ᠶᠢᠨ ᠶᠦᠩ ᠯᠢ ᠭᠤᠤᠯᠳᠠᠯᠭ᠎ᠠ ᠲᠠᠢ ᠲᠥᠷᠥᠯ ᠵᠦᠶᠯ ᠤᠨ ᠪᠦᠲᠦᠭᠡᠨ ᠪᠠᠶᠢᠭᠤᠯᠤᠯᠲᠠ ᠵᠢᠴᠢ ᠠᠶᠤᠯᠭᠦᠶ ᠦᠶᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/9/20
     9 ᠰᠠᠷ᠎ᠠ ᠶᠢᠨ 16 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠶᠦᠩ ᠯᠢ ᠭᠤᠤᠯᠳᠠᠯᠭ᠎ᠠ ᠲᠠᠢ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠵᠢᠴᠢ ᠠᠶᠤᠯᠭᠦᠶ ᠦᠶᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠪᠠ᠃      ᠶᠢᠨ ᠶᠦᠩ ᠯᠢ ᠨᠡᠷ ᠤᠷᠢᠳ ᠬᠤᠵᠢᠳ ᠭᠤᠸᠠᠩᠳᠦ᠋ᠩ ᠤᠨ ᠭᠤᠸᠠᠩ ᠱᠧᠩ ᠬᠤᠪᠢ ᠡᠵᠡᠮᠳᠡᠭᠰᠡᠨ ᠪᠦᠯᠦᠭᠯᠡᠯ ᠤᠨ ᠴᠠᠬᠢᠭᠤᠷ ᠤᠨ ᠦᠶᠯᠡᠰ ᠤᠨ ᠬᠠᠩᠭᠠᠯᠭ᠎ᠠ ᠶᠢᠨ ᠬᠡᠯᠬᠢᠶ᠎ᠡ ᠶᠢᠨ ᠠᠵᠤ ᠦᠶᠯᠡᠰ ᠤᠨ ᠬᠦᠷᠢᠶᠡᠯᠡᠩ ᠤᠨ ᠲᠥᠷᠥᠯ ᠵᠦᠶᠯ ᠤᠨ ᠭᠠᠵᠠᠷ ᠰᠤᠩᠭᠤᠬᠰᠠᠨ ᠲᠤᠬᠠᠢ ᠶᠢᠨ ᠲᠠᠯᠠᠪᠠᠢ᠂ ᠲᠦᠩ ᠸᠧᠶ ᠶᠢᠨ ᠭᠤᠷᠪᠠᠳᠤᠭᠠᠷ ᠬᠤᠭᠤᠴᠠᠭᠠᠨ ᠤ ᠴᠠᠬᠢᠭᠤᠷ ᠤᠨ ᠡᠨᠧᠷᠭᠢ ᠶᠢᠨ 20 ᠲᠦᠮᠡᠨ ᠲᠣᠨ ᠤ ᠴᠤᠯ ᠴᠡᠪᠡᠷ ᠲᠠᠯᠠᠰᠲᠤ ᠴᠠᠬᠢᠭᠤᠷ ᠤᠨ ᠲᠥᠷᠥᠯ ᠵᠦᠶᠯ᠂ ᠴᠠᠬᠢᠭᠤᠷ ᠤᠨ ᠠᠵᠤ ᠦᠶᠯᠡᠰ ᠤᠨ ᠬᠦᠷᠢᠶᠡᠯᠡᠩ ᠤᠨ ᠪᠤᠬᠢᠷ ᠤᠰᠤ ᠶᠢ ᠲᠥᠪᠯᠡᠷᠡᠭᠦᠯᠦᠨ ᠪᠤᠴᠠᠭᠠᠨ ᠬᠡᠷᠡᠭᠯᠡᠬᠦ ᠪᠣᠬᠢᠷ ᠤᠰᠤ ᠶᠢ ᠰᠢᠶᠳᠪᠦᠷᠢᠯᠡᠬᠦ ᠦᠶᠯᠡᠳᠪᠦᠷᠢ᠂ ᠮᠧᠶ ᠺᠧ ᠶᠢᠨ ᠳᠥᠷᠪᠡᠳᠦᠭᠡᠷ ᠬᠤᠭᠤᠴᠠᠭᠠᠨ ᠤ 11GW ᠤᠨ ᠲᠠᠩ ᠲᠠᠯᠠᠰᠲᠤ ᠤᠳᠠᠰᠤ ᠲᠠᠳᠠᠬᠤ ᠮᠤᠨᠠ ᠶᠢᠨ ᠲᠥᠷᠥᠯ ᠵᠦᠶᠯ ᠵᠡᠷᠭᠡ ᠭᠠᠵᠠᠷ ᠲᠤ ᠬᠦᠷᠴᠦ᠂ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠬᠠᠮᠢᠶ᠎ᠠ ᠪᠥᠬᠦᠶ ᠬᠠᠷᠢᠭᠤᠴᠠᠯᠭᠠᠲᠠᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠥᠷᠥᠯ ᠵᠦᠶᠯ ᠢ ᠠᠬᠢᠭᠤᠯᠬᠤ ᠶᠠᠪᠤᠴᠠ ᠳᠤ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠨᠠᠷᠢᠨ ᠣᠶᠢᠯᠠᠭᠠᠭᠰᠠᠨ ᠪᠥᠭᠡᠳ ᠲᠤᠬᠠᠶ ᠶᠢᠨ ᠲᠠᠯᠠᠪᠠᠶ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃        ᠶᠢᠨ ᠶᠦᠩ ᠯᠢ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯ ᠪᠦᠬᠦ ᠲᠤᠭᠤᠷᠢᠭ  ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠤᠨ᠎ᠠ᠃ ᠬᠠᠮᠢᠶ᠎ᠠ ᠪᠥᠬᠦᠶ ᠰᠠᠯᠠᠭ᠎ᠠ ᠮᠥᠴᠢᠷ ᠨᠢᠭᠡᠴᠢ ︽ᠬᠤᠶᠠᠷ ᠰᠢᠨ᠎ᠡ︾ ᠪᠠᠷ ᠤᠳᠤᠷᠢᠳᠤᠮᠵᠢ ᠪᠣᠯᠭᠠᠬᠤ᠂ ᠬᠡᠮᠵᠢᠶ᠎ᠡ ᠶᠢ ᠨᠡᠮᠡᠭᠳᠡᠭᠦᠯᠬᠦ ᠤᠬᠠᠮᠰᠠᠷ᠂ ︽ᠯᠠᠪᠳᠠᠢ ᠰᠢᠢᠳᠪᠦᠷᠢᠯᠡᠬᠦ ᠠᠷᠭ᠎ᠠ ᠪᠠᠶᠢᠬᠤ ᠰᠡᠳᠬᠢᠬᠦᠶ︾ ᠪᠠᠷ ᠶᠡᠷᠦᠩᠬᠡᠶᠢᠯᠡᠨ ᠵᠢᠯᠣᠭᠤᠳᠣᠭᠤᠯᠵᠤ᠂ ᠡᠭᠦᠷᠭᠡ ᠪᠠᠨ ᠤᠯᠠᠮ ᠨᠢᠭᠡ ᠠᠯᠬᠤᠮ ᠨᠠᠷᠢᠯᠢᠭᠵᠢᠭᠤᠯᠤᠨ᠂ ᠲᠣᠬᠢᠷᠠᠭᠤᠯᠤᠯᠲᠠ ᠪᠠᠨ ᠴᠢᠩᠭᠠᠳᠬᠠᠵᠤ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠤᠨ᠂ ᠴᠠᠭ ᠬᠤᠭᠤᠴᠠᠭᠠᠨ ᠤ ᠵᠠᠩᠬᠢᠯᠠᠭ᠎ᠠ ᠶᠢᠨ ᠴᠡᠭ ᠤᠨ ᠱᠠᠭᠠᠷᠳᠠᠯᠭ᠎ᠠ ᠶᠣᠰᠣᠭᠠᠷ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ᠃ ᠰᠠᠨᠠᠭᠠᠴᠢᠯᠠᠭ᠎ᠠ ᠠᠴᠠ ᠪᠠᠨ ᠡᠮᠦᠨ᠎ᠡ ᠨᠢ ᠤᠷᠤᠵᠤ᠂ ᠬᠠᠮᠵᠢᠯᠴᠠᠭ᠎ᠠ ᠪᠠᠨ ᠴᠢᠩᠭᠠᠳᠬᠠᠵᠤ᠂ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠶᠠᠪᠤᠴᠠ ᠳᠤ ᠲᠤᠯᠭᠠᠷᠠᠭᠰᠠᠨ ᠬᠦᠴᠢᠷ ᠠᠰᠠᠭᠤᠳᠠᠯ ᠢ ᠬᠦᠴᠦᠯᠡᠨ ᠰᠢᠶᠳᠪᠦᠷᠢᠯᠡᠵᠦ᠂ ᠤᠰᠤ᠂ ᠴᠠᠬᠢᠯᠭᠠᠨ᠂ ᠬᠡᠶ ᠵᠡᠷᠭᠡ ᠬᠤᠭᠤᠯᠠᠶ ᠶᠢᠨ ᠲᠤᠤᠷ ᠤᠨ ᠢᠵᠢ ᠪᠥᠷᠢᠳᠦᠭᠦᠯᠬᠦ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠲᠡᠷᠢᠭᠦᠨ ᠵᠡᠷᠬᠡ ᠶᠢᠨ ᠠᠵᠢᠯ ᠤᠨ ᠦᠷ᠎ᠡ ᠪᠦᠲᠦᠮᠵᠢ ᠪᠣᠯᠤᠨ ᠦᠶᠯᠡᠴᠢᠯᠡᠭᠡᠨ ᠤ ᠶᠠᠰᠤ ᠴᠢᠨᠠᠷ ᠢᠶᠠᠷ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠤᠷᠤᠭᠰᠢᠲᠠᠶ ᠶᠠᠪᠤᠬᠳᠠᠬᠤ ᠳᠤ ᠪᠠᠲᠤᠯᠠᠭ᠎ᠠ ᠬᠠᠩᠭᠠᠬᠤ ᠬᠡᠷᠡᠭᠲᠡᠶ᠃ ᠠᠵᠤ ᠠᠬᠤᠶᠢᠯᠠᠯ ᠪᠣᠯᠤᠨ ᠪᠠᠷᠢᠯᠭ᠎ᠠ ᠶᠢᠨ ᠨᠢᠭᠡᠴᠢ ᠠᠶᠤᠯᠭᠦᠶ ᠦᠶᠯᠡᠳᠪᠦᠷᠢᠯᠡᠯ ᠤᠨ ᠬᠡᠬᠦ ᠡᠨᠡᠬᠦ ᠬᠦᠪᠴᠢ ᠶᠢ ᠴᠠᠭ ᠢᠮᠠᠭᠲᠠ ᠴᠢᠩᠭᠠᠷᠠᠭᠤᠯᠵᠤ᠂ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠠᠮᠤᠷ ᠲᠦᠪᠰᠢᠨ ᠤ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠲᠦᠷᠢᠮ ᠲᠣᠭᠲᠠᠭᠠᠯ ᠢ ᠲᠡᠭᠦᠯᠳᠡᠷᠵᠢᠭᠦᠯᠵᠦ᠂ ᠲᠤᠬᠠᠶ ᠶᠢᠨ ᠲᠠᠯᠠᠪᠠᠶ ᠶᠢᠨ ᠬᠠᠮᠢᠶᠠᠷᠤᠯᠲᠠ ᠶᠢ ᠴᠢᠩᠭᠠᠳᠬᠠᠵᠤ᠂ ᠪᠠᠷᠢᠯᠭ᠎ᠠ ᠶᠢᠨ ᠠᠵᠢᠯ ᠤᠨ ᠶᠠᠪᠤᠴᠠ ᠶᠢ ᠵᠢᠷᠤᠮᠵᠢᠭᠤᠯᠵᠤ᠂ ᠪᠠᠷᠢᠯᠭ᠎ᠠ ᠶᠢᠨ ᠠᠵᠢᠯ ᠤᠨ ᠪᠠᠷᠢᠮᠵᠢᠶ᠎ᠠ ᠶᠢ ᠴᠢᠩᠳᠠᠯᠠᠵᠤ᠂ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠪᠣᠯᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠦᠪᠰᠢᠨ ᠢ ᠴᠢᠨᠠᠭᠰᠢᠳᠠ ᠳᠡᠭᠡᠭᠰᠢᠯᠡᠭᠦᠯᠵᠦ᠂ ᠴᠠᠭ ᠢᠮᠠᠭᠲᠠ ᠰᠠᠨᠠᠭ᠎ᠠ ᠠᠮᠤᠷ ᠦᠬᠡᠢ ᠪᠠᠶᠢᠬᠤ ᠬᠠᠷᠢᠭᠤᠴᠠᠯᠭᠠᠲᠤ ᠰᠡᠳᠬᠢᠯᠭᠡ ᠪᠠᠷ ᠪᠥᠲᠥᠭᠡᠨ ᠪᠠᠶᠢᠭᠤᠯᠤᠯᠲᠠ ᠶᠢᠨ ᠭᠤᠭᠴᠤᠭ᠎ᠠ ᠨᠢᠭᠡᠪᠦᠷᠢ ᠶᠢ ᠨᠠᠷᠢᠯᠢᠭ ᠪᠣᠳᠠᠲᠠᠶ ᠠᠳᠬᠤᠵᠤ᠂ ᠲᠥᠷᠥᠯ ᠵᠦᠶᠯ ᠤᠨ ᠲᠣᠭᠲᠠᠭᠰᠠᠨ ᠬᠤᠭᠤᠴᠠᠭᠠᠨ ᠳᠤ ᠠᠰᠢᠬᠯᠠᠯᠳᠠ  ᠳᠤ ᠤᠷᠤᠬᠤ ᠶᠢ ᠪᠠᠲᠤᠯᠠᠬᠤ ᠬᠡᠷᠡᠭᠲᠡᠶ ᠬᠡᠵᠡᠢ᠃ ᠲᠤᠭᠤᠷᠢᠭ ᠤᠨ ᠤᠳᠤᠷᠢᠳᠤᠯᠭ᠎ᠠ ᠶᠠᠩ ᠶᠦᠩ᠂ ᠵᠧᠤ ᠬᠠᠶ ᠹᠸᠢ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠪᠠ᠃  ︵ᠰᠤᠷᠪᠤᠯᠵᠢᠯᠠᠭᠴᠢ᠄ ᠶᠠᠨ ᠢ ᠫᠸᠢ   ᠬᠢᠨᠠᠨ ᠬᠠᠷᠭᠤᠭᠤᠯᠤᠬᠰᠠᠨ ᠨᠢ  ᠄ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠬᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号