ᠮᠢᠬ᠎ᠠ ᠢᠳᠡᠪᠡᠯ ᠥᠮᠡᠨ ᠤᠯᠤᠨ᠎ᠠ ᠦᠦ︖
ᠨᠡᠶᠢᠲᠡᠯᠡᠭᠰᠡᠨ ᠴᠠᠭ᠄
2024/1/12
     ᠡᠮᠦᠨ᠎ᠡ ᠬᠡᠳᠦᠨ ᠵᠢᠯ ᠳᠤ᠂ ᠳᠡᠯᠡᠬᠡᠶ ᠶᠢᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ︵WHO︶ ᠶᠢᠨ ᠳᠣᠣᠷᠠᠬᠢ ᠣᠯᠠᠨ ᠤᠯᠤᠰ ᠤᠨ ᠥᠮᠡᠨ ᠡᠪᠡᠳᠴᠢᠨ ᠤ ᠰᠤᠳᠤᠯᠭᠠᠨ ᠤ ᠪᠠᠶᠢᠭᠤᠯᠤᠮᠵᠢ ︵IARC︶ ᠠᠴᠠ ᠤᠯᠠᠭᠠᠨ ᠢᠲᠡᠭᠡᠨ‌ᠵᠢᠴᠢ ᠪᠣᠯᠪᠠᠰᠤᠷᠠᠭᠤᠯᠤᠭᠰᠠᠨ ᠮᠢᠬᠠᠨ ᠢᠳᠡᠭᠡᠨ ᠢ ᠦᠨᠡᠯᠡᠨ ᠵᠢᠱᠢᠭᠰᠡᠨ ᠮᠡᠳᠡᠭᠦᠯᠦᠯᠲᠡ    ᠨᠡᠶᠢᠲᠡᠯᠡᠵᠡᠶ᠂ ᠡᠨᠡᠬᠦ ᠮᠡᠳᠡᠭᠦᠯᠦᠯᠲᠡ ᠳᠤ᠂ WHO ᠶᠢᠨ ᠬᠢᠨ ᠪᠣᠯᠪᠠᠰᠤᠷᠠᠭᠤᠯᠤᠭᠰᠠᠨ ᠮᠢᠬᠠᠨ ᠪᠦᠲᠦᠭᠡᠭᠳᠡᠬᠦᠨ ᠢ 1 ᠲᠥᠷᠥᠯ ᠤᠨ ᠥᠮᠡᠨ ᠡᠭᠦᠰᠭᠡᠬᠦ  ᠪᠣᠳᠠᠰ᠂ᠤᠯᠠᠭᠠᠨ‌ᠢᠲᠡᠭᠡᠨ ᠢ 2 A ᠲᠥᠷᠥᠯ ᠤᠨ ᠥᠮᠡᠨ ᠡᠭᠦᠰᠭᠡᠬᠦ ᠪᠣᠳᠠᠰ ᠢᠶᠠᠷ ᠦᠨᠡᠯᠡᠨ ᠲᠣᠭᠲᠠᠭᠠᠬᠰᠠᠨ ᠪᠠᠶᠢᠨ᠎ᠠ᠃ ᠭᠡᠪᠡᠴᠦ ᠡᠨᠡ‌ᠨᠢ ᠮᠢᠬ᠎ᠠ ᠢᠳᠡᠪᠡᠯ ᠯᠠᠪᠲᠠᠶ ᠥᠮᠡᠨ ᠤᠯᠤᠨ᠎ᠠ᠂ ᠮᠢᠬ᠎ᠠ ᠶᠢ ᠢᠳᠡᠵᠦ ᠪᠣᠯᠬᠤ ᠦᠭᠡᠢ ᠭᠡᠰᠡᠨ ᠦᠭᠡ ᠪᠢᠰᠢ᠃              ᠮᠠᠨ ᠤ ᠤᠯᠤᠰ ᠤᠨ ᠢᠳᠡᠭᠡᠨ ᠤ ᠡᠷᠳᠡᠨᠢ ᠶᠢᠨ ᠰᠤᠪᠤᠷᠭ᠎ᠠ   