᠦᠴᠦᠨ ᠢ ᠨᠡᠶᠢᠳᠬᠡᠬᠦ᠂ ᠲᠠᠰ ᠳᠠᠷᠠᠭᠠᠯᠠᠯ ᠢ ᠨᠡᠶᠢᠴᠡᠬᠦᠯᠬᠦ᠂ ᠠᠵᠢᠯ ᠢ ᠠᠭᠤᠰᠤᠯᠴᠠᠭᠤᠯᠬᠤ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠪᠠᠶᠢᠭᠤᠯᠭ᠎ᠠ᠂ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ︽ᠬᠤᠶᠠᠷ ᠰᠢᠨ᠎ᠡ︾ ᠵᠡᠷᠭᠡ ᠡᠯ᠎ᠡ ᠬᠦᠷᠢᠶᠡᠨ ᠤ ᠨᠠᠮ ᠤᠨ ᠪᠠᠶᠢᠭᠤᠯᠤᠯᠲᠠ ᠶᠢᠨ ᠬᠠᠮᠲᠤ ᠶᠢᠨ ᠴᠣᠭᠴᠠ ᠶᠢ ᠦᠷᠭᠦᠯᠵᠢᠯᠡᠨ ᠴᠣᠭᠴᠠᠯᠠᠵᠤ᠂ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠶ ᠬᠥᠭᠵᠢᠯᠲᠡ ᠶᠢᠨ ᠳᠠᠭᠠᠭᠤᠯᠤᠭᠴᠢ ᠪᠣᠯᠬᠤ ᠪᠠᠷ ᠪᠥᠬᠦ ᠬᠦᠴᠦᠨ ᠢᠶᠠᠷ ᠢᠶᠠᠨ ᠴᠢᠷᠮᠠᠶᠢᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠶ ᠬᠡᠵᠡᠢ᠃     ᠠᠵᠢᠯᠯᠠᠭ᠎ᠠ ᠶᠢᠨ ᠬᠤᠭᠤᠴᠠᠭᠠᠨ ᠳᠤ᠂ ᠬᠤᠷᠠᠯ ᠳᠤ ᠣᠷᠣᠯᠴᠠᠭᠰᠠᠳ ᠪᠠᠰᠠ ︽2023 ᠣᠨ ᠤ ᠨᠠᠮ ᠤᠨ ᠪᠠᠶᠢᠭᠤᠯᠤᠯᠲᠠ ᠶᠢᠨ ᠬᠤᠯᠪᠣᠭ᠎ᠠ ᠶᠢᠨ ᠠᠵᠢᠯᠯᠠᠭ᠎ᠠ ᠶᠢᠨ ᠭᠠᠷᠠᠭ ᠤᠨ ᠤᠬᠠᠭᠤᠯᠭ᠎ᠠ ᠶᠢᠨ ᠹᠢᠯᠢᠮ︾ ᠢ ᠬᠠᠮᠲᠤ ᠪᠠᠷ ᠰᠣᠨᠢᠷᠬᠠᠪᠠ᠃  ︵ᠰᠤᠷᠪᠤᠯᠵᠢᠯᠠᠭᠴᠢ᠄ ᠯᠧᠢ ᠶᠤᠸᠠᠨ ᠶᠤᠸᠠᠨ᠂ ᠶᠠᠩ ᠧᠨ ᠨᠢᠩ᠂ ᠯᠢᠦ ᠵᠢᠩ ᠬᠠᠨ     ᠬᠢᠨᠠᠨ ᠬᠠᠷᠭᠤᠭᠤᠯᠤᠬᠰᠠᠨ ᠨᠢ᠄ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠬᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号