9 ᠰᠠᠷ᠎ᠠ ᠶᠢᠨ 15 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ | ᠳᠤᠭᠤᠶᠢᠯᠠᠩ ᠬᠠᠮᠲᠤ ᠶᠢᠨ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠬᠢᠪᠡ᠃ | | | ᠰᠤᠷᠤᠯᠴᠠᠯᠭ᠎ᠠ ᠶᠢᠨ ᠬᠤᠷᠠᠯ ᠠᠴᠠ ᠥᠪᠥᠷ ᠮᠣᠩᠭᠤᠯ ᠤᠨ ᠨᠡᠶᠢᠭᠡᠮ ᠵᠢᠷᠤᠮ ᠤᠨ ᠳᠡᠭᠡᠳᠦ ᠰᠤᠷᠭᠠᠭᠤᠯᠢ ᠶᠢᠨ | ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠵᠠᠬᠢᠷᠤᠯ ᠵᠤᠤ ᠵᠢᠩ ᠬᠤᠸᠠ ᠶᠢ ᠤᠷᠢᠵᠤ | ᠲᠤᠰᠬᠠᠢ ᠰᠡᠳᠦᠪᠲᠦ ᠲᠠᠶᠢᠯᠤᠮᠵᠢ ᠬᠢᠯᠭᠡᠪᠡ᠃ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠵᠠᠩ ᠭᠦᠸᠧ ᠴᠢᠶᠠᠩ ᠰᠤᠷᠤᠯᠴᠠᠯᠭ᠎ᠠ ᠶᠢᠨ ᠬᠤᠷᠠᠯ ᠢ ᠡᠷᠭᠢᠯᠡᠪᠡ᠃ | ᠰᠤᠷᠤᠯᠴᠠᠯᠭ᠎ᠠ ᠶᠢᠨ ᠬᠤᠷᠠᠯ ᠳᠡᠭᠡᠷ᠎ᠡ᠂ ᠵᠤᠤ ᠵᠢᠩ ᠬᠤᠸᠠ ︽ᠨᠠᠮ ᠤᠨ ᠬᠤᠷᠢᠳᠤᠭᠠᠷ ᠶᠡᠭᠡ ᠬᠤᠷᠠᠯ ᠤᠨ | ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠥᠪᠥᠷ | ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠴᠢᠷᠮᠠᠶᠢᠨ ᠪᠡᠶᠡᠯᠡᠭᠦᠯᠵᠦ ᠵᠢᠱᠢᠶᠡᠴᠢ ᠥᠪᠡᠷᠲᠡᠭᠡᠨ ᠵᠠᠰᠠᠬᠤ | ᠣᠷᠣᠨ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠤᠶ᠎ᠠ︾ ᠭᠡᠬᠦ ᠰᠡᠳᠦᠪ ᠢᠶᠠᠷ᠂ ᠭᠤᠣᠯᠳᠠᠭᠤ ᠥᠪᠥᠷ ᠮᠣᠩᠭᠤᠯ ᠤᠨ | ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠶᠢ ᠣᠨᠣᠪᠴᠢᠲᠠᠢ ᠡᠵᠡᠮᠰᠢᠬᠦ᠂ ᠶᠡᠷᠦᠩᠬᠡᠢ ᠱᠦᠵᠢ ᠰᠢ ᠶᠢᠨ | ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠴᠢᠷᠮᠠᠶᠢᠨ ᠪᠡᠶᠡᠯᠡᠭᠦᠯᠬᠦ᠂ ︽ᠵᠢᠱᠢᠶᠡᠴᠢ | ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠭᠤᠷᠪᠠᠨ ᠲᠠᠯ᠎ᠠ ᠶᠢᠨ ᠲᠤᠭᠤᠷᠢᠨ ᠳᠤ | ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠤᠮᠵᠢ ᠬᠢᠵᠦ᠂ ᠠᠭᠤᠯᠭ᠎ᠠ ᠨᠢ ᠤᠯᠤᠰ ᠲᠦᠷᠦ ᠶᠢᠨ ᠵᠣᠭᠰᠣᠴᠠ ᠪᠠᠷ | ᠥᠨᠳᠥᠷ᠂ ᠲᠤᠬᠠᠶᠢᠯᠠᠭᠰᠠᠨ ᠠᠵᠢᠯ ᠤᠨ ᠵᠢᠯᠣᠭᠤᠳᠬᠤ ᠴᠢᠨᠠᠷ ᠢᠶᠠᠷ ᠴᠢᠩᠭ᠎ᠠ ᠪᠤᠯᠤᠬᠰᠠᠨ ᠪᠠᠶᠢᠨ᠎ᠠ᠃ | ᠬᠤᠷᠠᠯ ᠠᠴᠠ᠂ ᠰᠤᠷᠤᠯᠴᠠᠯᠭ᠎ᠠ ᠪᠠ ᠤᠬᠠᠭᠤᠯᠭ᠎ᠠ ᠶᠢ ᠰᠠᠶᠢᠲᠤᠷ ᠠᠳᠬᠤᠵᠤ᠂ ᠡᠯ᠎ᠡ ᠨᠢᠭᠡᠴᠢ ᠶᠢᠨ ᠬᠢᠨ ︽ | ᠨᠢᠭᠡ ᠲᠣᠭᠲᠠᠭᠠᠯ︾᠂ ︽ᠵᠢᠷᠭᠤᠭᠠᠨ ᠲᠦᠷᠢᠮ︾ ᠤᠨ ᠰᠤᠷᠤᠯᠴᠠᠯᠭ᠎ᠠ ᠤᠬᠠᠭᠤᠯᠭ᠎ᠠ ᠶᠢᠨ ᠠᠵᠢᠯ ᠢ ᠨᠠᠷᠢᠨ | ᠬᠢᠨᠠᠮᠠᠭᠠᠢ ᠵᠣᠬᠢᠶᠠᠨ ᠪᠠᠶᠢᠭᠤᠯᠤᠨ ᠥᠷᠨᠢᠭᠦᠯᠵᠦ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠶᠢᠨ ᠴᠢᠬᠤᠯᠠ | ᠶᠡᠭᠡ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠬᠤᠶᠠᠷ ᠶᠡᠭᠡ ᠶᠠᠪᠤᠳᠠᠯ︾ ᠤᠨ ᠭᠤᠣᠯ ᠡᠭᠦᠷᠭᠡ ᠪᠣᠯᠤᠨ | ᠠᠷᠭ᠎ᠠ ᠵᠠᠮ ᠢ ᠪᠦᠬᠦ ᠲᠠᠯ᠎ᠠ ᠪᠠᠷ ᠡᠵᠡᠮᠰᠢᠵᠦ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠦᠵᠡᠯ ᠰᠠᠨᠠᠭᠠᠨ ᠤ | ᠤᠬᠠᠮᠰᠠᠷ᠂ ᠤᠯᠤᠰ ᠲᠦᠷᠦ ᠶᠢᠨ ᠤᠬᠠᠮᠰᠠᠷ ᠪᠣᠯᠤᠨ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠴᠢᠨᠠᠭᠰᠢᠳᠠ | ᠳᠡᠭᠡᠭᠰᠢᠯᠡᠭᠦᠯᠬᠦ ᠬᠡᠷᠡᠭᠲᠡᠢ᠃ ᠨᠢᠭᠡᠳᠦᠯᠲᠡᠢ ᠲᠦᠯᠦᠪᠵᠢᠬᠦᠯᠦᠨ ᠰᠦᠪᠡᠭᠴᠢᠯᠡᠬᠦ ᠪᠠᠨ ᠴᠢᠩᠭᠠᠳᠬᠠᠵᠤ᠂ ᠬᠤᠶᠠᠳᠤᠭᠠᠷ | ᠪᠦᠯᠦᠭ ᠤᠨ ᠭᠤᠣᠯ ᠰᠡᠳᠦᠪᠲᠦ ᠬᠥᠮᠦᠵᠢᠯ ᠲᠠᠢ ᠤᠶᠠᠯᠳᠤᠭᠤᠯᠤᠨ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ ᠢ | ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠲᠤᠬᠠᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠲᠣᠭᠲᠠᠭᠠᠯ︾ ᠪᠠ ᠬᠤᠲᠠ ᠶᠢᠨ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠵᠢᠷᠭᠤᠳᠤᠭᠠᠷ | ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠢ | ᠦᠨᠳᠦᠰᠦᠲᠡᠨ ᠤ ᠠᠵᠢᠯ ᠤᠨ ᠬᠦᠷᠢᠶ᠎ᠡ ᠴᠠᠷᠠᠭ᠎ᠠ ᠠᠴᠠ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠵᠢᠯ | ᠲᠡᠶᠢᠰᠢ ᠤᠷᠲᠤᠳᠬᠠᠵᠤ᠂ ᠲᠡᠭᠦᠨ ᠢ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠵᠢᠯ ᠤᠨ ᠪᠦᠬᠦ | ᠬᠦᠷᠢᠶ᠎ᠡ ᠴᠠᠷᠠᠭ᠎ᠠ᠂ ᠪᠦᠬᠦ ᠲᠠᠯ᠎ᠠ᠂ ᠪᠦᠬᠦ ᠶᠠᠪᠤᠴᠠ ᠳᠤ ᠲᠤᠭᠤᠰᠢᠯᠠᠭᠤᠯᠬᠤ ᠬᠡᠷᠡᠭᠲᠡᠢ᠃ ᠡᠮᠦᠨ᠎ᠡ ᠨᠢ ᠶᠠᠪᠤᠵᠤ | ᠦᠯᠢᠬᠡᠷ ᠳᠠᠭᠤᠷᠢᠶᠠᠯ ᠪᠤᠯᠵᠤ᠂ ︽ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠤᠭᠤᠲᠤ ᠶᠢᠨ ᠪᠤᠯᠤᠳ | ᠲᠡᠮᠤᠷ ᠢ ᠪᠠᠶᠢᠭᠤᠯᠤᠬᠰᠠᠨ︾ ᠡᠨᠡ ᠬᠦ ᠬᠤᠪᠢᠰᠬᠠᠯ ᠤᠨ ᠡᠬᠢ ᠪᠠᠶᠠᠯᠢᠭ ᠢ ᠰᠠᠶᠢᠲᠤᠷ ᠠᠰᠢᠭᠯᠠᠵᠤ᠂ ᠬᠤᠪᠢᠰᠬᠠᠯ ᠤᠨ | ᠤᠳᠤᠮᠰᠢᠯ ᠢ ᠵᠠᠯᠭᠠᠮᠵᠢᠯᠠᠵᠤ᠂ ︽ᠯᠠᠪᠳᠠᠢ ᠰᠢᠢᠳᠪᠦᠷᠢᠯᠡᠬᠦ ᠠᠷᠭ᠎ᠠ ᠪᠠᠶᠢᠬᠤ ᠰᠡᠳᠬᠢᠬᠦᠢ ︾ ᠪᠠ ᠪᠣᠳᠠᠲᠠᠢ ᠠᠳᠬᠤᠵᠤ | ᠬᠢᠵᠦ ᠪᠦᠳᠦᠬᠡᠬᠦ ᠡᠷᠴᠢ ᠵᠣᠷᠢᠭ ᠢᠶᠠᠷ᠂ ︽ᠲᠤᠯᠤᠭᠠᠨ ᠲᠠᠯ᠎ᠠ ᠪᠠᠷ ᠵᠢᠱᠢᠶᠡᠴᠢ ᠪᠣᠯᠬᠤ︾ ᠳᠡᠭᠡᠷ᠎ᠡ ᠦᠨᠡᠨ ᠬᠦ ᠬᠦᠴᠦ | ᠣᠷᠣᠭᠤᠯᠵᠤ᠂ ᠪᠣᠳᠠᠲᠠᠢ ᠠᠷᠭ᠎ᠠ ᠭᠠᠷᠭᠠᠵᠤ᠂ ᠪᠣᠳᠠᠲᠠᠢ ᠦᠷ᠎ᠡ ᠪᠦᠲᠦᠮᠵᠢ ᠤᠯᠵᠤ᠂ ᠬᠥᠨᠳᠡᠯᠡᠨ ᠲᠣᠭᠤᠷᠢᠭ ᠤᠨ | ᠨᠡᠩ ᠤᠯᠠᠨ ᠦᠢᠯᠡᠳᠦᠯᠭᠡ ᠶᠢᠨ ᠲᠦᠷᠦᠯ ᠲᠡᠮᠳᠡᠭ ᠢ ᠡᠭᠦᠳᠴᠦ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ | ᠲᠠᠯ᠎ᠠ ᠪᠠᠷ ᠪᠦᠳᠦᠭᠡᠨ ᠪᠠᠶᠢᠭᠤᠯᠬᠤ ᠳᠤ ᠬᠥᠨᠳᠡᠯᠡᠨ ᠲᠣᠭᠤᠷᠢᠭ ᠤᠨ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ ᠭᠡᠵᠦ | ᠴᠢᠬᠤᠯᠠᠴᠢᠯᠠᠪᠠ᠃ | ᠲᠣᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠦᠷᠢᠯᠳᠦᠬᠦᠨ᠂ | ᠪᠦᠬᠦ ᠲᠤᠭᠤᠷᠢᠭ ᠤᠨ ᠰᠢᠶᠠᠨ ᠤ ᠱᠠᠲᠤᠨ ᠤ ᠤᠳᠤᠷᠢᠳᠤᠯᠭ᠎ᠠ᠂ ᠡᠯ᠎ᠡ ᠰᠠᠯᠠᠭ᠎ᠠ ᠮᠥᠴᠢᠷ ᠨᠢᠭᠡᠴᠢ᠂ ᠡᠯ᠎ᠡ ᠵᠡᠭᠡᠯᠢ | ᠭᠤᠳᠤᠮᠵᠢ ᠪᠠᠯᠭᠠᠰᠤ ᠶᠢᠨ ᠵᠢᠩᠬᠢᠨᠢ ᠰᠠᠯᠠᠭᠠᠨ ᠳᠡᠰ ᠤᠨ ᠤᠳᠤᠷᠢᠳᠤᠯᠭ᠎ᠠ᠂ ᠡᠯ᠎ᠡ ᠵᠡᠭᠡᠯᠢ ᠭᠤᠳᠤᠮᠵᠢ ᠪᠠᠯᠭᠠᠰᠤ ᠶᠢᠨ | ᠨᠢᠭᠡᠳᠦᠮᠡᠯ ᠹᠷᠣᠨᠲ ᠤᠨ ᠭᠡᠰᠢᠭᠦᠳ ᠬᠤᠷᠠᠯ ᠳᠤ ᠣᠷᠣᠯᠴᠠᠵᠠᠢ᠃ ︵ᠰᠤᠷᠪᠤᠯᠵᠢᠯᠠᠭᠴᠢ᠄ ᠶᠠᠨ ᠢ ᠫᠸᠢ ᠬᠢᠨᠠᠨ | ᠬᠠᠷᠭᠤᠭᠤᠯᠤᠬᠰᠠᠨ ᠨᠢ᠄ ᠲᠤᠭᠤᠷᠢᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ︶ |