ᠳᠤ ᠲᠠᠨᠢᠯᠴᠠᠭᠤᠯᠤᠭᠰᠠᠨ ᠢᠶᠠᠷ᠂ ᠬᠥᠮᠦᠨ ᠪᠦᠷᠢ ᠳᠤᠮᠳᠠᠴᠢ ᠪᠠᠷ ᠡᠳᠦᠷ ᠪᠦᠷᠢ 40 - 75 ᠭᠷᠠᠮ ᠤᠷᠴᠢᠮ ᠮᠠᠯ ᠵᠢᠭᠦᠷᠲᠡᠨ ᠤ ᠮᠢᠬ᠎ᠠ ᠢᠳᠡᠬᠦ ᠶᠢ ᠰᠠᠨᠠᠭᠤᠯᠪᠠ᠂ ᠮᠢᠬ᠎ᠠ ᠶᠢ ᠬᠡᠪ ᠤᠨ ᠪᠠᠶᠢᠳᠠᠯ ᠢᠶᠠᠷ ᠢᠳᠡᠳᠡᠭ ᠯᠡ ᠶᠤᠮ ᠪᠤᠯ᠂ ᠮᠢᠬ᠎ᠠ ᠢᠳᠡᠪᠡᠯ ᠥᠮᠡᠨ ᠤᠯᠤᠨ᠎ᠠ ᠭᠡᠵᠦ ᠰᠠᠨᠠᠭ᠎ᠠ  ᠵᠤᠪᠠᠭᠰᠠᠨ   ᠤ ᠬᠡᠷᠡᠭ ᠥᠬᠡᠶ᠃              ᠲᠡᠷᠡᠴᠢᠯᠡᠨ ᠥᠮᠡᠨ ᠤ ᠡᠪᠡᠳᠴᠢᠨ ᠤᠯᠬᠤ ᠰᠢᠯᠲᠠᠭᠠᠨ ᠨᠢ ᠲᠦᠢᠯ ᠤᠨ ᠪᠤᠳᠤᠯᠢᠶᠠᠨᠲᠠᠶ ᠪᠠᠶᠢᠳᠠᠭ᠂ ᠲᠡᠷᠡ ᠨᠢ ᠣᠯᠠᠨ ᠵᠦᠢᠯ ᠤᠨ ᠡᠯᠧᠮᠧᠨ᠋ᠲ ᠠᠴᠠ ᠪᠣᠯᠤᠭᠰᠠᠨ ᠦᠷ᠎ᠡ  ᠳ᠋ᠦᠩ ᠮᠥᠨ᠂ ᠤᠳᠤᠮᠰᠢᠯ᠂  ᠠᠮᠢᠳᠤᠷᠠᠯ ᠤᠨ ᠳᠠᠳᠬᠠᠯ᠂ ᠢᠳᠡᠭᠡᠨ‌ᠤᠮᠳᠠᠭᠠᠨ ᠤ ᠳᠠᠳᠬᠠᠯ ᠵᠡᠷᠭᠡ ᠠᠴᠠ ᠪᠤᠯᠵᠤ ᠨᠥᠯᠥᠭᠡ ᠭᠠᠷᠴᠤ ᠮᠡᠳᠡᠨ᠎ᠡ᠂ ᠲᠡᠭᠦᠨ ᠤ ᠰᠢᠯᠲᠠᠭᠠᠨ ᠢ ᠨᠢ ᠵᠦᠪᠭᠡᠨ ᠢᠳᠡᠭᠡᠨ ᠠᠴᠠ ᠪᠤᠯᠤᠯ᠎ᠠ ᠭᠡᠵᠦ ᠲᠦᠭᠦᠮ ᠬᠢᠯᠪᠡᠷ ᠢᠶᠠᠷ ᠦᠵᠡᠵᠦ ᠪᠤᠯᠬᠤ ᠦᠭᠡᠢ᠃ ᠡᠶᠢᠮᠦ ᠠᠴᠠ ᠮᠢᠬ᠎ᠠ ᠢᠳᠡᠬᠦ ᠠᠴᠠ ᠪᠠᠨ ᠠᠶᠤᠬᠰᠠᠨ ᠤ ᠭᠡᠷᠡᠭ ᠦᠭᠡᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号