ᠵᠢᠩᠬᠢᠨᠢ ᠪᠠᠷ ᠡᠬᠢᠯᠡᠭᠦᠯᠦᠯ᠎ᠡ︕ ᠬᠡᠦᠬᠡᠳ ᠦᠶ᠎ᠡ ᠠᠴᠠ ᠡᠬᠢᠯᠡᠨ ᠠᠳᠬᠤᠨ᠎ᠠ
ᠨᠡᠶᠢᠲᠡᠯᠡᠭᠰᠡᠨ ᠴᠠᠭ᠄
2023/9/15
     9 ᠰᠠᠷ᠎ᠠ ᠶᠢᠨ 11 ᠤ ᠡᠳᠦᠷ᠂ ᠬᠥᠨᠳᠡᠯᠡᠨ ᠲᠣᠭᠤᠷᠢᠭ ᠤᠨ ᠨᠠᠮ ᠤᠨ ᠬᠤᠷᠢᠶᠠᠨ ᠤ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠬᠢᠵᠢᠯᠳᠠ ᠶᠢᠨ ᠵᠦᠪᠯᠡᠯ ᠤᠨ ᠠᠯᠪᠠᠨ ᠬᠡᠷ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠂ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠲᠠᠢ ᠬᠠᠮᠳᠤᠷᠠᠨ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠶᠢᠨ ᠲᠤᠷᠰᠢᠯᠲᠠ ᠶᠢᠨ ᠪᠠᠭ᠎ᠠ ᠰᠤᠷᠭᠠᠭᠤᠯᠢ ᠳᠤ 2023 ᠣᠨ ᠤ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠬᠥᠨᠳᠡᠯᠡᠨ ᠲᠣᠭᠤᠷᠢᠭ ᠤᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠵᠢᠴᠢ ᠬᠥᠨᠳᠡᠯᠡᠨ ᠲᠣᠭᠤᠷᠢᠭ ᠤᠨ ᠰᠦᠯᠵᠢᠶᠡᠨ ᠤ ᠠᠮᠤᠷ ᠲᠦᠪᠰᠢᠨ ᠤ ᠰᠤᠷᠭᠠᠭᠤᠯᠢ ᠶᠢᠨ ᠬᠦᠷᠢᠶᠡᠨ ᠤ ᠪᠣᠯᠪᠠᠰᠤᠷᠠᠯ ᠤᠨ ᠬᠤᠷᠠᠯ ᠬᠢᠪᠠ᠃ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠶᠢᠨ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ 1900 ᠭᠠᠷᠤᠢ ᠪᠠᠭᠰᠢ ᠰᠤᠷᠤᠭᠴᠢ ᠠᠵᠢᠯᠯᠠᠭ᠎ᠠ ᠳᠤ ᠣᠷᠣᠯᠴᠠᠵᠠᠢ᠃
      ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠪᠥᠬᠦ ᠪᠠᠭᠰᠢ ᠰᠤᠷᠤᠭᠴᠢᠳ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠶᠢᠨ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠵᠢᠷᠭᠤᠳᠤᠭᠠᠷ ︵ᠲᠠᠪᠤ︶ ᠳᠤᠮᠳᠠ ᠠᠩᠭᠢ ᠶᠢᠨ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠤᠨ ᠲᠤᠬᠯᠠᠬᠰᠠᠨ ︽ᠮᠡᠬᠡᠯᠡᠯ ᠢ ᠡᠰᠡᠷᠭᠦᠴᠡᠬᠦ︾ ᠬᠡᠬᠦ ᠪᠥᠵᠢᠭ ᠢ ᠰᠣᠨᠢᠷᠬᠠᠵᠤ᠂ ᠪᠥᠵᠢᠭ ᠭᠡᠬᠦ ᠡᠨᠡ ᠬᠦ ᠦᠵᠡᠵᠦ ᠰᠣᠨᠢᠷᠬᠠᠬᠤ ᠳᠤᠷᠠᠲᠠᠶ ᠬᠡᠯᠪᠡᠷᠢ ᠪᠠᠷ ᠳᠠᠮᠵᠢᠭᠤᠯᠤᠨ᠂ ᠰᠤᠷᠤᠭᠴᠢᠳ ᠢ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠳᠤ ᠠᠩᠬᠠᠷᠤᠯ ᠲᠠᠯᠪᠢᠭᠤᠯᠬᠤ ᠶᠢᠨ ᠬᠠᠮᠲᠤ ᠤᠷᠤᠯᠴᠠᠭᠤᠯᠵᠤ᠂ ᠡᠳᠦᠷ ᠲᠤᠲᠤᠮ ᠤᠨ ᠠᠮᠢᠳᠤᠷᠠᠯ ᠳᠤᠮᠳᠠ ᠲᠤᠬᠢᠶᠠᠯᠳᠤᠵᠦ ᠮᠡᠳᠡᠬᠦ ᠡᠯ᠎ᠡ ᠲᠥᠷᠥᠯ ᠤᠨ ᠰᠦᠯᠵᠢᠶᠡᠨ ᠤ ᠠᠮᠤᠷ ᠲᠦᠪᠰᠢᠨ ᠤ ᠬᠤᠤᠷ ᠬᠥᠨᠥᠭᠡᠯ ᠢ ᠤᠶᠢᠯᠠᠭᠠᠭᠤᠯᠤᠨ ᠡᠵᠡᠮᠰᠢᠭᠦᠯᠵᠦ᠂ ᠡᠭᠦᠨ ᠤ ᠤᠯᠠᠮ ᠠᠴᠠ ᠮᠡᠬᠡᠯᠡᠯ ᠢ ᠰᠡᠷᠭᠡᠶᠢᠯᠡᠬᠦ ᠤᠬᠠᠮᠰᠠᠷ ᠢ ᠨᠢ ᠴᠢᠩᠭᠠᠳᠬᠠᠵᠤ᠂ ᠰᠡᠷᠭᠡᠶᠢᠯᠡᠬᠦ ᠴᠢᠳᠠᠪᠤᠷᠢ ᠶᠢ ᠨᠢ ᠳᠡᠭᠡᠭᠰᠢᠯᠡᠭᠦᠯᠪᠡ᠃ ᠬᠥᠨᠳᠡᠯᠡᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶᠠᠨ ᠤ ᠴᠠᠭᠳᠠᠭᠠᠨ ᠤ ᠶᠠᠪᠤᠳᠠᠯ ᠤᠨ ᠲᠤᠰᠠᠯᠠᠬᠤ ᠶᠡᠭᠡ ᠠᠩᠭᠢ ᠶᠢᠨ ᠠᠷᠠᠳ ᠤᠨ ᠴᠠᠭᠳᠠᠭ᠎ᠠ ᠲᠤᠰᠬᠠᠶ ᠰᠡᠳᠦᠪᠲᠦ ᠲᠠᠶᠢᠯᠤᠮᠵᠢ ᠬᠢᠵᠦ᠂ ᠰᠦᠯᠵᠢᠶᠡᠨ ᠤ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠬᠦ ᠶᠢᠨ ᠬᠠᠮᠲᠤ᠂ ᠪᠥᠬᠦ ᠰᠤᠷᠭᠠᠭᠤᠯᠢ ᠶᠢᠨ ᠪᠠᠭᠰᠢ ᠰᠤᠷᠤᠭᠴᠢᠳ ᠢ ᠳᠠᠭᠠᠭᠤᠯᠤᠨ ︽ᠪᠥᠬᠦ ᠤᠯᠤᠰ ᠤᠨ ᠵᠠᠯᠠᠭᠤᠴᠤᠳ ᠪᠠᠭᠠᠴᠤᠳ ᠤᠨ ᠰᠦᠯᠵᠢᠶᠡᠨ ᠤ ᠪᠣᠯᠪᠠᠰᠤᠨ ᠤ ᠨᠡᠶᠢᠲᠡ ᠶᠢᠨ ᠭᠡᠷ᠎ᠡ︾ ᠶᠢ ᠤᠩᠰᠢᠨ ᠨᠡᠶᠢᠲᠡᠯᠡᠵᠦ᠂ ᠪᠥᠬᠦ ᠰᠤᠷᠭᠠᠭᠤᠯᠢ ᠶᠢᠨ ᠪᠠᠭᠰᠢ ᠰᠤᠷᠤᠭᠴᠢᠳ ᠢ ᠬᠠᠮᠲᠤ ᠪᠠᠷ ᠬᠥᠳᠡᠯᠦᠯᠴᠡᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠰᠦᠯᠵᠢᠶᠡᠨ ᠤ ᠣᠷᠣᠨ ᠵᠠᠶ ᠶᠢ ᠰᠠᠬᠢᠨ ᠬᠠᠮᠠᠭᠠᠯᠠᠵᠤ᠂ ᠰᠦᠯᠵᠢᠶᠡᠨ ᠤ ᠢᠳᠡᠪᠬᠢ ᠬᠦᠴᠦᠨ ᠢ ᠳᠠᠮᠵᠢᠭᠤᠯᠵᠤ᠂ ᠰᠦᠯᠵᠢᠶᠡᠨ ᠤ ᠠᠮᠤᠷ ᠲᠦᠪᠰᠢᠨ ᠤ ᠪᠠᠲᠤ ᠪᠠᠬᠢ ᠰᠡᠷᠭᠡᠶᠢᠯᠡᠯᠲᠡ ᠶᠢᠨ ᠬᠡᠷᠡᠮ ᠢ ᠬᠠᠮᠲᠤ ᠪᠠᠷ ᠴᠣᠭᠴᠠᠯᠠᠬᠤ ᠶᠢ ᠤᠷᠢᠶᠠᠯᠠᠪᠠ᠃
     2023 ᠣᠨ ᠤ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠬᠥᠨᠳᠡᠯᠡᠨ ᠲᠣᠭᠤᠷᠢᠭ ᠤᠨ ᠠᠵᠢᠯᠯᠠᠭ᠎ᠠ 9 ᠰᠠᠷ᠎ᠠ ᠶᠢᠨ 12 ᠤᠨ ᠡᠳᠦᠷ ᠠᠴᠠ ᠡᠬᠢᠯᠡᠨ 9 ᠰᠠᠷ᠎ᠠ ᠶᠢᠨ 17 ᠤ ᠡᠳᠦᠷ ᠪᠣᠯᠲᠠᠯ᠎ᠠ ᠶᠠᠪᠤᠭᠳᠠᠪᠠ᠃ ᠪᠥᠬᠦ ᠲᠤᠭᠤᠷᠢᠭ ᠲᠠᠶᠠᠭᠠᠷ ᠢᠶᠠᠨ ︽ᠲᠤᠯᠤᠭᠠᠨ ᠶᠡᠭᠡ ᠭᠤᠤᠯ ᠰᠡᠳᠦᠪᠲᠦ ᠡᠳᠦᠷ︾ ᠤᠨ ᠲᠣᠭᠤᠷᠢᠨ ᠳᠤ ᠰᠦᠯᠵᠢᠶᠡᠨ ᠳᠡᠭᠡᠷᠡᠬᠢ ᠪᠠ ᠠᠬᠤᠢ ᠲᠠᠯᠠᠪᠠᠢ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠨᠡᠶᠢᠭᠡᠮ ᠲᠣᠭᠤᠷᠢᠭ᠂ ᠠᠵᠤ ᠠᠬᠤᠶᠢᠯᠠᠯ᠂ ᠪᠠᠶᠢᠭᠤᠯᠭ᠎ᠠ᠂ ᠰᠤᠷᠭᠠᠭᠤᠯᠢ ᠶᠢᠨ ᠬᠦᠷᠢᠶ᠎ᠡ ᠵᠡᠷᠭᠡ ᠭᠤᠤᠯᠳᠠᠯᠭ᠎ᠠ ᠲᠠᠢ ᠬᠥᠮᠦᠰ ᠢ ᠪᠦᠷᠢᠨ ᠪᠥᠷᠬᠦᠭᠦᠯᠬᠦ ᠶᠢ ᠪᠡᠶᠡᠯᠡᠭᠦᠯᠦᠨ᠂ ᠮᠠᠨ ᠤ ᠲᠤᠭᠤᠷᠢᠭ ᠤᠨ ᠦᠨᠳᠦᠰᠦᠲᠡᠨ ᠨᠦᠭᠦᠳ ᠤᠨ ᠣᠯᠠᠨ ᠲᠦᠮᠡᠨ ᠤ ᠰᠦᠯᠵᠢᠶᠡᠨ ᠤ ᠠᠮᠤᠷ ᠲᠦᠪᠰᠢᠨ ᠤ ᠦᠵᠡᠯ ᠤᠬᠠᠮᠰᠠᠷ ᠢ ᠦᠨᠡᠨ ᠬᠦ ᠳᠡᠭᠡᠭᠰᠢᠯᠡᠭᠦᠯᠵᠦ᠂ ᠨᠡᠶᠢᠭᠡᠮ ᠳᠠᠶᠠᠭᠠᠷ ᠢᠶᠠᠨ ᠰᠦᠯᠵᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠬᠠᠮᠲᠤ ᠪᠠᠷ ᠴᠣᠭᠴᠠᠯᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠤᠯᠭᠠᠪᠠ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号