ᠬᠥᠨᠳᠡᠯᠡᠨ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠨᠠᠢᠮᠠᠳᠤᠭᠠᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/1/13
   1 ᠰᠠᠷ᠎ᠠ ᠶᠢᠨ 10 ᠤ ᠡᠳᠦᠷ᠂ ᠬᠥᠨᠳᠡᠯᠡᠨ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠨᠠᠢᠮᠠᠳᠤᠭᠠᠷ ᠬᠤᠷᠠᠯ ᠬᠤᠷᠠᠯᠳᠤᠪᠠ᠃ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠧᠦ ᠮᠢᠨ ᠵᠢᠶᠧ᠂ ᠳᠡᠳ᠋ ᠡᠷᠬᠢᠯᠡᠭᠴᠢ ᠬᠤ᠋ ᠰᠢᠶᠠ᠂ ᠸᠠᠩ ᠸᠧᠢ᠂ ᠯᠢᠦ ᠯᠢ ᠰᠢᠶᠠ ᠵᠢᠴᠢ ᠭᠡᠰᠢᠭᠦᠨ ᠵᠡᠷᠬᠡ 22 ᠬᠦᠮᠦᠨ ᠬᠤᠷᠠᠯ ᠳᠤ ᠣᠷᠣᠯᠴᠠᠵᠠᠢ᠃ ᠵᠧᠤ ᠮᠢᠨ ᠵᠢᠶᠧ ᠬᠤᠷᠠᠯ ᠡᠷᠭᠢᠯᠡᠪᠡ᠃
 
     ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠬᠠᠰᠪᠢᠯᠢᠭ᠌᠂ ᠲᠤᠭᠤᠷᠢᠭ ᠤᠨ ᠳᠡᠳ᠋ ᠳᠠᠷᠤᠭ᠎ᠠ ᠶᠠᠩ ᠶᠦᠩ᠂ ᠲᠤᠭᠤᠷᠢᠭ ᠤᠨ ᠬᠢᠨᠠᠨ ᠪᠠᠶᠢᠴᠠᠭᠠᠬᠤ ᠵᠥᠪᠯᠡᠯ᠂ ᠲᠤᠭᠤᠷᠢᠭ ᠤᠨ ᠠᠷᠠᠳ ᠤᠨ ᠰᠢᠭᠦᠬᠦ ᠬᠤᠷᠢᠶ᠎ᠠ᠂ ᠲᠤᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ᠰᠤᠩᠭᠤᠨ ᠲᠤᠮᠢᠯᠠᠬᠰᠠᠨ ᠬᠤᠯᠪᠤᠭ᠎ᠠ ᠠᠪᠬᠤ ᠠᠵᠢᠯ ᠤᠨ ᠵᠦᠪᠯᠡᠯ   ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃      ᠬᠤᠷᠠᠯ ᠠᠴᠠ ᠬᠥᠨᠳᠡᠯᠡᠨ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠢ ᠬᠤᠷᠠᠯᠳᠤᠭᠤᠯᠬᠤ ᠲᠤᠬᠠᠢ ᠲᠣᠭᠲᠠᠭᠠᠯ ︵ᠲᠥᠰᠦᠯ︶᠂ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠤᠨ ᠵᠥᠪᠯᠡᠬᠦ ᠵᠦᠢᠯ ᠤᠳ᠂ ᠴᠠᠭ ᠤᠨ ᠳᠠᠷᠠᠭᠠᠯᠠᠯ᠂ ᠲᠡᠷᠢᠭᠦᠯᠡᠭᠴᠢᠳ ᠤᠨ ᠪᠦᠯᠬᠦᠮ ᠪᠠ ᠨᠠᠷᠢᠨ ᠪᠢᠴᠢᠭ ᠤᠨ ᠳᠠᠷᠤᠭ᠎ᠠ ᠶᠢᠨ ᠨᠡᠷᠡᠰ᠂ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢᠳ ᠤᠨ ᠨᠡᠷᠡᠰ᠂ ᠭᠦᠢᠴᠡᠳᠬᠡᠬᠦ ᠲᠡᠷᠢᠭᠦᠯᠡᠭᠴᠢ ᠶᠢᠨ ᠳᠤᠭᠤᠶᠢᠯᠠᠩ ᠬᠤᠪᠢᠶᠠᠭᠰᠠᠨ ᠨᠡᠷᠡᠰ᠂ ᠨᠠᠷᠢᠨ ᠪᠢᠴᠢᠭ ᠤᠨ ᠳᠡᠳ᠋ ᠳᠠᠷᠤᠭ᠎ᠠ ᠶᠢᠨ ᠨᠡᠷᠡᠰ᠂ ᠰᠠᠨᠠᠯ ᠵᠥᠪᠯᠡᠯᠭᠡ ᠶᠢ ᠪᠠᠲᠤᠯᠠᠬᠤ ᠠᠷᠭ᠎ᠠ᠂ ᠲᠥᠯᠥᠭᠡᠯᠡᠭᠴᠢᠳ ᠤᠨ ᠰᠠᠨᠠᠯ ᠵᠥᠪᠯᠡᠯᠭᠡ ᠳᠤᠷᠠᠳᠬᠤ ᠡᠴᠦᠰ ᠤᠨ ᠴᠠᠭ ᠤᠨ ᠬᠢᠵᠠᠭᠠᠷᠯᠠᠯ ᠤᠨ ᠲᠤᠬᠠᠢ ᠲᠣᠭᠲᠠᠭᠠᠯ᠂ ᠰᠠᠨᠠᠯ ᠵᠥᠪᠯᠡᠯᠭᠡ ᠶᠢ ᠬᠢᠨᠠᠨ ᠪᠠᠶᠢᠴᠠᠭᠠᠬᠤ ᠵᠥᠪᠯᠡᠯ ᠤᠨ ᠪᠦᠷᠢᠯᠳᠦᠬᠦᠨ ᠤ ᠨᠡᠷᠡᠰ᠂ ᠰᠤᠯᠠ ᠣᠷᠣᠯᠴᠠᠭᠰᠠᠳ ᠤᠨ ᠨᠡᠷᠡᠰ᠂ ᠪᠦᠯᠬᠦᠮ ᠤᠨ ᠲᠠᠷᠤᠭ᠎ᠠ ᠪᠦᠯᠬᠦᠮ ᠤᠨ ᠳᠡᠳ᠋ ᠳᠠᠷᠤᠭ᠎ᠠ ᠶᠢᠨ ᠨᠡᠷᠡᠰ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠳᠤ ᠬᠢᠨᠠᠯᠲᠠ ᠲᠠᠯᠪᠢᠬᠤ ᠠᠵᠢᠯ ᠤᠨ ᠲᠤᠬᠠᠢ ᠲᠤᠰᠬᠠᠶ ᠠᠵᠢᠯ ᠤᠨ ᠮᠡᠳᠡᠭᠦᠯᠦᠯᠲᠡ᠂ ᠠᠷᠠᠳ ᠤᠨ ᠠᠮᠢᠳᠤᠷᠠᠯ ᠤᠨ ᠪᠣᠳᠠᠲᠤ ᠬᠡᠷᠡᠭ ᠢ ᠪᠢᠯᠧᠲ ᠦᠭᠴᠦ ᠲᠤᠬᠳᠠᠭᠠᠬᠤ ᠠᠷᠭ᠎ᠠ᠂ ᠶᠡᠭᠡ ᠬᠤᠷᠠᠯ ᠤᠨ ᠰᠣᠩᠭᠤᠭᠤᠯᠢ ᠶᠢᠨ ᠠᠷᠭ᠎ᠠ ︵ᠲᠥᠰᠦᠯ︶᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠬᠦᠯᠦᠯᠳᠡ ︵ᠲᠥᠰᠦᠯ︶ ᠶᠢ ᠬᠢᠨᠠᠨ ᠵᠦᠪᠯᠡᠵᠤ ᠪᠠᠲᠤᠯᠠᠪᠠ᠃ ᠬᠤᠷᠠᠯ ᠠᠴᠠ ᠪᠤᠭᠤᠲᠤ ᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ 6 ᠲᠥᠯᠥᠭᠡᠯᠡᠭᠴᠢ ᠶᠢᠨ ᠲᠤᠰᠢᠶᠠᠯ ᠠᠴᠠ ᠪᠠᠨ ᠪᠠᠭᠤᠬᠤ ᠭᠤᠶᠤᠴᠢᠯᠠᠯ ᠢ ᠭᠥᠯᠢᠶᠡᠨ ᠠᠪᠴᠠᠶ᠃      ᠬᠤᠷᠠᠯ ᠠᠴᠠ ᠪᠤᠭᠤᠲᠤ ᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ 11 ᠲᠥᠯᠥᠭᠡᠯᠡᠭᠴᠢ ᠶᠢ ᠨᠥᠬᠦᠨ ᠰᠣᠩᠭᠤᠪᠠ᠃ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠨᠢ ᠪᠠᠭᠤᠯᠭᠠᠬᠤ ᠬᠤᠯᠪᠣᠭᠳᠠᠯ ᠪᠥᠬᠦᠶ ᠵᠦᠢᠯᠡᠰ ᠢ ᠪᠠᠲᠤᠯᠠᠵᠤ᠂ ᠵᠠᠩ ᠵᠢᠶᠠ ᠯᠢ᠂ ᠶᠠᠩ ᠶᠠᠩ ᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠤᠭᠤᠷᠢᠭ ᠤᠨ ᠲᠡᠳ᠋ ᠳᠠᠷᠤᠭ᠎ᠠ ᠪᠠᠷ ᠲᠣᠮᠢᠯᠠᠬᠤ ᠪᠠᠷ ᠲᠣᠭᠲᠠᠪᠠ᠃ ᠵᠧᠦ ᠮᠢᠨ ᠵᠢᠶᠧ ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠨ ᠬᠥᠮᠦᠰ ᠲᠤ ᠲᠤᠰᠢᠶᠠᠯ ᠳᠤ ᠲᠣᠮᠢᠯᠠᠬᠤ ᠪᠢᠴᠢᠭ ᠭᠠᠷᠳᠠᠭᠤᠯᠵᠤ᠂ ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠨ ᠬᠥᠮᠦᠰ ᠦᠨᠳᠦᠰᠦᠨ ᠬᠠᠤᠯᠢ ᠳᠤ ᠲᠠᠩᠭᠠᠷᠢᠭᠯᠠᠪᠠ᠃     ︵ᠰᠤᠷᠪᠤᠯᠵᠢᠯᠠᠭᠴᠢ᠄ ᠵᠣᠣ ᠶᠢᠨ ᠹᠧᠩ  ᠬᠢᠨᠠᠨ ᠬᠠᠷᠭᠤᠭᠤᠯᠤᠬᠰᠠᠨ ᠨᠢ᠄ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠯᠪᠠᠨ ᠬᠡᠷ︶  
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号