︽ᠦᠨᠳᠦᠰᠦᠨ ᠱᠠᠲᠤᠨ ᠤ ᠭᠠᠯ ᠢ ᠰᠡᠷᠭᠡᠶᠢᠯᠡᠬᠦ ᠠᠮᠤᠷ ᠲᠦᠪᠰᠢᠨ ᠤ ᠵᠦᠪᠯᠡᠯ ᠤᠨ ᠪᠠᠶᠢᠭᠤᠯᠤᠯᠲᠠ ᠶᠢᠨ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2023/9/17
        ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ︽ᠦᠨᠳᠦᠰᠦᠨ ᠱᠠᠲᠤᠨ ᠤ ᠭᠠᠯ ᠢ ᠰᠡᠷᠭᠡᠶᠢᠯᠡᠬᠦ ᠠᠮᠤᠷ ᠲᠦᠪᠰᠢᠨ ᠤ ᠵᠦᠪᠯᠡᠯ ᠤᠨ ᠪᠠᠶᠢᠭᠤᠯᠤᠯᠲᠠ ᠶᠢᠨ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ         ᠬᠦᠨᠳᠡᠯᠡᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ ᠲᠠᠷᠬᠠᠭᠠᠪᠠ 〔2023〕16 ᠳ᠋ᠤᠭᠠᠷ ᠲᠣᠭᠠᠲᠤ ᠡᠯ᠎ᠡ ᠵᠡᠭᠡᠯᠢ ᠭᠤᠳᠤᠮᠵᠢ ᠪᠠᠯᠭᠠᠰᠤ ᠳᠤ᠄      ᠡᠯ᠎ᠡ ᠵᠡᠭᠡᠯᠢ ᠭᠤᠳᠤᠮᠵᠢ ᠪᠠᠯᠭᠠᠰᠤᠨ ᠤ ᠭᠠᠯ ᠢ ᠰᠡᠷᠬᠡᠶᠢᠯᠡᠵᠤ ᠭᠠᠯ ᠤᠨᠲᠠᠷᠠᠭᠠᠬᠤ ᠬᠢᠨᠠᠯᠲᠠ ᠬᠠᠮᠢᠶᠠᠷᠤᠯᠲᠠ ᠶᠢᠨ ᠬᠦᠴᠦᠨ ᠢ ᠤᠯᠠᠮ ᠨᠢᠭᠡ ᠠᠯᠬᠤᠮ ᠴᠢᠩᠭᠠᠳᠬᠠᠵᠤ᠂ ᠦᠨᠳᠦᠰᠦᠨ ᠱᠠᠲᠤᠨ ᠤ ᠭᠠᠯ ᠢ ᠰᠡᠷᠬᠡᠶᠢᠯᠡᠵᠤ ᠭᠠᠯ ᠤᠨᠲᠠᠷᠠᠭᠠᠬᠤ ᠰᠠᠭᠤᠷᠢ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠭᠠᠯ ᠢ ᠰᠡᠷᠬᠡᠶᠢᠯᠡᠵᠤ ᠭᠠᠯ ᠤᠨᠲᠠᠷᠠᠭᠠᠬᠤ ᠠᠵᠢᠯ ᠤᠨ ᠡᠮᠬᠢ ᠵᠢᠷᠤᠮ ᠲᠠᠢ ᠠᠬᠢᠬᠤ ᠶᠢ ᠪᠠᠲᠤᠯᠠᠵᠤ᠂ ᠦᠨᠳᠦᠰᠦᠨ ᠱᠠᠲᠤᠨ ᠤ ᠡᠴᠦᠰ ᠤᠨ ᠦᠷᠳᠡᠭᠡ ᠶᠢᠨ ᠭᠠᠯ ᠢ ᠰᠡᠷᠬᠡᠶᠢᠯᠡᠵᠤ ᠭᠠᠯ ᠤᠨᠲᠠᠷᠠᠭᠠᠬᠤ ᠠᠵᠢᠯ ᠢ ᠠᠳᠬᠤᠬᠤ ᠬᠥᠮᠦᠨ ᠲᠠᠢ᠂ ᠬᠠᠮᠢᠶᠠᠷᠬᠤ ᠬᠥᠮᠦᠨ ᠲᠠᠢ ᠪᠠᠶᠢᠬᠤ ᠶᠢ ᠪᠡᠶᠡᠯᠡᠭᠦᠯᠬᠦ ᠶᠢᠨ ᠲᠦᠯᠦᠬᠡ᠂ ᠲᠤᠭᠤᠷᠢᠭ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ︽ᠦᠨᠳᠦᠰᠦᠨ ᠱᠠᠲᠤᠨ ᠤ ᠭᠠᠯ ᠢ ᠰᠡᠷᠭᠡᠶᠢᠯᠡᠬᠦ ᠠᠮᠤᠷ ᠲᠦᠪᠰᠢᠨ ᠤ ᠵᠦᠪᠯᠡᠯ ᠤᠨ ᠪᠠᠶᠢᠭᠤᠯᠤᠯᠲᠠ ᠶᠢᠨ ᠲᠥᠰᠦᠯ︾ ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃                          ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                            2023 ᠣᠨ ᠤ 7  ᠰᠠᠷ᠎ᠠ ᠶᠢᠨ 2 ᠤᠨ ᠡᠳᠦᠷ              ᠦᠨᠳᠦᠰᠦᠨ ᠱᠠᠲᠤᠨ ᠤ ᠭᠠᠯ ᠢ ᠰᠡᠷᠭᠡᠶᠢᠯᠡᠬᠦ ᠠᠮᠤᠷ ᠲᠦᠪᠰᠢᠨ ᠤ                    ᠵᠦᠪᠯᠡᠯ ᠤᠨ ᠪᠠᠶᠢᠭᠤᠯᠤᠯᠲᠠ ᠶᠢᠨ ᠲᠥᠰᠦᠯ      ︽ᠦᠨᠳᠦᠰᠦᠨ ᠱᠠᠲᠤᠨ ᠤ ᠭᠠᠯ ᠢ ᠰᠡᠷᠬᠡᠶᠢᠯᠡᠵᠤ ᠭᠠᠯ ᠤᠨᠲᠠᠷᠠᠭᠠᠬᠤ ᠬᠦᠴᠦᠨ ᠤ ᠪᠠᠶᠢᠭᠤᠯᠤᠯᠲᠠ ᠪᠣᠯᠤᠨ ᠭᠠᠯ ᠤᠨ ᠠᠶᠤᠯ ᠢ ᠰᠡᠷᠭᠡᠶᠢᠯᠡᠨ ᠡᠵᠡᠮᠳᠡᠬᠦ ᠠᠵᠢᠯ ᠢ ᠴᠢᠨᠠᠬᠰᠢᠳᠠ ᠴᠢᠩᠭᠠᠳᠬᠠᠬᠤ ᠲᠤᠬᠠᠶ ᠰᠠᠨᠠᠯ︾ ︽ᠪᠤᠭᠤᠲᠤ ᠬᠤᠲᠠ ᠶᠢᠨ ᠭᠠᠯ ᠢ ᠰᠡᠷᠬᠡᠶᠢᠯᠡᠵᠤ ᠭᠠᠯ ᠤᠨᠲᠠᠷᠠᠭᠠᠬᠤ ᠠᠵᠢᠯ ᠤᠨ ᠬᠥᠭᠵᠢᠯᠲᠡ ᠶᠢ ᠬᠦᠯᠢᠶᠡᠰᠦᠯᠡᠵᠤ ᠪᠠᠶᠢᠭ᠎ᠠ ᠠᠰᠠᠭᠤᠳᠠᠯ ᠢ ᠰᠢᠶᠳᠪᠦᠷᠢᠯᠡᠬᠦ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ᠪᠣᠯᠤᠨ ᠪᠦᠬᠦ ᠤᠯᠤᠰ ᠤᠨ ᠦᠨᠳᠦᠰᠦᠨ ᠱᠠᠲᠤᠨ ᠤ ᠭᠠᠯ ᠢ ᠰᠡᠷᠬᠡᠶᠢᠯᠡᠵᠤ ᠭᠠᠯ ᠤᠨᠲᠠᠷᠠᠭᠠᠬᠤ ᠬᠦᠴᠦᠨ ᠤ ᠪᠠᠶᠢᠭᠤᠯᠤᠯᠲᠠ ᠶᠢᠨ ᠸᠢᠳᠢᠤ᠋ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠯᠡᠵᠤ᠂ ᠦᠨᠳᠦᠰᠦᠨ ᠱᠠᠲᠤᠨ ᠤ ᠭᠠᠯ ᠢ ᠰᠡᠷᠬᠡᠶᠢᠯᠡᠵᠤ ᠭᠠᠯ ᠤᠨᠲᠠᠷᠠᠭᠠᠬᠤ ᠰᠠᠭᠤᠷᠢ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ᠂ ᠭᠠᠯ ᠢ ᠰᠡᠷᠬᠡᠶᠢᠯᠡᠵᠤ ᠭᠠᠯ ᠤᠨᠲᠠᠷᠠᠭᠠᠬᠤ ᠠᠵᠢᠯ ᠤᠨ ᠡᠮᠬᠢ ᠵᠢᠷᠤᠮ ᠲᠠᠢ ᠠᠬᠢᠬᠤ ᠶᠢ ᠪᠠᠳᠤᠯᠠᠵᠤ᠂ ᠦᠨᠳᠦᠰᠦᠨ ᠱᠠᠲᠤᠨ ᠤ ᠡᠴᠦᠰ ᠤᠨ ᠦᠷᠳᠡᠭᠡ ᠶᠢᠨ ᠭᠠᠯ ᠢ ᠰᠡᠷᠬᠡᠶᠢᠯᠡᠵᠤ ᠭᠠᠯ ᠤᠨᠲᠠᠷᠠᠭᠠᠬᠤ ᠠᠵᠢᠯ ᠢ ᠠᠳᠬᠤᠬᠤ ᠬᠥᠮᠦᠨ ᠲᠠᠢ᠂ ᠬᠠᠮᠢᠶᠠᠷᠬᠤ ᠬᠥᠮᠦᠨ ᠲᠠᠢ ᠪᠠᠶᠢᠬᠤ ᠶᠢ ᠪᠡᠶᠡᠯᠡᠭᠦᠯᠬᠦ ᠶᠢᠨ ᠲᠦᠯᠦᠬᠡ᠂ ᠮᠠᠨ ᠤ ᠲᠤᠭᠤᠷᠢᠭ ᠤᠨ 15 ᠵᠡᠭᠡᠯᠢ ᠭᠤᠳᠤᠮᠵᠢ ᠪᠠᠯᠭᠠᠰᠤᠨ ᠤ ᠬᠡᠷᠡᠭ ᠡᠷᠬᠢᠯᠡᠬᠦ ᠭᠠᠵᠠᠷ ᠲᠤ ᠦᠨᠳᠦᠰᠦᠨ ᠱᠠᠲᠤᠨ ᠤ ᠭᠠᠯ ᠢ ᠰᠡᠷᠭᠡᠶᠢᠯᠡᠬᠦ ᠠᠮᠤᠷ ᠲᠦᠪᠰᠢᠨ ᠤ ᠵᠥᠪᠯᠡᠯ ᠢ 15 ᠪᠠᠶᠢᠭᠤᠯᠬᠤ ᠬᠡᠷᠡᠭᠲᠡᠶ ᠪᠤᠯᠪᠠ᠃ ᠡᠳᠦᠭᠡ ᠮᠠᠨ ᠤ ᠲᠤᠭᠤᠷᠢᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠲᠥᠯᠥᠪᠵᠢᠭᠦᠯᠵᠦ᠂ ᠲᠤᠰ ᠲᠥᠰᠦᠯ ᠢ ᠲᠣᠭᠲᠠᠭᠠᠪᠠ᠃      ᠨᠢᠭᠡ᠂ ᠵᠢᠯᠣᠭᠤᠳᠬᠤ ᠦᠵᠡᠯ ᠰᠠᠨᠠᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠭᠦᠨᠵᠡᠭᠡᠢ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠪᠤᠭᠤᠲᠤ ᠳᠤ ᠵᠢᠭᠠᠪᠤᠷᠢᠯᠠᠬᠰᠠᠨ ︽ᠨᠢᠭᠡ ᠰᠢᠨ᠎ᠡ ᠶᠢ ᠡᠭᠦᠳᠬᠦ᠂ ᠭᠤᠷᠪᠠ ᠶᠢ ᠪᠡᠶᠡᠯᠡᠭᠦᠯᠬᠦ︾ ᠴᠢᠬᠤᠯᠠ ᠵᠢᠭᠠᠪᠤᠷᠢ ᠶᠢ ᠦᠨᠡᠨᠴᠢ ᠰᠢᠳᠤᠷᠭᠤ ᠪᠠᠷ ᠦᠢᠯᠡᠳᠦᠯᠬᠡᠵᠢᠬᠦᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠨ᠂ ︽ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠲᠡᠭᠡᠳᠦᠯᠡᠬᠦ︾ ᠶᠢ ᠪᠠᠷᠢᠮᠲᠠᠯᠠᠵᠤ᠂ ᠠᠮᠤᠷ ᠲᠦᠪᠰᠢᠨ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠣᠶ ᠪᠣᠯᠭᠠᠵᠤ᠂ ᠬᠦᠨᠳᠦ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢ ᠨᠠᠷᠢᠯᠢᠭ ᠣᠨᠣᠴᠠᠲᠠᠢ ᠰᠡᠷᠭᠡᠶᠢᠯᠡᠨ ᠠᠷᠢᠯᠭᠠᠨ᠂ ᠡᠯ᠎ᠡ ᠲᠥᠷᠥᠯ ᠤᠨ ᠭᠠᠶ ᠭᠠᠮᠰᠢᠭ ᠤᠨ ᠠᠳᠡᠯ ᠢ ᠪᠦᠲᠦᠮᠵᠢᠲᠡᠶ ᠠᠷᠭᠠᠴᠠᠭᠠᠨ ᠰᠢᠶᠳᠪᠦᠷᠢᠯᠡᠵᠦ᠂ ᠵᠡᠭᠡᠯᠢ ᠭᠤᠳᠤᠮᠵᠢ ᠪᠠᠯᠭᠠᠰᠤ ᠶᠢᠨ ᠦᠨᠳᠦᠰᠦᠨ ᠱᠠᠲᠤᠨ ᠤ ᠭᠠᠯ ᠢ ᠰᠡᠷᠬᠡᠶᠢᠯᠡᠵᠤ ᠭᠠᠯ ᠤᠨᠲᠠᠷᠠᠭᠠᠬᠤ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ ᠭᠠᠯ ᠢ ᠰᠡᠷᠬᠡᠶᠢᠯᠡᠵᠤ ᠭᠠᠯ ᠤᠨᠲᠠᠷᠠᠭᠠᠬᠤ ᠠᠵᠢᠯ ᠤᠨ ᠪᠠᠶᠢᠷᠢᠰᠢᠯ ᠢ ᠪᠦᠷᠢᠯᠳᠦᠬᠦᠯᠦᠨ᠂ ᠭᠠᠯ ᠢ ᠰᠡᠷᠬᠡᠶᠢᠯᠡᠵᠤ ᠭᠠᠯ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠤᠨ ᠲᠣᠣᠷ ᠢ ᠪᠠᠶᠢᠭᠤᠯᠤᠨ ᠪᠦᠷᠢᠨᠰᠢᠭᠦᠯᠵᠦ᠂ ᠭᠠᠯ ᠢ ᠰᠡᠷᠬᠡᠶᠢᠯᠡᠵᠤ ᠭᠠᠯ ᠤᠨᠲᠠᠷᠠᠭᠠᠬᠤ ᠲᠥᠯᠥᠪᠵᠢᠭᠦᠯᠭᠡ ᠪᠠ ᠪᠠᠶᠢᠭᠤᠯᠤᠯᠲᠠ ᠶᠢ ᠲᠦᠷᠭᠡᠳᠬᠡᠨ᠂ ᠭᠠᠯ ᠢ ᠰᠡᠷᠬᠡᠶᠢᠯᠡᠵᠤ ᠭᠠᠯ ᠤᠨᠲᠠᠷᠠᠭᠠᠬᠤ ᠠᠮᠤᠷ ᠲᠦᠪᠰᠢᠨ ᠤ ᠬᠥᠮᠦᠵᠢᠯ ᠢ ᠴᠢᠩᠭᠠᠳᠬᠠᠵᠤ᠂ ᠣᠯᠠᠨ ᠵᠦᠢᠯ ᠤᠨ ᠬᠡᠯᠪᠡᠷᠢ ᠪᠦᠬᠦᠢ ᠭᠠᠯ ᠢ ᠰᠡᠷᠬᠡᠶᠢᠯᠡᠵᠤ ᠭᠠᠯ ᠤᠨᠲᠠᠷᠠᠭᠠᠵᠤ ᠠᠪᠤᠷᠠᠨ ᠲᠤᠰᠠᠯᠠᠬᠤ ᠡᠩᠨᠡᠭᠡ ᠶᠢ ᠶᠡᠬᠡᠪᠡᠷ ᠬᠥᠭᠵᠢᠭᠦᠯᠵᠦ᠂ ᠥᠪᠡᠷ ᠢ ᠪᠠᠨ ᠰᠡᠷᠭᠡᠶᠢᠯᠡᠵᠦ ᠥᠪᠡᠷ ᠢ ᠪᠠᠨ ᠠᠪᠤᠷᠠᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠂ ᠨᠡᠶᠢᠭᠡᠮ ᠳᠤ ᠭᠠᠯ ᠢ ᠰᠡᠷᠬᠡᠶᠢᠯᠡᠵᠤ ᠭᠠᠯ ᠤᠨᠲᠠᠷᠠᠭᠠᠬᠤ ᠠᠮᠤᠷ ᠲᠦᠪᠰᠢᠨ ᠤ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ  ᠪᠤᠯᠭᠠᠵᠤ ᠦᠭᠬᠦ ᠭᠡᠷᠡᠭᠳᠡᠢ᠃     ᠬᠤᠶᠠᠷ᠂ ᠶᠡᠷᠦᠩᠬᠡᠶ ᠱᠠᠭᠠᠷᠳᠠᠯᠭ᠎ᠠ     ︵ᠨᠢᠭᠡ︶ ᠦᠵᠡᠯ ᠰᠠᠨᠠᠭ᠎ᠠ ᠪᠠᠨ ᠨᠢᠭᠡᠳᠬᠡᠵᠦ᠂ ᠲᠠᠨᠢᠯᠲᠠ ᠪᠠᠨ ᠳᠡᠭᠡᠭᠰᠢᠯᠡᠭᠦᠯᠬᠦ ᠬᠡᠷᠡᠭᠲᠡᠢ᠃ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ᠂ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠬᠤ ᠶᠢ ᠪᠠᠷᠢᠮᠳᠠᠯᠠᠵᠤ᠂ ᠲᠤᠰᠢᠶᠠᠯ ᠳᠠᠭᠠᠨ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠨ᠎ᠠ᠃ ᠬᠠᠷᠢᠶ᠎ᠠ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠠᠤᠯᠢ ᠶᠣᠰᠣᠭᠠᠷ ᠬᠢᠨᠠᠨ ᠬᠠᠮᠢᠶᠠᠷᠬᠤ ᠬᠠᠷᠢᠭᠤᠴᠠᠯᠭ᠎ᠠ᠂ ᠨᠢᠭᠡᠴᠢ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠢᠯ ᠲᠥᠷᠥᠯ ᠤᠨ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ ᠨᠢᠭᠡᠳᠦᠯᠲᠡᠶ ᠲᠦᠯᠦᠪᠵᠢᠬᠦᠯᠦᠨ ᠨᠡᠶᠢᠲᠡ ᠳᠤᠨᠢ ᠬᠠᠷᠠᠭᠠᠯᠵᠠᠬᠤ᠂ ᠰᠠᠭᠤᠷᠢ ᠶᠢ ᠪᠠᠲᠤᠳᠬᠠᠬᠤ ᠶᠢ ᠪᠠᠷᠢᠮᠲᠠᠯᠠᠨ᠎ᠠ᠃ ᠭᠡᠮ ᠰᠤᠭᠤᠭ ᠢ ᠴᠡᠭᠴᠡᠯᠡᠨ ᠵᠠᠰᠠᠬᠤ ᠬᠢᠭᠡᠳ ᠦᠨᠳᠦᠰᠦᠨ ᠱᠠᠲᠤᠨ ᠤ ᠪᠦᠲᠦᠭᠡᠨ ᠪᠠᠶᠢᠭᠤᠯᠤᠯᠲᠠ ᠶᠢ ᠨᠢᠭᠡ ᠴᠣᠭᠴᠠᠵᠢᠭᠤᠯᠤᠨ ᠠᠬᠢᠭᠤᠯᠬᠤ ᠶᠢ ᠪᠠᠷᠢᠮᠲᠠᠯᠠᠵᠤ᠂ ᠭᠠᠯ ᠢ ᠰᠡᠷᠬᠡᠶᠢᠯᠡᠵᠤ ᠭᠠᠯ ᠤᠨᠲᠠᠷᠠᠭᠠᠬᠤ ᠠᠮᠤᠷ ᠲᠦᠪᠰᠢᠨ ᠤ ᠰᠢᠰᠲ᠋ᠧᠮᠳᠤ ᠴᠢᠨᠠᠷᠲᠠᠶ᠂ ᠨᠡᠶᠢᠳᠡᠮ ᠤᠨ ᠴᠢᠨᠠᠷᠲᠠᠶ ᠠᠰᠠᠭᠤᠳᠠᠯ ᠳᠤ ᠴᠢᠭᠯᠡᠭᠦᠯᠦᠨ᠂ ᠪᠣᠳᠠᠲᠠᠶ ᠳᠦᠷᠢᠮ ᠲᠥᠯᠥᠪᠵᠢᠭᠦᠯᠭᠡ ᠶᠢ ᠲᠣᠭᠲᠠᠭᠠᠨ ᠨᠡᠶᠢᠲᠡᠯᠡᠵᠦ᠂ ᠥᠩᠭᠡᠨ ᠲᠠᠯ᠎ᠠ ᠪᠠ ᠦᠨᠳᠦᠰᠦᠨ ᠠᠴᠠ ᠨᠢ  ᠵᠡᠷᠬᠡ ᠪᠠᠷ ᠵᠠᠰᠠᠵᠤ᠂ ᠶᠡᠷᠦᠩᠬᠡᠶᠢᠯᠡᠨ ᠵᠠᠰᠠᠵᠤ᠂ ᠤᠷᠲᠤ ᠬᠤᠭᠤᠴᠠᠭᠠᠨ ᠤ ᠪᠦᠲᠦᠮᠵᠢᠲᠡᠶ ᠬᠠᠮᠢᠶᠠᠷᠤᠨ ᠡᠵᠡᠮᠳᠡᠬᠦ ᠲᠣᠭᠲᠠᠴᠠ ᠶᠢ ᠪᠦᠷᠢᠨᠰᠢᠭᠦᠯᠵᠦ᠂ ᠠᠮᠤᠷ ᠲᠦᠪᠰᠢᠨ ᠤ ᠮᠥᠨ ᠴᠢᠨᠠᠷ ᠤᠨ ᠬᠢᠷᠢ  ᠲᠦᠪᠰᠢᠨ ᠢ ᠳᠡᠭᠡᠭᠰᠢᠯᠡᠭᠦᠯᠬᠦ  ᠬᠡᠷᠡᠭᠳᠡᠢ᠃     ︵ᠬᠤᠶᠠᠷ︶ ᠵᠣᠬᠢᠴᠠᠭᠤᠯᠭ᠎ᠠ ᠪᠠᠨ ᠴᠢᠩᠭᠠᠳᠬᠠᠵᠤ᠂ ᠮᠡᠳᠡᠭᠡ ᠵᠠᠩᠭᠢ ᠶᠢᠨ ᠰᠠᠭᠠᠳ ᠦᠭᠡᠶ ᠨᠡᠪᠲᠡᠷᠡᠬᠦ ᠶᠢ ᠦᠨᠡᠨᠬᠦ ᠪᠠᠲᠤᠯᠠᠬᠤ ᠬᠡᠷᠡᠭᠲᠡᠶ᠃ ᠡᠯ᠎ᠡ ᠵᠡᠭᠡᠯᠢ ᠭᠤᠳᠤᠮᠵᠢ ᠪᠠᠯᠭᠠᠰᠤ ᠦᠨᠳᠦᠰᠦᠨ ᠱᠠᠲᠤᠨ ᠤ ᠭᠠᠯ ᠢ ᠰᠡᠷᠬᠡᠶᠢᠯᠡᠵᠤ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠭᠤᠯᠤᠯᠲᠠ ᠶᠢ ᠴᠢᠩᠭᠠᠳᠬᠠᠬᠤ ᠪᠣᠯ ᠨᠢᠭᠡ ᠵᠦᠢᠯ ᠤᠨ ᠴᠢᠬᠤᠯᠠ ᠠᠵᠢᠯ ᠪᠣᠯᠬᠤ ᠶᠢ ᠭᠦᠢᠴᠡᠳ ᠲᠠᠨᠢᠵᠤ᠂ ᠦᠨᠳᠦᠰᠦᠨ ᠱᠠᠲᠤᠨ ᠤ ᠭᠠᠯ ᠢ ᠰᠡᠷᠭᠡᠶᠢᠯᠡᠬᠦ ᠠᠮᠤᠷ ᠲᠦᠪᠰᠢᠨ ᠤ ᠵᠦᠪᠯᠡᠯ ᠤᠨ ᠪᠠᠶᠢᠭᠤᠯᠤᠯᠲᠠ ᠶᠢ ᠨᠠᠷᠢᠨ ᠬᠢᠨᠠᠮᠠᠭᠠᠶ ᠪᠡᠶᠡᠯᠡᠭᠦᠯᠵᠦ᠂ ᠤᠷᠲᠤ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠲᠣᠭᠲᠠᠴᠠ ᠶᠢ ᠪᠦᠷᠢᠯᠳᠦᠬᠦᠯᠬᠦ ᠶᠢᠨ ᠬᠠᠮᠲᠤ ᠪᠠᠶᠢᠭᠤᠯᠵᠤ᠂ ᠪᠦᠬᠦ ᠲᠤᠭᠤᠷᠢᠭ ᠤᠨ ᠦᠨᠳᠦᠰᠦᠨ ᠱᠠᠲᠤᠨ ᠤ ᠡᠴᠦᠰ  ᠤᠨ ᠦᠷᠳᠡᠭᠡ ᠶᠢᠨ ᠭᠠᠯ ᠢ ᠰᠡᠷᠬᠡᠶᠢᠯᠡᠵᠤ ᠭᠠᠯ ᠤᠨᠲᠠᠷᠠᠭᠠᠬᠤ ᠵᠠᠰᠠᠯᠲᠠ ᠶᠢᠨ ᠬᠢᠷᠢ ᠲᠦᠪᠰᠢᠨ ᠢ ᠲᠦᠷᠭᠡᠳᠬᠡᠨ ᠳᠡᠭᠡᠭᠰᠢᠯᠡᠭᠦᠯᠬᠦ ᠬᠡᠷᠡᠭᠲᠡᠶ᠃      ᠭᠤᠷᠪᠠ᠂ ᠭᠤᠣᠯ ᠡᠭᠦᠷᠭᠡ      ᠡᠯ᠎ᠡ ᠪᠠᠯᠭᠠᠰᠤ ︵ᠵᠡᠭᠡᠯᠢ ᠭᠤᠳᠤᠮᠵᠢ︶ ᠨᠢ ᠭᠠᠯ ᠢ ᠰᠡᠷᠭᠡᠶᠢᠯᠡᠬᠦ ᠠᠮᠤᠷ ᠲᠦᠪᠰᠢᠨ ᠤ ᠵᠥᠪᠯᠡᠯ ᠢ    ᠪᠠᠶᠢᠭᠤᠯᠵᠤ᠂  ᠬᠠᠷᠢᠶ᠎ᠠ ᠣᠷᠣᠨ ᠤ ᠳᠣᠲᠣᠷᠠᠬᠢ ᠬᠦᠳᠡᠭᠡ ᠲᠤᠰᠬᠤᠨ ᠮᠠᠯᠵᠢᠬᠤ ᠣᠷᠣᠨ᠂ ᠡᠯ᠎ᠡ ᠰᠠᠯᠠᠭ᠎ᠠ ᠮᠥᠴᠢᠷ ᠤᠨ ᠲᠣᠮᠢᠯᠠᠨ ᠰᠠᠭᠤᠯᠭᠠᠭᠰᠠᠨ ᠪᠠᠶᠢᠭᠤᠯᠤᠮᠵᠢ ᠶᠢᠨ ᠭᠠᠯ ᠢ ᠰᠡᠷᠭᠡᠶᠢᠯᠡᠬᠦ ᠠᠵᠢᠯ ᠢ ᠵᠢᠯᠣᠭᠤᠳᠤᠨ ᠵᠣᠬᠢᠴᠠᠭᠤᠯᠬᠤ᠂ ᠬᠢᠨᠠᠯᠲᠠ ᠳᠡᠯᠪᠢᠨ ᠪᠠᠶᠢᠴᠠᠭᠠᠬᠤ᠂ ᠲᠣᠭᠤᠷᠢᠨ ᠪᠠᠶᠢᠴᠠᠭᠠᠵᠤ ᠰᠢᠯᠭᠠᠨ ᠬᠢᠨᠠᠬᠤ ᠡᠭᠦᠷᠭᠡ ᠴᠢᠳᠠᠪᠤᠷᠢ ᠶᠢ ᠬᠠᠷᠢᠭᠤᠴᠠᠨ᠎ᠠ᠃ ᠡᠯ᠎ᠡ ᠪᠠᠯᠭᠠᠰᠤ ︵ᠵᠡᠭᠡᠯᠢ ᠭᠤᠳᠤᠮᠵᠢ︶ ᠶᠢᠨ ᠭᠠᠯ ᠢ ᠰᠡᠷᠭᠡᠶᠢᠯᠡᠬᠦ ᠠᠮᠤᠷ ᠲᠦᠪᠰᠢᠨ ᠤ ᠵᠥᠪᠯᠡᠯ ᠤᠨ ᠠᠯᠪᠠᠨ ᠬᠡᠷ ᠢ ᠭᠠᠯ ᠢ ᠰᠡᠷᠬᠡᠶᠢᠯᠡᠵᠤ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠨ ᠵᠢᠯᠣᠭᠤᠳᠬᠤ ᠲᠥᠪ ︵ᠭᠠᠯ ᠢ ᠰᠡᠷᠬᠡᠶᠢᠯᠡᠵᠤ ᠭᠠᠯ ᠤᠨᠲᠠᠷᠠᠭᠠᠬᠤ ᠠᠵᠢᠯᠯᠠᠬᠤ ᠥᠷᠲᠡᠭᠡ︶ ᠲᠤ ᠪᠠᠶᠢᠭᠤᠯᠵᠤ ᠪᠣᠯᠤᠨ᠎ᠠ᠃     ᠳᠥᠷᠪᠡ᠂ ᠪᠡᠶᠡᠯᠡᠭᠦᠯᠬᠦ ᠴᠠᠭ ᠤᠨ ᠬᠢᠵᠠᠭᠠᠷ       2023 ᠣᠨ ᠤ 7 ᠰᠠᠷ᠎ᠠ ᠶᠢᠨ ᠡᠴᠦᠰ ᠪᠤᠯᠳᠠᠯ᠎ᠠ᠃     ᠲᠠᠪᠤ᠂ ᠭᠤᠣᠯ ᠪᠤᠯᠬᠤ ᠠᠵᠢᠯ ᠤᠨ ᠡᠭᠦᠷᠭᠡ ᠬᠠᠷᠢᠭᠤᠴᠠᠯᠭ᠎ᠠ     ︵ᠨᠢᠭᠡ︶ ᠭᠠᠯ ᠢ ᠰᠡᠷᠬᠡᠶᠢᠯᠡᠵᠤ ᠭᠠᠯ ᠤᠨᠲᠠᠷᠠᠭᠠᠬᠤ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃     ︵ᠬᠤᠶᠠᠷ︶ ᠡᠯ᠎ᠡ ᠪᠠᠯᠭᠠᠰᠤ ︵ᠵᠡᠭᠡᠯᠢ ᠭᠤᠳᠤᠮᠵᠢ︶ ᠶᠢᠨ ᠲᠤᠰᠬᠠᠶ ᠲᠤᠰᠢᠶᠠᠯᠲᠤ ︵ᠰᠠᠶᠢᠨ ᠳᠤᠷ᠎ᠠ ᠶᠢᠨ︶ ᠭᠠᠯ ᠤᠨᠲᠠᠷᠠᠭᠠᠬᠤ ᠠᠩᠭᠢ᠂ ᠭᠠᠴᠠᠭ᠎ᠠ ᠲᠣᠰᠬᠤᠨ ᠨᠡᠶᠢᠭᠡᠮ ᠲᠣᠭᠤᠷᠢᠭ ᠤᠨ ᠵᠢᠵᠢᠭ ᠬᠡᠯᠪᠡᠷᠢ ᠶᠢᠨ ᠭᠠᠯ ᠢ ᠰᠡᠷᠬᠡᠶᠢᠯᠡᠵᠤ ᠭᠠᠯ ᠤᠨᠲᠠᠷᠠᠭᠠᠬᠤ ᠥᠷᠲᠡᠭᠡ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠠᠵᠢᠯᠲᠠᠨ᠂ ᠲᠡᠷᠭᠡ ᠬᠥᠰᠬᠡ᠂ ᠵᠠᠷᠤᠳᠠᠯ ᠪᠣᠯᠤᠨ ᠲᠣᠰᠣᠯᠢᠭ ᠮᠠᠲ᠋ᠧᠷᠢᠶᠠᠯ ᠵᠡᠷᠭᠡ ᠶᠢᠨ ᠬᠡᠷᠡᠭᠴᠡᠭᠡ ᠶᠢ ᠪᠠᠳᠤᠯᠠᠨ᠎ᠠ᠃     ︵ᠭᠤᠷᠪᠠ︶  ᠭᠠᠯ ᠢ ᠰᠡᠷᠬᠡᠶᠢᠯᠡᠵᠤ ᠭᠠᠯ ᠤᠨᠳᠠᠷᠠᠭᠠᠬᠤ ᠠᠮᠤᠷ ᠲᠦᠪᠰᠢᠨ ᠤ ᠲᠤᠰᠬᠠᠢ ᠵᠠᠰᠠᠯᠳᠠ ᠪᠠ ᠭᠠᠯ ᠢ ᠰᠡᠷᠬᠡᠶᠢᠯᠡᠵᠤ ᠭᠠᠯ ᠤᠨᠳᠠᠷᠠᠭᠠᠬᠤ ᠠᠮᠤᠷ ᠲᠦᠪᠰᠢᠨ ᠤ ᠪᠠᠶᠢᠩᠭᠤᠵᠢᠬᠰᠠᠨ ᠪᠠᠶᠢᠴᠠᠭᠠᠯᠲᠠ᠂ ᠲᠣᠭᠤᠷᠢᠨ ᠪᠠᠶᠢᠴᠠᠭᠠᠯᠳᠠ  ᠢ ᠵᠣᠬᠢᠴᠠᠭᠤᠯᠤᠨ ᠥᠷᠨᠢᠭᠦᠯᠵᠦ  ᠂ ᠭᠠᠯ ᠤᠨ ᠭᠠᠮᠰᠢᠭ ᠤᠨ ᠬᠡᠮ ᠰᠣᠭᠤᠭ ᠢ ᠠᠷᠢᠯᠭᠠᠬᠤ ᠶᠢ  ᠱᠠᠯᠠᠪᠳᠠᠭᠤᠯᠤᠨ᠎ᠠ᠃     ︵ᠳᠥᠷᠪᠡ︶ ᠬᠠᠷᠢᠶ᠎ᠠ ᠣᠷᠣᠨ ᠤ ᠪᠠᠨ ᠭᠠᠯ ᠢ ᠰᠡᠷᠬᠡᠶᠢᠯᠡᠵᠤ ᠭᠠᠯ ᠤᠨᠳᠠᠷᠠᠭᠠᠬᠤ ᠠᠮᠤᠷ ᠲᠦᠪᠰᠢᠨ ᠤ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠰᠤᠳᠤᠯᠤᠨ ᠮᠠᠭᠠᠳᠯᠠᠵᠤ᠂ ᠡᠯ᠎ᠡ ᠪᠠᠯᠭᠠᠰᠤ ︵ᠵᠡᠭᠡᠯᠢ ᠭᠤᠳᠤᠮᠵᠢ︶ ᠶᠢᠨ ᠰᠢᠶᠳᠪᠦᠷᠢᠲᠦ ᠪᠣᠳᠣᠯᠭ᠎ᠠ ᠲᠣᠭᠲᠠᠭᠠᠬᠤ ᠳᠤ ᠦᠨᠳᠦᠰᠦᠯᠡᠯ ᠬᠠᠩᠭᠠᠨ᠎ᠠ᠃     ︵ᠲᠠᠪᠤ︶ ᠬᠠᠷᠢᠶ᠎ᠠ ᠣᠷᠣᠨ ᠤ ᠪᠠᠨ ᠭᠠᠯ ᠢ ᠰᠡᠷᠬᠡᠶᠢᠯᠡᠵᠤ ᠭᠠᠯ ᠤᠨᠳᠠᠷᠠᠭᠠᠬᠤ ᠠᠮᠤᠷ ᠲᠦᠪᠰᠢᠨ ᠤ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠱᠠᠯᠠᠪᠳᠠᠭᠤᠯᠵᠤ᠂ ᠭᠠᠯ ᠢ ᠰᠡᠷᠬᠡᠶᠢᠯᠡᠵᠤ ᠭᠠᠯ ᠤᠨᠳᠠᠷᠠᠭᠠᠬᠤ ᠠᠮᠤᠷ ᠲᠦᠪᠰᠢᠨ ᠤ ᠠᠳᠠᠯ ᠤᠨ ᠬᠠᠷᠢᠭᠤᠴᠠᠯᠭ᠎ᠠ ᠶᠢᠨ ᠲᠤᠬᠠᠢ ᠪᠠᠶᠢᠴᠠᠭᠠᠯᠲᠠ ᠶᠢ ᠬᠠᠮᠵᠢᠨ ᠥᠷᠨᠢᠭᠦᠯᠦᠨ᠎ᠡ᠃     ︵ᠵᠢᠷᠭᠤᠭ᠎ᠠ︶ ᠬᠠᠷᠢᠶ᠎ᠠ ᠣᠷᠣᠨ ᠤ ᠡᠯ᠎ᠡ ᠲᠥᠷᠥᠯ ᠤᠨ ᠲᠠᠯᠠᠪᠤᠷ ᠭᠠᠵᠠᠷ ᠤᠨ ᠡᠬᠡ ᠲᠠᠩᠰᠠ᠂ ᠲᠤᠰᠬᠠᠶ ᠴᠡᠭᠴᠡᠯᠡᠨ ᠵᠠᠰᠠᠬᠤ ᠮᠠᠲ᠋ᠧᠷᠢᠶᠠᠯ᠂ ᠡᠳᠦᠷ ᠲᠤᠲᠤᠮ ᠤᠨ ᠪᠠᠶᠢᠴᠠᠭᠠᠯᠲᠠ ᠲᠣᠭᠤᠷᠢᠨ ᠪᠠᠶᠢᠴᠠᠭᠠᠯᠲᠠ ᠶᠢᠨ ᠲᠡᠮᠳᠡᠭᠯᠡᠯ᠂ ᠭᠠᠯ ᠢ ᠰᠡᠷᠬᠡᠶᠢᠯᠡᠵᠤ ᠭᠠᠯ ᠤᠨᠳᠠᠷᠠᠭᠠᠬᠤ ᠠᠮᠤᠷ ᠲᠦᠪᠰᠢᠨ ᠤ ᠠᠮᠠᠯᠠᠯᠲᠠ ᠶᠢᠨ ᠪᠢᠴᠢᠭ᠂ ᠡᠯ᠎ᠡ ᠪᠠᠯᠭᠠᠰᠤ ︵ᠵᠡᠭᠡᠯᠢ ᠭᠤᠳᠤᠮᠵᠢ︶ ᠶᠢᠨ ᠲᠤᠰᠬᠠᠶ ᠲᠤᠰᠢᠶᠠᠯᠲᠤ ︵ᠰᠠᠶᠢᠨ ᠳᠤᠷ᠎ᠠ ᠶᠢᠨ︶ ᠭᠠᠯ ᠤᠨᠲᠠᠷᠠᠭᠠᠬᠤ ᠠᠩᠭᠢ ᠪᠠ ᠭᠠᠴᠠᠭ᠎ᠠ ᠲᠣᠰᠬᠤᠨ ᠨᠡᠶᠢᠭᠡᠮ ᠲᠣᠭᠤᠷᠢᠭ ᠤᠨ ᠵᠢᠵᠢᠭ ᠬᠡᠯᠪᠡᠷᠢ ᠶᠢᠨ ᠭᠠᠯ ᠢ ᠰᠡᠷᠬᠡᠶᠢᠯᠡᠵᠤ ᠭᠠᠯ ᠤᠨᠲᠠᠷᠠᠭᠠᠬᠤ ᠥᠷᠲᠡᠭᠡ ᠶᠢᠨ ᠦᠨᠳᠦᠰᠦᠨ ᠪᠠᠶᠢᠳᠠᠯ ᠤᠨ ᠡᠬᠡ ᠲᠠᠩᠰᠠ᠂ ᠭᠠᠯ ᠢ ᠰᠡᠷᠬᠡᠶᠢᠯᠡᠵᠤ ᠭᠠᠯ ᠤᠨᠲᠠᠷᠠᠭᠠᠬᠤ ᠤᠬᠠᠭᠤᠯᠭ᠎ᠠ ᠪᠣᠯᠪᠠᠰᠤᠷᠠᠭᠤᠯᠤᠯ ᠪᠠ ᠭᠠᠯ ᠤᠨᠳᠠᠷᠠᠭᠠᠵᠤ ᠬᠦᠮᠦᠰ ᠢ ᠵᠠᠶᠢᠯᠠᠭᠤᠯᠤᠨ ᠲᠠᠷᠬᠠᠭᠠᠬᠤ ᠰᠣᠷᠢᠯᠲᠠ ᠶᠢᠨ ᠲᠡᠮᠳᠡᠭᠯᠡᠯ ᠢ ᠪᠠᠶᠢᠭᠤᠯᠤᠨ ᠪᠦᠷᠢᠨᠰᠢᠭᠦᠯᠦᠨ᠎ᠡ᠃      ︵ᠳᠣᠯᠤᠭ᠎ᠠ︶ ᠭᠠᠯ ᠢ ᠰᠡᠷᠬᠡᠶᠢᠯᠡᠵᠤ ᠭᠠᠯ ᠤᠨᠲᠠᠷᠠᠭᠠᠬᠤ ᠤᠬᠠᠭᠤᠯᠭ᠎ᠠ ᠶᠢᠨ ︽ᠲᠠᠪᠤ ᠳᠤ ᠣᠷᠣᠬᠤ︾ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ᠎ᠠ᠃ ᠭᠠᠯ ᠤᠨ ᠠᠶᠤᠯ ᠣᠯᠠᠨ ᠡᠭᠦᠰᠬᠦ ᠤᠯᠠᠷᠢᠯ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠪᠣᠯᠤᠨ ᠴᠢᠬᠤᠯᠠ ᠶᠡᠭᠡ ᠠᠵᠢᠯᠯᠠᠭ᠎ᠠ ᠦᠷᠨᠢᠬᠦᠯᠬᠦ ᠬᠤᠭᠤᠴᠠᠭᠠᠨ ᠳᠤ ᠭᠠᠯ ᠢ ᠰᠡᠷᠬᠡᠶᠢᠯᠡᠵᠤ ᠭᠠᠯ ᠤᠨᠲᠠᠷᠠᠭᠠᠬᠤ ᠤᠬᠠᠭᠤᠯᠭ᠎ᠠ ᠬᠥᠮᠦᠵᠢᠯ ᠢ ᠥᠷᠨᠢᠭᠦᠯᠵᠦ᠂ ᠭᠠᠯ ᠢ ᠰᠡᠷᠭᠡᠶᠢᠯᠡᠵᠦ ᠭᠠᠯ ᠤᠨᠲᠠᠷᠠᠭᠠᠬᠤ ᠪᠠ ᠠᠶᠤᠯ ᠠᠴᠠ ᠵᠠᠶᠢᠯᠠᠵᠤ ᠥᠪᠡᠷ ᠢ ᠪᠠᠨ ᠠᠪᠤᠷᠠᠬᠤ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠦᠨ᠎ᠡ᠃       ︵ ᠨᠠᠢᠮᠠ︶ ᠳᠡᠭᠡᠳᠦ ᠱᠠᠲᠤᠨ ᠤ ᠭᠠᠯ ᠰᠡᠷᠭᠡᠶᠢᠯᠡᠬᠦ ᠠᠮᠤᠷ ᠲᠦᠪᠰᠢᠨ ᠤ  ᠵᠦᠪᠯᠡᠯ ᠤᠨ ᠲᠣᠬᠢᠷᠠᠭᠤᠯᠤᠭᠰᠠᠨ ᠪᠤᠰᠤᠳ ᠠᠵᠢᠯ ᠤᠨ ᠡᠭᠦᠷᠭᠡ ᠶᠢ ᠪᠡᠶᠡᠯᠡᠭᠦᠯᠦᠨ᠎ᠡ᠃       ᠵᠢᠷᠭᠤᠭ᠎ᠠ᠂ ᠠᠵᠢᠯ ᠤᠨ ᠱᠠᠭᠠᠷᠳᠠᠯᠭ᠎ᠠ      ︵ᠨᠢᠭᠡ︶ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠬᠤ ᠬᠡᠷᠡᠭᠲᠡᠶ᠃ ᠦᠨᠳᠦᠰᠦᠨ ᠱᠠᠲᠤᠨ ᠤ ᠭᠠᠯ ᠢ ᠰᠡᠷᠭᠡᠶᠢᠯᠡᠬᠦ ᠠᠮᠤᠷ ᠲᠦᠪᠰᠢᠨ ᠤ ᠵᠥᠪᠯᠡᠯ ᠢ ᠪᠠᠶᠢᠭᠤᠯᠵᠤ᠂ ᠡᠯ᠎ᠡ ᠪᠠᠯᠭᠠᠰᠤ ︵ᠵᠡᠭᠡᠯᠢ ᠭᠤᠳᠤᠮᠵᠢ︶ ᠶᠢᠨ ᠭᠤᠤᠯ ᠬᠠᠷᠢᠭᠤᠴᠠᠯᠭᠠᠲᠠᠨ ᠢ ᠨᠢᠭᠡᠳᠦᠭᠡᠷ ᠬᠠᠷᠢᠭᠤᠴᠠᠯᠭᠠᠲᠠᠨ ᠢᠶᠠᠷ ᠲᠣᠭᠲᠠᠭᠠᠵᠤ᠂ ᠭᠠᠯ ᠢ ᠰᠡᠷᠬᠡᠶᠢᠯᠡᠵᠤ ᠭᠠᠯ ᠤᠨᠲᠠᠷᠠᠭᠠᠬᠤ ᠠᠵᠢᠯ ᠢ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ ᠢᠶᠠᠷ ᠪᠣᠳᠠᠲᠠᠶ ᠬᠠᠷᠢᠭᠤᠴᠠᠯᠭᠠᠲᠠᠨ ᠪᠣᠯᠭᠠᠵᠤ᠂ ᠭᠤᠤᠯ ᠤᠳᠤᠷᠢᠳᠤᠯᠭ᠎ᠠ ᠪᠡᠶ᠎ᠡ ᠪᠠᠷ ᠢᠶᠠᠨ ᠠᠳᠬᠤᠬᠤ᠂ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠪᠣᠳᠠᠲᠠᠶ ᠠᠳᠬᠤᠬᠤ ᠶᠢ ᠴᠢᠩᠭ᠎ᠠ ᠭᠦᠶᠴᠡᠳᠬᠡᠬᠦ ᠬᠡᠷᠡᠭᠲᠡᠶ᠃ ᠡᠯ᠎ᠡ ᠭᠠᠴᠠᠭ᠎ᠠ ︵ᠨᠡᠶᠢᠭᠡᠮ ᠲᠣᠭᠤᠷᠢᠭ︶ ᠴᠤ ᠬᠠᠷᠠᠭᠠᠯᠵᠠᠬᠰᠠᠨ ᠵᠣᠬᠢᠶᠠᠨ ᠪᠠᠶᠢᠭᠤᠯᠤᠯᠲᠠ ᠶᠢ ᠪᠠᠶᠢᠭᠤᠯᠵᠤ᠂ ᠭᠤᠣᠯ ᠤᠳᠤᠷᠢᠳᠤᠯᠭ᠎ᠠ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂ ᠡᠯ᠎ᠡ ᠵᠦᠢᠯ ᠤᠨ ᠠᠵᠢᠯ ᠢᠶᠠᠨ ᠥᠷᠨᠢᠭᠦᠯᠬᠦ ᠶᠢ ᠨᠢᠭᠡᠳᠦᠯᠲᠡᠢ ᠲᠦᠯᠦᠪᠵᠢᠬᠦᠯᠬᠦ ᠬᠡᠷᠡᠭᠲᠡᠢ᠃      ︵ᠬᠤᠶᠠᠷ︶ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠬᠤ ᠬᠡᠷᠡᠭᠳᠡᠢ᠃ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ ᠳᠠᠶᠢᠴᠢᠯᠠᠯᠲᠠ ᠪᠠᠶᠢᠷᠢᠯᠠᠭᠤᠯᠤᠯᠲᠠ ᠬᠢᠵᠦ᠂ ᠡᠯ᠎ᠡ ᠱᠠᠲᠤ᠂ ᠡᠯ᠎ᠡ ᠰᠠᠯᠠᠭ᠎ᠠ ᠮᠥᠴᠢᠷ ᠤᠨ ᠡᠭᠦᠷᠭᠡ ᠶᠢ ᠲᠣᠳᠣᠷᠬᠠᠶᠢᠯᠠᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠳᠡᠢ︔ ᠡᠯ᠎ᠡ ᠵᠦᠶᠯ ᠤᠨ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠬᠠᠷᠢᠭᠤᠴᠠᠯᠭᠠᠳᠤ ᠰᠠᠯᠠᠭ᠎ᠠ ᠮᠥᠴᠢᠷ ᠢ ᠲᠣᠳᠣᠷᠬᠠᠶᠢᠯᠠᠨ᠂ ᠬᠠᠷᠢᠭᠤᠴᠠᠯᠭᠠᠲᠠᠨ ᠢ ᠲᠣᠭᠲᠠᠭᠠᠬᠤ ᠬᠡᠷᠡᠭᠲᠡᠶ᠃ ᠪᠣᠳᠠᠲᠠᠶ ᠠᠵᠢᠯ ᠢ ᠦᠨᠳᠦᠰᠦᠨ ᠱᠠᠲᠤᠨ ᠤ ᠭᠠᠯ ᠢ ᠰᠡᠷᠭᠡᠶᠢᠯᠡᠬᠦ ᠠᠮᠤᠷ ᠲᠦᠪᠰᠢᠨ ᠤ ᠵᠥᠪᠯᠡᠯ ᠲᠦᠷᠦᠭᠦᠯᠡᠨ ᠬᠢᠵᠦ᠂ ᠲᠤᠰᠬᠠᠶ ᠬᠥᠮᠦᠨ ᠲᠣᠭᠲᠠᠭᠠᠨ ᠬᠠᠷᠢᠭᠤᠴᠠᠭᠤᠯᠬᠤ ᠬᠡᠷᠡᠭᠲᠡᠶ᠃ ᠡᠯ᠎ᠡ ᠵᠦᠢᠯ ᠤᠨ ᠥᠷᠨᠢᠭᠦᠯᠦᠭᠰᠡᠨ ᠪᠠᠶᠢᠳᠠᠯ ᠳᠤ ᠲᠤᠰᠬᠠᠶ ᠳᠠᠩᠰᠠ ᠡᠪᠬᠡᠮᠡᠯ ᠪᠠᠶᠢᠭᠤᠯᠵᠤ᠂ ᠨᠢᠭᠡᠳᠦᠯᠲᠡᠶ ᠬᠠᠮᠢᠶᠠᠷᠬᠤ ᠬᠡᠷᠡᠭᠲᠡᠶ᠃      ︵ᠭᠤᠷᠪᠠ︶ ᠬᠢᠨᠠᠨ ᠵᠢᠯᠣᠭᠤᠳᠴᠤ ᠪᠠᠶᠢᠴᠠᠭᠠᠬᠤ ᠶᠢ ᠴᠢᠩᠳᠠᠯᠠᠬᠤ ᠬᠡᠷᠡᠭᠲᠡᠶ᠃ ᠳᠡᠭᠡᠳᠦ ᠱᠠᠲᠤᠨ ᠤ ᠭᠠᠯ ᠢ ᠰᠡᠷᠭᠡᠶᠢᠯᠡᠬᠦ ᠠᠮᠤᠷ ᠲᠦᠪᠰᠢᠨ ᠤ ᠵᠥᠪᠯᠡᠯ ᠠᠴᠠ ᠠᠵᠢᠯ ᠢᠶᠠᠨ ᠥᠷᠨᠢᠭᠦᠯᠵᠦ ᠪᠠᠶᠢᠭ᠎ᠠ ᠪᠠᠶᠢᠳᠠᠯ ᠢ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠱᠠᠯᠠᠪᠳᠠᠭᠤᠯᠤᠨ ᠵᠢᠯᠤᠭᠤᠳᠤᠨ ᠪᠠᠶᠢᠴᠠᠭᠠᠵᠤ᠂ ᠠᠵᠢᠯ ᠢᠶᠠᠨ ᠠᠬᠢᠭᠤᠯᠤᠬᠰᠠᠨ ᠠᠬᠢᠴᠠ ᠲᠠᠢ ᠪᠠᠶᠢᠬᠤ᠂ ᠡᠷᠴᠢᠮ ᠲᠠᠢ ᠥᠷᠨᠢᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠡᠯ᠎ᠡ ᠦᠨᠳᠦᠰᠦᠨ ᠱᠠᠲᠤᠨ ᠤ ᠭᠠᠯ ᠢ ᠰᠡᠷᠭᠡᠶᠢᠯᠡᠬᠦ ᠠᠮᠤᠷ ᠲᠦᠪᠰᠢᠨ ᠤ ᠵᠥᠪᠯᠡᠯ ᠠᠵᠢᠯ ᠤᠨ ᠶᠠᠪᠤᠴᠠ ᠳᠠᠬᠢ ᠲᠤᠷᠰᠢᠯᠭ᠎ᠠ ᠪᠠᠨ ᠨᠠᠷᠢᠨ ᠬᠢᠨᠠᠮᠠᠭᠠᠶ ᠳ᠋ᠦᠩᠨᠡᠨ ᠵᠠᠳᠠᠯᠵᠤ᠂ ᠬᠠᠷᠠᠭᠠᠯᠵᠠᠬᠰᠠᠨ ᠳᠦᠷᠢᠮ ᠪᠠ ᠠᠷᠭ᠎ᠠ ᠬᠡᠮᠵᠢᠶ᠎ᠡ ᠶᠢ ᠲᠣᠭᠲᠠᠭᠠᠨ᠂ ᠤᠷᠲᠤ ᠬᠤᠭᠤᠴᠠᠭᠠᠨ ᠤ ᠪᠦᠲᠦᠮᠵᠢᠲᠡᠶ ᠠᠵᠢᠯ ᠤᠨ ᠲᠣᠭᠲᠠᠴᠠ ᠶᠢ ᠪᠦᠷᠢᠯᠳᠦᠬᠦᠯᠵᠤ᠂ ᠠᠵᠢᠯ ᠤᠨ ᠦᠷᠭᠦᠯᠵᠢᠯᠡᠨ ᠤᠷᠤᠬᠰᠢ ᠠᠬᠢᠬᠤ ᠶᠢ ᠦᠨᠡᠨᠬᠦ ᠪᠠᠲᠤᠯᠠᠨ᠂ ᠭᠠᠯ ᠢ ᠰᠡᠷᠬᠡᠶᠢᠯᠡᠵᠤ ᠭᠠᠯ ᠤᠨᠲᠠᠷᠠᠭᠠᠬᠤ ᠠᠮᠤᠷ ᠲᠦᠪᠰᠢᠨ ᠤ ᠬᠢᠷᠢ  ᠲᠦᠪᠰᠢᠨ ᠢ  ᠪᠦᠲᠦᠮᠵᠢᠲᠡᠶ ᠰᠠᠶᠢᠵᠢᠷᠠᠭᠤᠯᠬᠤ ᠪᠠ ᠳᠡᠭᠡᠭᠰᠢᠯᠡᠭᠦᠯᠬᠦ ᠬᠡᠷᠡᠭᠲᠡᠶ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号