ᠬᠦᠨᠳᠡᠯᠡᠨ ᠭᠤᠤᠯ ᠪᠠᠯᠭᠠᠰᠤ ︽ᠨᠢᠭᠡ ᠲᠣᠰᠬᠤᠨ ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ︾ ᠪᠠᠶᠢᠯᠳᠤᠬᠤ ᠪᠣᠳᠣᠯᠭ᠎ᠠ ᠶᠢ ᠨᠠᠷᠢᠯᠢᠭ ᠣᠨᠣᠪᠴᠢᠲᠠᠶ ᠥᠷᠨᠢᠭᠦᠯᠵᠦ᠂ ᠬᠥᠳᠡᠭᠡ ᠲᠣᠰᠬᠤᠨ ᠤ ᠠᠵᠤ ᠦᠶᠯᠡᠰ ᠤᠨ ᠬᠥᠭᠵᠢᠯᠲᠡ ᠶᠢ ᠴᠢᠨᠠᠷ ᠰᠠᠶᠢᠲᠠᠶ ᠠᠬᠢᠭᠤᠯᠵᠤ ᠪᠤᠢ
ᠨᠡᠶᠢᠲᠡᠯᠡᠭᠰᠡᠨ ᠴᠠᠭ᠄
2023/9/25
       ᠬᠦᠨᠳᠡᠯᠡᠨ ᠭᠤᠤᠯ ᠪᠠᠯᠭᠠᠰᠤ ᠲᠣᠰᠬᠤᠨ ᠤ ᠬᠠᠮᠲᠤ ᠶᠢᠨ ᠠᠵᠤ ᠦᠶᠯᠡᠰ ᠢ ᠬᠥᠭᠵᠢᠭᠦᠯᠦᠨ ᠮᠠᠨᠳᠤᠭᠤᠯᠬᠤ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠠᠬᠢᠭᠤᠯᠬᠤ ᠬᠦᠴᠦᠲᠡᠶ ᠭᠠᠷᠳᠠᠴᠠ ᠪᠠ ᠬᠦᠴᠦᠲᠡᠶ ᠲᠤᠯᠭᠠᠭᠤᠷᠢᠯᠠᠯ ᠪᠣᠯᠭᠠᠬᠤ ᠶᠢ ᠪᠠᠷᠢᠮᠲᠠᠯᠠᠵᠤ᠂ ︽ᠨᠢᠭᠡ ᠲᠣᠰᠬᠤᠨ ᠳᠤ ᠨᠢᠭᠡ ᠠᠷᠭ᠎ᠠ ᠪᠣᠳᠣᠯᠭ᠎ᠠ ᠶᠢ ᠬᠡᠷᠡᠭᠵᠢᠬᠦᠯᠬᠦ︾ ᠬᠡᠯᠪᠡᠷᠢ ᠪᠠᠷ ᠲᠣᠰᠬᠤᠨ ᠤ ᠳᠤᠭᠤᠶᠢᠯᠠᠩ ᠤᠨ ᠬᠦᠭᠵᠢᠬᠦᠯᠬᠦ ᠳᠤ ᠳᠣᠭᠢᠷᠠᠬᠤ ᠠᠵᠤ ᠦᠶᠯᠡᠰ ᠢ ᠣᠨᠣᠪᠴᠢᠲᠠᠶ ᠰᠣᠩᠭᠤᠵᠤ᠂ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠰᠢᠨ᠎ᠡ ᠪᠠᠶᠢᠷᠢᠰᠢᠯ ᠢ ᠪᠠᠶᠢᠭᠤᠯᠪᠠ᠃ ᠨᠢᠭᠡ ᠳᠤ᠂ ᠬᠦᠨᠳᠡᠯᠡᠨ ᠭᠤᠤᠯ ᠤᠨ ᠪᠠᠷᠠᠭᠤᠨ ᠡᠷᠬᠢ ᠲᠣᠰᠬᠤᠨ ᠤ ᠳᠤᠭᠤᠶᠢᠯᠠᠩ ᠤᠨ ᠠᠮᠢ ᠠᠬᠤᠢ ᠶᠢᠨ ᠭᠤᠸᠠ ᠵᠢᠮᠢᠰ ᠲᠠᠷᠢᠬᠤ ᠰᠠᠭᠤᠷᠢᠨ ᠢ ᠪᠠᠶᠢᠭᠤᠯᠤᠨ᠎ᠠ᠃ ᠲᠥᠷᠥᠯ ᠵᠦᠶᠯ ᠤᠨ ᠶᠡᠷᠦᠩᠬᠡᠶ ᠪᠠᠯᠠ ᠣᠷᠣᠭᠤᠯᠤᠯᠲᠠ 185 ᠲᠦᠮᠡᠨ ᠲᠥᠭᠦᠷᠢᠭ ᠲᠤ ᠬᠦᠷᠴᠦ᠂ 6 ᠳᠤᠯᠠᠭᠠᠨ ᠬᠦᠯᠡᠮᠵᠢ ᠪᠠᠶᠢᠭᠤᠯᠵᠤ᠂ ᠣᠳᠤ ᠨᠢᠭᠡᠨᠲᠡ ᠶᠡᠷᠦᠩᠬᠡᠶ ᠪᠠᠷᠢᠯᠭ᠎ᠠ ᠶᠢᠨ 33% ᠶᠢ ᠪᠡᠶᠡᠯᠡᠭᠦᠯᠵᠦ᠂ ᠵᠢᠱᠢᠯᠲᠡ ᠪᠠᠷ ᠢᠷᠡᠬᠦ ᠵᠢᠯ ᠤᠨ 6 ᠰᠠᠷ᠎ᠠ ᠳᠤ ᠪᠠᠷᠢᠯᠭ᠎ᠠ ᠳᠠᠭᠤᠰᠤᠨ᠎ᠠ᠂ ᠲᠥᠷᠥᠯ ᠵᠦᠶᠯ ᠪᠠᠶᠢᠭᠤᠯᠤᠭᠳᠠᠵᠦ ᠠᠰᠢᠬᠯᠠᠯᠳᠠ ᠳᠤ ᠤᠷᠤᠬᠰᠠᠨ ᠤ ᠳᠠᠷᠠᠭ᠎ᠠ ᠵᠢᠯ ᠪᠦᠷᠢ ᠲᠣᠰᠬᠤᠨ ᠤ ᠬᠠᠮᠲᠤ ᠨᠡᠶᠢᠲᠡ ᠳᠤ 6 — 8 ᠲᠦᠮᠡᠨ ᠲᠥᠭᠦᠷᠢᠭ ᠤᠨ ᠣᠷᠣᠯᠭ᠎ᠠ ᠨᠡᠮᠡᠭᠳᠡᠭᠦᠯᠵᠦ ᠦᠭᠬᠦ    ᠪᠣᠯᠤᠨ᠎ᠠ᠃ ᠬᠤᠶᠠᠷ ᠲᠤ᠂ ᠡᠾᠧ ᠫᠢᠩ ᠲᠣᠰᠬᠤᠨ ᠤ ᠴᠠᠭᠠᠨ ᠬᠤᠳᠠ ᠲᠠᠷᠢᠶᠠᠯᠠᠩ ᠤᠨ ᠪᠦᠳᠦᠭᠡᠭᠳᠡᠬᠦᠨ ᠤ ᠠᠷᠠᠯᠵᠢᠶᠠᠨ ᠤ ᠵᠠᠬ᠎ᠠ ᠳᠡᠯᠭᠡᠭᠦᠷ ᠢ ᠲᠠᠰ ᠳᠡᠪᠰᠢᠭᠦᠯᠦᠨ᠎ᠡ᠃ ᠵᠢᠱᠢᠯᠲᠡ ᠪᠠᠷ 225 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠵᠠᠬ᠎ᠠ ᠳᠡᠯᠭᠡᠭᠦᠷ ᠤᠨ ᠳᠡᠯᠭᠡᠭᠡ ᠮᠠᠶᠢᠮᠠᠶ ᠶᠢᠨ ᠭᠠᠵᠠᠷ ᠤᠨ ᠭᠠᠳᠠᠷ ᠬᠦᠷᠢᠶ᠎ᠡ ᠶᠢ ᠰᠢᠨᠡᠳᠬᠡᠬᠦ ᠵᠢᠴᠢ ᠵᠠᠰᠠᠨ ᠴᠢᠮᠡᠭᠯᠡᠵᠦ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠵᠦ᠂ 260 ᠲᠣᠨ ᠤ ᠪᠠᠭᠲᠠᠭᠠᠮᠵᠢᠳᠠᠢ ᠬᠦᠶᠲᠡᠨ ᠢᠶᠠᠷ ᠬᠠᠳᠠᠭᠠᠯᠠᠬᠤ ᠬᠥᠮᠥᠷᠭᠡ ᠪᠠ 160 ᠲᠣᠨ ᠤ ᠪᠠᠭᠲᠠᠭᠠᠮᠵᠢᠳᠠᠢ ᠰᠢᠨ᠎ᠡ ᠰᠣᠷᠭᠤᠭ ᠢᠶᠠᠷ ᠬᠠᠳᠠᠭᠠᠯᠠᠬᠤ ᠬᠥᠮᠥᠷᠭᠡ ᠶᠢ ᠨᠡᠮᠡᠵᠦ ᠪᠠᠶᠢᠭᠤᠯᠤᠨ᠎ᠠ᠃ ᠣᠲᠣ ᠲᠥᠷᠥᠯ ᠵᠦᠶᠯ ᠢ ᠲᠥᠰᠦᠪᠯᠡᠬᠦ ᠪᠠ ᠪᠠᠯᠠ ᠮᠥᠩᠭᠦ ᠶᠢ ᠪᠡᠯᠡᠳᠬᠡᠬᠦ ᠬᠤᠭᠤᠴᠠᠭᠠᠨ ᠳᠤ ᠪᠣᠶ᠂ ᠵᠢᠱᠢᠯᠲᠡ ᠪᠠᠷ ᠢᠷᠡᠬᠦ ᠵᠢᠯ ᠤᠨ 6 ᠰᠠᠷ᠎ᠠ ᠳᠤ ᠪᠠᠷᠢᠯᠭ᠎ᠠ ᠳᠠᠭᠤᠰᠴᠤ᠂ ᠥᠭᠡᠷᠡᠴᠢᠯᠡᠨ ᠪᠠᠶᠢᠭᠤᠯᠵᠤ ᠳᠠᠭᠤᠰᠤᠭᠰᠠᠨ ᠤ ᠳᠠᠷᠠᠭ᠎ᠠ ᠵᠢᠯ ᠪᠦᠷᠢ ᠲᠣᠰᠬᠤᠨ ᠤ ᠬᠠᠮᠲᠤ ᠨᠡᠶᠢᠲᠡ ᠳᠤ 50 ᠲᠦᠮᠡᠨ ᠲᠥᠭᠦᠷᠢᠭ ᠤᠨ ᠣᠷᠣᠯᠭ᠎ᠠ ᠨᠡᠮᠡᠭᠳᠡᠭᠦᠯᠵᠦ ᠦᠭᠬᠦ ᠪᠣᠯᠤᠨ᠎ᠠ᠃ ᠭᠤᠷᠪᠠ ᠳᠤ᠂ ᠡᠮᠦᠨ᠎ᠡ ᠫᠠᠢ ᠲᠣᠰᠬᠤᠨ ᠤ ᠠᠷᠠᠴᠢᠯᠠᠨ ᠰᠤᠪᠢᠯᠠᠬᠤ ᠦᠶᠯᠡᠴᠢᠯᠡᠭᠡᠨ ᠤ ᠲᠥᠪ ᠤᠨ ᠠᠷᠠᠳ ᠤᠨ ᠠᠮᠢᠳᠤᠷᠠᠯ ᠤᠨ ᠲᠥᠷᠥᠯ ᠵᠦᠶᠯ ᠢ ᠲᠡᠳᠬᠦᠬᠦ ᠡᠷᠴᠢᠮ ᠢ ᠴᠢᠩᠭᠠᠷᠠᠭᠤᠯᠤᠨ᠎ᠠ᠃ ᠨᠡᠶᠢᠲᠡ 640 ᠲᠦᠮᠡᠨ ᠲᠥᠭᠦᠷᠢᠭ ᠤᠨ ᠪᠡᠯᠡ ᠣᠷᠣᠭᠤᠯᠵᠤ᠂ 2320 ᠲᠡᠭᠰᠢ ᠳᠥᠷᠪᠡᠯᠵᠢᠨ ᠮᠧᠲᠷ ᠤᠨ ᠠᠷᠠᠴᠢᠯᠠᠨ ᠰᠤᠪᠢᠯᠠᠬᠤ ᠦᠢᠯᠡᠴᠢᠯᠡᠭᠡᠨ ᠤ ᠲᠥᠪ ᠢ ᠪᠠᠶᠢᠭᠤᠯᠵᠤ᠂ 10 ᠺᠢᠯᠦᠮᠧᠲᠷ ᠤᠨ ᠲᠤᠳᠤᠷᠠᠬᠢ 65 ᠨᠠᠰᠤᠨ ᠠᠴᠠ ᠳᠡᠭᠡᠭᠰᠢᠬᠢ ᠨᠠᠰᠤᠲᠠᠨ ᠤ ᠨᠠᠰᠤᠵᠢᠯ ᠤᠨ ᠠᠰᠠᠷᠠᠮᠵᠢ ᠶᠢᠨ ᠬᠡᠷᠡᠭᠴᠡᠭᠡ ᠶᠢ    ᠬᠠᠩᠭᠠᠨ᠎ᠠ᠃ ᠪᠠᠶᠢᠭᠤᠯᠤᠭᠳᠠᠭᠰᠠᠨ ᠤ ᠰᠡᠬᠦᠯᠡᠷ ᠡᠷᠬᠢᠨ ᠲᠣᠭᠤᠷᠢᠨ ᠤ 8 ᠲᠣᠰᠬᠤᠨ ᠤ ᠳᠤᠭᠤᠶᠢᠯᠠᠩ ᠤᠨ 46 ᠨᠠᠰᠤᠲᠠᠨ ᠳᠤ ᠦᠢᠯᠡᠴᠢᠯᠡᠬᠦ ᠶᠢᠨ ᠬᠠᠮᠲᠤ ᠲᠣᠰᠬᠤᠨ ᠤ ᠬᠠᠮᠲᠤ ᠨᠡᠶᠢᠲᠡ ᠳᠤ ᠵᠢᠯ ᠪᠦᠷᠢ 30 ᠲᠦᠮᠡᠨ ᠲᠥᠭᠦᠷᠢᠭ ᠤᠨ ᠣᠷᠣᠯᠭ᠎ᠠ ᠨᠡᠮᠡᠭᠳᠡᠭᠦᠯᠵᠦ ᠦᠭᠬᠦ ᠪᠣᠯᠤᠨ᠎ᠠ᠃  ︵ ᠬᠦᠨᠳᠡᠯᠡᠨ ᠭᠤᠤᠯ ᠪᠠᠯᠭᠠᠰᠤ︶  
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号