ᠪᠥᠬᠦ ᠲᠤᠭᠤᠷᠢᠭ ᠤᠨ ᠠᠶᠤᠯᠬᠦᠢ ᠦᠶᠯᠡᠳᠪᠦᠷᠢᠯᠡᠯ ᠤᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/9/20
      9 ᠰᠠᠷ᠎ᠠ ᠶᠢᠨ 17 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠶᠦᠩ ᠯᠢ ᠪᠥᠬᠦ ᠲᠤᠭᠤᠷᠢᠭ ᠤᠨ ᠠᠶᠤᠯᠬᠦᠢ ᠦᠶᠯᠡᠳᠪᠦᠷᠢᠯᠡᠯ ᠤᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠠᠶᠤᠯᠬᠦᠢ ᠦᠶᠯᠡᠳᠪᠦᠷᠢᠯᠡᠯ ᠤᠨ ᠠᠵᠢᠯ ᠤᠨ ᠲᠤᠬᠠᠶ ᠬᠠᠮᠤᠭ ᠤᠨ ᠰᠢᠨ᠎ᠡ ᠱᠠᠭᠠᠷᠳᠠᠯᠭ᠎ᠠ ᠶᠢ ᠤᠯᠠᠮᠵᠢᠯᠠᠨ ᠰᠤᠷᠤᠯᠴᠠᠵᠤ᠂ ᠠᠶᠤᠯᠬᠦᠢ ᠦᠶᠯᠡᠳᠪᠦᠷᠢᠯᠡᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠪᠥᠬᠦ ᠲᠤᠭᠤᠷᠢᠭ ᠤᠨ ᠠᠶᠤᠯᠬᠦᠢ ᠦᠶᠯᠡᠳᠪᠦᠷᠢᠯᠡᠯ ᠤᠨ ᠠᠵᠢᠯ ᠢ ᠳᠠᠬᠢᠨ ᠲᠣᠬᠢᠷᠠᠭᠤᠯᠵᠤ᠂ ᠳᠠᠬᠢᠨ ᠪᠠᠶᠢᠷᠢᠯᠠᠭᠤᠯᠵᠤ᠂ ᠪᠥᠬᠦ ᠲᠤᠭᠤᠷᠢᠭ ᠤᠨ ᠠᠶᠤᠯᠬᠦᠢ ᠦᠶᠯᠡᠳᠪᠦᠷᠢᠯᠡᠯ ᠤᠨ ᠪᠠᠶᠢᠳᠠᠯ ᠢ ᠲᠣᠭᠲᠠᠭᠤᠨ ᠤ ᠳᠤᠮᠳᠠ ᠰᠠᠶᠢᠵᠢᠷᠠᠭᠤᠯᠬᠤ ᠶᠢ ᠦᠨᠡᠨ ᠬᠦ ᠪᠠᠲᠤᠯᠠᠪᠠ᠃         ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠤᠭᠤᠷᠢᠭ ᠤᠨ ᠳᠠᠷᠤᠭ᠎ᠠ ᠢᠦᠶ ᠵᠠᠨ ᠵᠢᠶᠠᠩ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠧᠤ ᠮᠢᠨ ᠵᠢᠶᠧ᠂ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠡᠤ ᠸᠧᠨ ᠴᠢᠩ ᠵᠡᠷᠭᠡ ᠲᠤᠭᠤᠷᠢᠭ ᠤᠨ ᠳᠥᠷᠪᠡᠨ ᠶᠡᠭᠡ ᠤᠳᠤᠷᠢᠳᠬᠤ ᠪᠠᠭ ᠤᠨ ᠰᠢᠶᠠᠨ ᠤ ᠱᠠᠲᠤᠨ ᠤ ᠤᠳᠤᠷᠢᠳᠤᠯᠭ᠎ᠠ ᠬᠤᠷᠠᠯ ᠳᠤ ᠣᠷᠣᠯᠴᠠᠪᠠ᠃ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠪᠦᠬᠦ ᠪᠦᠷᠢᠯᠳᠦᠬᠦᠨ ᠨᠢᠭᠡᠴᠢ ᠶᠢᠨ ᠭᠤᠣᠯ ᠬᠠᠷᠢᠭᠤᠴᠠᠯᠭᠠᠲᠠᠨ᠂ ᠡᠯ᠎ᠡ ᠵᠡᠭᠡᠯᠢ ᠭᠤᠳᠤᠮᠵᠢ ᠪᠠᠯᠭᠠᠰᠤᠨ ᠤ ᠨᠠᠮ ᠤᠨ ︵ᠠᠵᠢᠯ ᠤᠨ ᠬᠤᠷᠢᠶ᠎ᠠ︶ ᠬᠤᠷᠢᠶᠠᠨ ᠤ ᠱᠦᠵᠢ ᠬᠤᠷᠠᠯ ᠳᠤ ᠣᠷᠣᠯᠴᠠᠪᠠ᠃       ᠬᠤᠷᠠᠯ ᠠᠴᠠ᠂ ᠪᠦᠬᠦ ᠲᠤᠭᠤᠷᠢᠭ ᠤᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠣᠳᠣᠬᠠᠨ ᠤ ᠠᠶᠤᠯᠭᠦᠢ ᠦᠢᠯᠡᠳᠪᠦᠷᠢᠯᠡᠯ ᠤᠨ ᠬᠦᠨᠳᠦ ᠨᠣᠴᠢᠲᠠᠢ ᠪᠠᠶᠢᠳᠠᠯ ᠢ ᠰᠡᠷᠭᠡᠭ ᠢᠶᠠᠷ ᠲᠠᠨᠢᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠤᠷᠢᠭ᠎ᠠ ᠱᠤᠭᠤᠮ ᠤᠨ ᠰᠡᠳᠬᠢᠬᠦᠢ ᠪᠠᠨ ᠴᠢᠩᠭᠠᠳᠬᠠᠵᠤ᠂ ︽ᠴᠠᠭ ᠢᠮᠠᠭᠲᠠ ᠰᠠᠨᠠᠭ᠎ᠠ ᠠᠮᠤᠷ ᠦᠬᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠣᠯᠤᠨ ᠲᠦᠢᠯ ᠤᠨ ᠨᠠᠷᠢᠨ ᠬᠢᠨᠠᠮᠠᠭᠠᠢ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠪᠠᠷ ᠨᠠᠮ ᠤᠨ ᠲᠥᠪ ᠬᠤᠷᠢᠶ᠎ᠡ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠳᠠ ᠶᠢᠨ ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠰᠠᠶᠢᠲᠤᠷ ᠨᠠᠶᠢᠳᠠᠪᠤᠷᠢᠵᠢᠭᠤᠯᠵᠤ᠂ ᠬᠠᠮᠤᠭ ᠤᠨ ᠶᠡᠭᠡ ᠴᠢᠷᠮᠠᠶᠢᠯᠭ᠎ᠠ ᠭᠠᠷᠭᠠᠵᠤ ᠡᠯ᠎ᠡ ᠵᠦᠢᠯ ᠤᠨ ᠬᠦᠨᠳᠦ ᠶᠡᠭᠡ ᠠᠮᠤᠷ ᠲᠦᠪᠰᠢᠨ ᠤ ᠠᠳᠡᠯ ᠭᠠᠷᠬᠤ ᠶᠢ ᠰᠡᠷᠭᠡᠶᠢᠯᠡᠵᠦ᠂ ᠠᠷᠠᠳ ᠤᠯᠠᠨ ᠤ ᠠᠮᠢ ᠨᠠᠰᠤ ᠪᠠ ᠡᠳ᠋ ᠬᠦᠷᠦᠩᠭᠡ ᠶᠢᠨ ᠠᠮᠤᠷ ᠲᠦᠪᠰᠢᠨ ᠢ ᠰᠠᠶᠢᠲᠤᠷ ᠬᠠᠮᠠᠭᠠᠯᠠᠬᠤ ᠬᠡᠷᠡᠭᠲᠡᠢ᠃ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ᠂ ᠵᠡᠷᠭᠡ ᠪᠠᠷ ᠠᠳᠬᠤᠵᠤ ᠬᠠᠮᠲᠤ ᠪᠠᠷ ᠬᠠᠮᠢᠶᠠᠷᠬᠤ᠂ ᠲᠤᠰᠢᠶᠠᠯ ᠳᠠᠭᠠᠨ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ︾ ᠪᠠ ︽ᠭᠤᠷᠪᠠ ᠶᠢ ᠬᠠᠮᠢᠶᠠᠷᠬᠤ ᠭᠤᠷᠪᠠ ᠶᠢ ᠡᠷᠬᠡᠪᠰᠢ ᠬᠢᠬᠦ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠶᠡᠭᠡ ᠵᠢᠭᠰᠠᠭᠠᠨ ᠪᠠᠶᠢᠴᠠᠭᠠᠯᠲᠠ ᠶᠡᠭᠡ ᠴᠡᠭᠴᠡᠯᠡᠨ ᠵᠠᠰᠠᠯᠲᠠ ᠶᠢ ᠪᠠᠶᠢᠩᠭᠤ ᠥᠷᠨᠢᠭᠦᠯᠵᠦ᠂ ᠠᠩᠬ᠎ᠠ ᠢᠯᠡᠷᠡᠵᠦ ᠪᠠᠶᠢᠭ᠎ᠠ ᠡᠯ᠎ᠡ ᠲᠦᠷᠦᠯ ᠤᠨ ᠭᠡᠮ ᠰᠣᠭᠤᠭ ᠢ ᠦᠨᠡᠨ ᠬᠦ ᠪᠣᠳᠠᠲᠠᠢ ᠲᠤᠶᠢᠯᠪᠤᠷᠢᠳᠠᠢ ᠠᠷᠢᠯᠭᠠᠨ ᠰᠢᠢᠳᠪᠦᠷᠢᠯᠡᠬᠦ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠬᠦᠨᠳᠦ ᠶᠡᠭᠡ ᠠᠳᠡᠯ ᠤᠨ ᠬᠡᠮ ᠰᠣᠭᠤᠭ ᠪᠣᠯᠤᠨ ᠭᠤᠣᠯᠳᠠᠯᠭ᠎ᠠ ᠲᠠᠢ ᠪᠠᠶᠢᠴᠠᠭᠠᠬᠤ ᠵᠦᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠬᠠᠤᠯᠢ ᠬᠡᠷᠡᠭᠵᠢᠭᠦᠯᠦᠯᠲᠡ ᠶᠢᠨ ᠦᠷ᠎ᠡ ᠪᠦᠲᠦᠮᠵᠢ ᠶᠢ ᠴᠢᠩᠭᠠᠳᠬᠠᠵᠤ᠂ ᠬᠠᠤᠯᠢ ᠬᠡᠷᠡᠭᠵᠢᠭᠦᠯᠦᠯᠲᠡ ᠶᠢᠨ ᠰᠡᠷᠡᠮᠵᠢᠯᠡᠭᠦᠯᠬᠦ ᠬᠥᠮᠦᠵᠢᠯ ᠤᠨ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠱᠠᠭᠠᠷᠳᠠᠯᠭ᠎ᠠ ᠶᠢ ᠦᠨᠡᠨᠬᠦ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠪᠢᠲᠡᠭᠦᠮᠵᠢᠯᠡᠭᠰᠡᠨ ᠬᠠᠮᠢᠶᠠᠷᠤᠯᠲᠠ ᠶᠢ ᠴᠢᠩᠭᠠᠳᠬᠠᠵᠤ᠂ ᠪᠠᠶᠢᠴᠠᠭᠠᠵᠤ ᠭᠠᠷᠭᠠᠭᠰᠠᠨ ᠠᠰᠠᠭᠤᠳᠠᠯ ᠢ ᠡᠴᠦᠰ ᠲᠤᠨᠢ ᠲᠤᠯᠳᠠᠯ᠎ᠠ ᠲᠤᠭᠤᠰᠢᠲᠠᠢ ᠠᠩᠬᠠᠷᠴᠤ᠂ ᠲᠤᠶᠢᠯᠪᠤᠷᠢᠳᠠᠢ ᠵᠠᠰᠠᠬᠤ ᠬᠡᠷᠡᠭᠲᠡᠢ᠃ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠵᠣᠬᠢᠶᠠᠨ ᠪᠠᠶᠢᠭᠤᠯᠤᠯᠲᠠ ᠬᠢᠨᠠᠯᠲᠠ ᠲᠠᠯᠪᠢᠬᠤ ᠲᠤᠰᠢᠶᠠᠯ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠲᠤᠪᠤᠶᠢᠢᠯᠭᠠᠵᠤ᠂ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠪᠦᠬᠦ ᠲᠤᠭᠤᠷᠢᠭ ᠤᠨ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠠᠬᠢᠭᠤᠯᠬᠤ ᠬᠡᠷᠡᠭᠲᠡᠢ ᠬᠡᠵᠦ ᠱᠠᠭᠠᠷᠳᠠᠵᠠᠢ᠃   ︵ᠰᠤᠷᠪᠤᠯᠵᠢᠯᠠᠭᠴᠢ᠄ ᠯᠢᠦ ᠡᠾᠦ᠋ᠢ ᠰᠢᠤᠸᠠᠨ   ᠬᠢᠨᠠᠨ ᠬᠠᠷᠭᠤᠭᠤᠯᠤᠬᠰᠠᠨ ᠨᠢ᠄ ᠲᠤᠭᠤᠷᠢᠭ ᠤᠨ ᠨᠠᠮ ᠤᠨ ᠬᠤᠷᠢᠶᠠᠨ ᠤ ᠠᠯᠪᠠᠨ ᠭᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号