ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠠᠵᠢᠯ ᠤᠨ ᠬᠤᠷᠠᠯ ᠬᠤᠷᠠᠯᠳᠤᠵᠤ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠ ᠪᠤᠰᠤᠳ ᠭᠤᠤᠯᠳᠠᠯᠭ᠎ᠠ ᠲᠠᠢ ᠵᠦᠢᠯᠡᠰ ᠢ ᠰᠤᠳᠤᠯᠤᠨ ᠠᠬᠢᠭᠤᠯᠪᠠ
ᠨᠡᠶᠢᠲᠡᠯᠡᠭᠰᠡᠨ ᠴᠠᠭ᠄
2023/9/6
      9 ᠰᠠᠷ᠎ᠠ ᠶᠢᠨ 4 ᠤ ᠦᠳᠡ ᠶᠢᠨ ᠡᠮᠦᠨ᠎ᠡ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠶᠦᠩ ᠯᠢ ᠱᠦᠵᠢ ᠶᠢᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠ ᠪᠤᠰᠤᠳ ᠭᠤᠤᠯᠳᠠᠯᠭ᠎ᠠ ᠲᠠᠢ ᠵᠦᠢᠯᠡᠰ ᠢ  ᠰᠤᠳᠤᠯᠤᠨ ᠠᠬᠢᠭᠤᠯᠪᠠ᠃         ᠲᠤᠭᠤᠷᠢᠭ ᠤᠨ ᠤᠳᠤᠷᠢᠳᠤᠯᠭ᠎ᠠ ᠢᠦᠢ ᠵᠠᠨ ᠵᠢᠶᠠᠩ᠂ ᠯᠢ ᠵᠦᠩ᠂ ᠢᠦᠢ ᠷᠦᠢ ᠴᠢᠩ ᠬᠤᠷᠠᠯ ᠳᠤ ᠣᠷᠣᠯᠴᠠᠵᠠᠢ᠃       ᠬᠤᠷᠠᠯ ᠠᠴᠠ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠣᠯ ᠪᠥᠬᠦ ᠲᠤᠭᠤᠷᠢᠭ  ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠭᠤᠤᠯᠳᠠᠯᠭ᠎ᠠ ᠶᠢᠨ ᠳᠣᠲᠣᠷᠠᠬᠢ ᠭᠤᠤᠯᠳᠠᠯᠭ᠎ᠠ ᠪᠣᠯᠤᠨ᠎ᠠ᠃ ᠪᠥᠬᠦ ᠲᠤᠭᠤᠷᠢᠭ ᠤᠨ ᠳᠠᠶᠠᠭᠠᠷ ᠢᠶᠠᠨ ᠲᠥᠷᠥᠯ ᠵᠦᠢᠯ ᠢ ᠠᠳᠬᠤᠬᠤ ᠬᠠᠷᠢᠭᠤᠴᠠᠯᠭᠠᠲᠤ ᠰᠡᠳᠬᠢᠯᠭᠡ᠂ ᠲᠤᠯᠭᠠᠮ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠤᠯᠠᠮ ᠨᠢᠭᠡ ᠠᠯᠬᠤᠮ ᠴᠢᠩᠭᠠᠳᠬᠠᠵᠤ᠂ ᠢᠳᠡᠪᠬᠢᠳᠡᠢ ᠬᠥᠳᠡᠯᠦᠯᠴᠡᠵᠦ᠂ ᠰᠠᠶᠢᠳᠤᠷ ᠠᠳᠬᠤᠵᠤ᠂ ᠲᠥᠷᠥᠯ ᠵᠦᠢᠯ ᠢᠶᠠᠷ ᠪᠠᠯᠠ ᠣᠷᠣᠭᠤᠯᠤᠯᠲᠠ ᠶᠢ ᠠᠬᠢᠭᠤᠯᠵᠤ᠂ ᠪᠠᠯᠠ ᠣᠷᠣᠭᠤᠯᠤᠯᠲᠠ ᠪᠠᠷ ᠨᠡᠮᠡᠭᠳᠡᠯ ᠢ ᠳᠠᠶᠢᠴᠢᠯᠠᠵᠤ᠂ ᠨᠡᠮᠡᠭᠳᠡᠯ ᠢᠶᠠᠷ ᠦᠨᠳᠦᠰᠦᠨ ᠪᠠᠶᠢᠳᠠᠯ ᠢ ᠲᠣᠭᠲᠠᠪᠤᠷᠢᠵᠢᠭᠤᠯᠤᠨ ᠪᠥᠬᠦ ᠲᠤᠭᠤᠷᠢᠭ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠪᠠᠲᠤ ᠴᠢᠩᠭ᠎ᠠ ᠲᠤᠯᠭᠠᠭᠤᠷᠢᠯᠠᠯ ᠬᠠᠩᠭᠠᠬᠤ ᠬᠡᠷᠡᠭᠲᠡᠶ᠃ ᠲᠥᠷᠥᠯ ᠵᠦᠢᠯ ᠢ ᠳᠠᠭᠠᠭᠠᠴᠢᠯᠠᠨ ᠬᠠᠷᠢᠯᠴᠠᠬᠤ ᠤᠳᠤᠷᠢᠳᠤᠯᠭ᠎ᠠ ᠪᠠ ᠬᠠᠷᠢᠭᠤᠴᠠᠯᠭᠠᠲᠤ ᠰᠠᠯᠠᠭ᠎ᠠ ᠮᠥᠴᠢᠷ ᠨᠢ ᠳᠠᠭᠠᠭᠠᠴᠢᠯᠠᠨ ᠬᠠᠷᠢᠯᠴᠠᠬᠤ ᠬᠠᠷᠢᠭᠤᠴᠠᠯᠭ᠎ᠠ ᠪᠠᠨ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢᠶᠧ ᠰᠢᠨ᠂ ᠲᠦᠩ ᠸᠧᠶ᠂ ᠮᠧᠶ ᠺᠧ᠂ ᠤᠮᠠᠷᠠᠲᠤ ᠶᠢᠨ ᠬᠤᠪᠣᠷ ᠰᠢᠷᠣᠶ ᠶᠢᠨ ᠪᠣᠬᠢᠷᠲᠤᠯ ᠥᠬᠡᠶ ᠲᠡᠮᠦᠷᠯᠢᠭ ᠬᠠᠶᠢᠯᠤᠭᠤᠯᠬᠤ ᠵᠡᠷᠭᠡ ᠲᠥᠷᠥᠯ ᠵᠦᠢᠯ ᠢ ᠨᠢᠭᠡᠳᠦᠯᠲᠡᠶ ᠲᠦᠯᠦᠪᠵᠢᠬᠦᠯᠦᠨ ᠳᠣᠭᠢᠷᠠᠭᠤᠯᠬᠤ ᠪᠠᠨ ᠴᠢᠩᠭᠠᠳᠬᠠᠵᠤ᠂ ᠠᠵᠢᠯ ᠤᠨ ᠡᠭᠦᠷᠭᠡ ᠶᠢ ᠨᠠᠷᠢᠯᠢᠭᠵᠢᠭᠤᠯᠤᠨ ᠬᠤᠪᠢᠶᠠᠷᠢᠯᠠᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠨᠢᠭᠲᠠ ᠠᠩᠬᠠᠷᠴᠤ᠂ ᠪᠠᠷᠢᠯᠭ᠎ᠠ ᠶᠢᠨ ᠬᠤᠭᠤᠴᠠᠭ᠎ᠠ ᠶᠢ ᠡᠳᠦᠷ ᠲᠤᠭᠠᠯᠠᠨ ᠵᠢᠬᠰᠠᠭᠠᠵᠤ᠂ ᠡᠷᠴᠢᠮ ᠢᠶᠠᠨ ᠴᠢᠩᠭᠠᠷᠠᠭᠤᠯᠤᠨ᠂ ᠰᠢᠨ᠎ᠡ ᠪᠠᠷ ᠨᠡᠮᠡᠭᠳᠡᠬᠦ ᠬᠡᠮᠵᠢᠶ᠎ᠡ ᠶᠢ ᠲᠦᠷᠭᠡᠳᠬᠡᠨ  ᠪᠦᠷᠢᠯᠳᠦᠬᠦᠯᠬᠦ ᠬᠡᠷᠡᠭᠲᠡᠶ᠃ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠯᠬᠤᠮ ᠳᠠᠷᠠᠭ᠎ᠠ᠂ ᠭᠤᠭᠴᠤᠭ᠎ᠠ ᠨᠢᠭᠡᠪᠦᠷᠢ ᠶᠢ ᠪᠣᠳᠠᠲᠠᠶ ᠠᠳᠬᠤᠵᠤ᠂ ᠤᠰᠤ ᠬᠡᠷᠡᠭᠯᠡᠬᠦ᠂ ᠴᠠᠬᠢᠯᠭᠠᠨ ᠬᠡᠷᠡᠭᠯᠡᠬᠦ᠂ ᠪᠠᠯᠠ ᠮᠥᠩᠭᠦ ᠵᠡᠷᠭᠡ ᠴᠢᠬᠤᠯᠠ ᠡᠯᠧᠮᠧᠨ᠋ᠲ ᠤᠨ ᠪᠠᠲᠤᠯᠠᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠬᠦᠢᠴᠡᠳᠬᠡᠬᠦ ᠳᠤ ᠭᠠᠷᠠᠭ ᠪᠦᠷᠢ ᠲᠣᠬᠢᠷᠠᠭᠤᠯᠤᠯᠲᠠ ᠬᠢᠬᠦ᠂ ᠡᠳᠦᠷ ᠪᠦᠷᠢ ᠠᠬᠢᠭᠤᠯᠬᠤ ᠶᠢ ᠨᠢᠬᠳᠠ ᠴᠢᠩᠭ᠎ᠠ ᠠᠩᠬᠠᠷᠴᠤ᠂ ᠲᠥᠷᠥᠯ ᠵᠦᠢᠯ ᠢ ᠠᠬᠢᠭᠤᠯᠬᠤ ᠶᠠᠪᠤᠴᠠ ᠳᠤ ᠲᠤᠯᠭᠠᠷᠠᠭᠰᠠᠨ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠵᠤ᠂ ᠠᠵᠤ ᠠᠬᠤᠶᠢᠯᠠᠯ ᠳᠤ ᠨᠠᠷᠢᠯᠢᠭ ᠣᠨᠣᠪᠴᠢᠲᠠᠶ᠂ ᠥᠨᠳᠥᠷ ᠪᠦᠲᠦᠮᠵᠢᠲᠡᠶ᠂ ᠪᠥᠬᠦ ᠲᠠᠯ᠎ᠠ ᠶᠢᠨ ᠦᠢᠯᠡᠴᠢᠯᠡᠭᠡ ᠬᠠᠩᠭᠠᠵᠤ᠂ ᠲᠥᠷᠥᠯ ᠵᠦᠢᠯ ᠤᠨ ᠲᠤᠬᠳᠠᠬᠰᠠᠨ ᠴᠠᠭ ᠤᠨ ᠳᠠᠷᠠᠭᠠᠯᠠᠯ ᠶᠤᠰᠤᠭᠠᠷ ᠠᠬᠢᠴᠠ ᠶᠢ ᠠᠬᠢᠭᠤᠯᠬᠤ ᠶᠢ ᠪᠠᠲᠤᠯᠠᠬᠤ ᠬᠡᠷᠡᠭᠲᠡᠶ᠃ ᠣᠳᠣᠬᠠᠨ ᠤ ᠪᠠᠶᠢᠳᠠᠯ ᠳᠤ ᠰᠠᠭᠤᠷᠢᠯᠠᠨ᠂ ᠠᠯᠤᠰ ᠬᠡᠲᠦ ᠶᠢ ᠪᠣᠳᠣᠯᠬᠢᠯᠠᠵᠤ᠂ ᠭᠤᠤᠯᠯᠠᠬᠤ ᠠᠵᠤ ᠦᠢᠯᠡᠰ ᠤᠨ ᠲᠣᠭᠤᠷᠢᠨ ᠳᠤ ᠰᠦᠪᠡᠭᠴᠢᠯᠡᠨ ᠲᠦᠯᠦᠪᠯᠡᠬᠦ ᠶᠢ ᠪᠠᠷᠢᠮᠲᠠᠯᠠᠵᠤ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠶᠢ ᠥᠭᠡᠷᠡᠴᠢᠯᠡᠨ ᠲᠠᠰ ᠳᠡᠪᠰᠢᠭᠦᠯᠬᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠭᠤᠤᠯᠳᠠᠯᠭ᠎ᠠ ᠲᠠᠢ ᠪᠤᠶᠢᠵᠢᠭᠤᠯᠬᠤ᠂ ᠢᠷᠡᠭᠡᠳᠦᠶ ᠶᠢᠨ ᠠᠵᠤ ᠦᠢᠯᠡᠰ ᠢ ᠲᠥᠯᠥᠪᠵᠢᠭᠦᠯᠦᠨ ᠪᠠᠶᠢᠷᠢᠯᠠᠭᠤᠯᠬᠤ ᠶᠢ ᠨᠡᠪᠲᠡᠷᠡᠭᠦᠯᠵᠦ᠂ ᠠᠷᠠᠯᠵᠢᠶᠠᠴᠢᠨ ᠤᠷᠢᠵᠤ ᠪᠠᠯᠠ ᠮᠦᠩᠬᠦ ᠣᠷᠣᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠪᠠᠯᠠ ᠣᠷᠣᠭᠤᠯᠬᠤ ᠰᠠᠨᠠᠭ᠎ᠠ ᠲᠠᠢ ᠠᠷᠠᠯᠵᠢᠶᠠᠴᠢᠨ ᠤᠷᠢᠬᠤ ᠲᠥᠷᠥᠯ ᠵᠦᠢᠯ ᠳᠤ ᠭᠡᠷ᠎ᠡ ᠲᠣᠭᠲᠠᠨ ᠪᠤᠳᠠᠳᠠᠢ ᠨᠠᠶᠢᠳᠠᠪᠤᠷᠢᠵᠢᠭᠤᠯᠬᠤ ᠶᠢ ᠨᠢᠬᠳᠠ ᠴᠢᠩᠭ᠎ᠠ ᠠᠩᠬᠠᠷᠴᠤ᠂ ᠱᠠᠲᠤᠯᠢᠭ ᠢᠶᠠᠷ ᠬᠤᠪᠢᠷᠠᠭᠤᠯᠬᠤ᠂ ᠱᠠᠲᠤᠯᠢᠭ ᠢᠶᠠᠷ ᠶᠠᠪᠤᠬᠳᠠᠭᠤᠯᠬᠤ ᠲᠥᠷᠥᠯ ᠵᠦᠢᠯ ᠢ ᠠᠬᠢᠭᠤᠯᠬᠤ ᠪᠠᠶᠢᠷᠢᠰᠢᠯ ᠢ ᠪᠦᠷᠢᠯᠳᠦᠭᠦᠯᠬᠦ ᠶᠢ ᠠᠬᠢᠭᠤᠯᠬᠤ ᠬᠡᠷᠡᠭᠲᠡᠶ ᠭᠡᠵᠤ ᠴᠢᠬᠤᠯᠠᠴᠢᠯᠠᠪᠠ᠃ ︵ᠰᠤᠷᠪᠤᠯᠵᠢᠯᠠᠭᠴᠢ᠄ ᠯᠧᠢ ᠶᠤᠸᠠᠨ ᠶᠤᠸᠠᠨ   ᠬᠢᠨᠠᠨ ᠬᠠᠷᠭᠤᠭᠤᠯᠤᠬᠰᠠᠨ ᠨᠢ᠄ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠬᠡᠷ︶  
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号