︽ᠬᠥᠨᠳᠡᠯᠡᠨ ᠲᠣᠭᠤᠷᠢᠭ ᠤᠨ ᠠᠵᠤ ᠠᠬᠤᠶᠢᠯᠠᠯ ᠤᠨ ᠴᠢᠨᠠᠷ ᠰᠠᠶᠢᠲᠠᠶ ᠬᠥᠭᠵᠢᠯᠲᠡ ᠳᠤ ᠦᠶᠯᠡᠴᠢᠯᠡᠬᠦ ᠲᠤᠰᠬᠠᠶ | ᠠᠵᠢᠯ ᠤᠨ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ ᠤ ᠠᠯᠪᠠᠨ ᠭᠡᠷ ᠤᠨ ᠮᠡᠳᠡᠭᠳᠡᠯ | | ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠲᠠᠷᠬᠠᠭᠠᠪᠠ ﹇2023﹈ | 23 ᠳ᠋ᠤᠭᠠᠷ ᠲᠣᠭᠠᠲᠤ | ᠡᠯ᠎ᠡ ᠬᠤᠯᠪᠤᠬᠳᠠᠯ ᠪᠥᠬᠦᠶ ᠰᠠᠯᠠᠭ᠎ᠠ ᠮᠥᠴᠢᠷ᠂ ᠨᠢᠭᠡᠴᠢ ᠳᠤ᠄ | ᠲᠣᠭᠤᠷᠢᠭ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ︽ᠬᠥᠨᠳᠡᠯᠡᠨ ᠲᠣᠭᠤᠷᠢᠭ ᠤᠨ | ᠠᠵᠤ ᠠᠬᠤᠶᠢᠯᠠᠯ ᠤᠨ ᠴᠢᠨᠠᠷ ᠰᠠᠶᠢᠲᠠᠶ ᠬᠥᠭᠵᠢᠯᠲᠡ ᠳᠤ ᠦᠶᠯᠡᠴᠢᠯᠡᠬᠦ ᠲᠤᠰᠬᠠᠶ ᠠᠵᠢᠯ ᠤᠨ ᠲᠥᠰᠦᠯ︾ ᠢ | ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠨᠠᠷᠢᠨ ᠬᠢᠨᠠᠮᠠᠭᠠᠶ | ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃ | ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2023 ᠣᠨ ᠤ 12 ᠰᠠᠷ᠎ᠠ ᠶᠢᠨ 22 ᠤᠨ ᠡᠳᠦᠷ | | | ᠬᠥᠨᠳᠡᠯᠡᠨ ᠲᠣᠭᠤᠷᠢᠭ ᠤᠨ ᠠᠵᠤ ᠠᠬᠤᠶᠢᠯᠠᠯ ᠤᠨ ᠴᠢᠨᠠᠷ ᠰᠠᠶᠢᠲᠠᠶ ᠬᠥᠭᠵᠢᠯᠲᠡ ᠳᠤ ᠦᠶᠯᠡᠴᠢᠯᠡᠬᠦ ᠲᠤᠰᠬᠠᠶ | ᠠᠵᠢᠯ ᠤᠨ ᠲᠥᠰᠦᠯ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠠᠵᠤ ᠠᠬᠤᠶᠢᠯᠠᠯ ᠤᠨ ᠴᠢᠨᠠᠷ | ᠰᠠᠶᠢᠲᠠᠶ ᠬᠥᠭᠵᠢᠯᠲᠡ ᠳᠤ ᠦᠶᠯᠡᠴᠢᠯᠡᠬᠦ ᠠᠵᠢᠯ ᠤᠨ ᠪᠠᠶᠢᠷᠢᠯᠠᠭᠤᠯᠤᠯᠲᠠ ᠪᠠ ᠬᠤᠲᠠ ᠶᠢᠨ ᠨᠠᠮ ᠤᠨ ᠬᠤᠷᠢᠶ᠎ᠠ | ᠵᠠᠰᠠᠭ ᠤᠨ ᠣᠷᠳᠣᠨ ᠤ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠦᠨᠳᠦᠰᠦᠯᠡᠨ᠂ ᠠᠵᠤ ᠠᠬᠤᠶᠢᠯᠠᠯ ᠤᠨ | ᠴᠢᠨᠠᠷ ᠰᠠᠶᠢᠲᠠᠶ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ | ᠠᠮᠢᠵᠢᠷᠠᠯ ᠤᠨ ᠬᠦᠴᠦᠨ ᠢ ᠬᠥᠭᠵᠢᠭᠡᠬᠦ ᠶᠢᠨ ᠲᠥᠯᠥᠭᠡ᠂ ᠪᠥᠬᠦ ᠲᠤᠭᠤᠷᠢᠭ ᠤᠨ ᠬᠡᠪᠴᠢᠶᠡᠨ ᠳᠤ ᠠᠵᠤ | ᠠᠬᠤᠶᠢᠯᠠᠯ ᠤᠨ ᠴᠢᠨᠠᠷ ᠰᠠᠶᠢᠲᠠᠶ ᠬᠥᠭᠵᠢᠯᠲᠡ ᠳᠤ ᠦᠶᠯᠡᠴᠢᠯᠡᠬᠦ ᠲᠤᠰᠬᠠᠶ ᠠᠵᠢᠯ ᠢ ᠭᠦᠨᠵᠡᠭᠡᠶ ᠥᠷᠨᠢᠭᠦᠯᠬᠦ ᠪᠠᠷ | ᠲᠣᠭᠲᠠᠪᠠ᠃ ᠲᠤᠰᠬᠠᠶ ᠠᠵᠢᠯ ᠤᠨ ᠤᠷᠤᠭᠰᠢᠲᠠᠶ ᠶᠠᠪᠤᠭᠳᠠᠵᠤ᠂ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ | ᠪᠠᠲᠤᠯᠠᠬᠤ ᠶᠢᠨ ᠲᠦᠯᠦᠬᠡ᠂ ᠮᠠᠨ ᠤ ᠲᠤᠭᠤᠷᠢᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠲᠤᠰ ᠲᠥᠰᠦᠯ ᠢ | ᠲᠣᠭᠲᠠᠭᠠᠪᠠ᠃ | ᠨᠢᠭᠡ᠂ ᠶᠡᠷᠦᠩᠬᠡᠶ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠠᠵᠤ ᠠᠬᠤᠶᠢᠯᠠᠯ ᠤᠨ ᠬᠥᠭᠵᠢᠯᠲᠡ ᠳᠤ ᠦᠶᠯᠡᠴᠢᠯᠡᠬᠦ ᠠᠵᠢᠯ ᠤᠨ | ᠲᠤᠬᠠᠶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠱᠠᠭᠠᠷᠳᠠᠯᠭ᠎ᠠ ᠶᠢ ᠭᠦᠨᠵᠡᠭᠡᠶ | ᠲᠤᠭᠤᠰᠢᠯᠠᠭᠤᠯᠵᠤ᠂ ᠠᠵᠤ ᠦᠶᠯᠡᠳᠪᠦᠷᠢ᠂ ᠠᠷᠠᠯᠵᠢᠶ᠎ᠠ ᠬᠤᠳᠠᠯᠳᠤᠭ᠎ᠠ᠂ ᠪᠠᠷᠢᠯᠭ᠎ᠠ ᠵᠡᠷᠭᠡ ᠭᠠᠳᠠᠷ ᠣᠷᠣᠨ ᠤ ᠠᠵᠤ | ᠠᠬᠤᠶᠢᠯᠠᠯ ᠤᠨ ᠮᠠᠨ ᠤ ᠲᠤᠭᠤᠷᠢᠭ ᠲᠤ ᠬᠥᠭᠵᠢᠨ ᠪᠤᠵᠠᠭᠠᠶᠢᠷᠬᠠᠤ ᠶᠢ ᠵᠣᠷᠢᠭᠵᠢᠭᠤᠯᠵᠤ᠂ ᠠᠵᠤ ᠠᠬᠤᠶᠢᠯᠠᠯ ᠳᠤ | ᠦᠶᠯᠡᠴᠢᠯᠡᠬᠦ ᠡᠷᠴᠢᠮ ᠢᠶᠠᠨ ᠴᠢᠩᠭᠠᠷᠠᠭᠤᠯᠤᠨ᠂ ᠬᠦᠴᠢᠷ ᠠᠰᠠᠭᠤᠳᠠᠯ ᠢ ᠬᠦᠴᠦᠯᠡᠨ ᠰᠢᠪᠲᠤᠯᠵᠤ᠂ ᠲᠦᠭᠵᠢᠷᠡᠯ ᠢ | ᠨᠡᠪᠲᠡᠷᠡᠭᠦᠯᠦᠨ᠂ ᠣᠯᠠᠨ ᠵᠦᠶᠯ ᠤᠨ ᠠᠷᠭ᠎ᠠ ᠬᠡᠯᠪᠡᠷᠢ ᠶᠢ ᠠᠪᠴᠤ ᠭᠠᠳᠠᠷ ᠣᠷᠣᠨ ᠤ ᠠᠵᠤ ᠠᠬᠤᠶᠢᠯᠠᠯ ᠤᠨ ᠰᠠᠯᠪᠤᠷᠢ | ᠪᠠᠶᠢᠭᠤᠯᠤᠮᠵᠢ ᠶᠢ ᠬᠤᠪᠢᠷᠠᠭᠤᠯᠤᠨ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠪᠤᠯᠭᠠᠬᠤ ᠠᠵᠢᠯ ᠢ ᠰᠠᠶᠢᠲᠤᠷ | ᠬᠢᠵᠦ᠂ ᠭᠠᠶᠢᠯᠢ ᠶᠢ ᠰᠢᠯᠵᠢᠭᠦᠯᠬᠦ ᠠᠰᠠᠭᠤᠳᠠᠯ ᠢ ᠪᠦᠲᠦᠮᠵᠢᠲᠡᠶ ᠰᠢᠶᠳᠪᠦᠷᠢᠯᠡᠨ᠂ ᠠᠵᠤ ᠠᠬᠤᠶᠢᠯᠠᠯ ᠤᠨ ᠪᠡᠶ᠎ᠡ ᠪᠠᠨ | ᠳᠠᠭᠠᠭᠠᠵᠤ ᠡᠵᠡᠩᠨᠡᠬᠦ ᠢᠳᠡᠪᠬᠢᠵᠢᠯ ᠢ ᠳᠡᠭᠡᠭᠰᠢᠯᠡᠭᠦᠯᠵᠦ᠂ ᠠᠵᠢᠯ ᠲᠥᠷᠥᠯ ᠤᠨ ᠲᠥᠪᠯᠡᠷᠡᠨ ᠬᠥᠭᠵᠢᠬᠦ ᠶᠢ | ᠲᠦᠷᠭᠡᠳᠬᠡᠨ᠂ ᠮᠠᠨ ᠤ ᠲᠤᠭᠤᠷᠢᠭ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ᠃ | | ᠬᠤᠶᠠᠷ᠂ ᠠᠵᠢᠯ ᠤᠨ ᠬᠠᠷᠠᠯᠲᠠ | ᠰᠠᠯᠪᠤᠷᠢ ᠪᠠᠶᠢᠭᠤᠯᠤᠮᠵᠢ ᠶᠢ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠪᠤᠯᠭᠠᠨ ᠬᠤᠪᠢᠷᠠᠭᠤᠯᠬᠤ | ᠠᠵᠢᠯ ︵ᠳᠣᠷᠣᠭᠰᠢ ︽ᠰᠠᠯᠪᠤᠷᠢ ᠪᠠᠶᠢᠭᠤᠯᠤᠮᠵᠢ ᠶᠢ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠪᠤᠯᠭᠠᠨ | ᠬᠤᠪᠢᠷᠠᠭᠤᠯᠬᠤ︾ ᠠᠵᠢᠯ ᠭᠡᠵᠦ ᠲᠣᠪᠴᠢᠯᠠᠨ᠎ᠠ︶ ᠢ ᠥᠷᠨᠢᠭᠦᠯᠬᠦ ᠨᠢ᠂ ᠬᠠᠳᠠᠭᠠᠯᠠᠬᠳᠠᠴᠠ ᠶᠢ ᠠᠭᠤᠳᠠᠯᠬᠤ᠂ | ᠭᠠᠶᠢᠯᠢ ᠶᠢᠨ ᠢᠷᠡᠯᠲᠡ ᠶᠢ ᠲᠣᠭᠲᠠᠪᠤᠷᠢᠵᠢᠭᠤᠯᠬᠤ ᠭᠤᠤᠯᠳᠠᠯᠭ᠎ᠠ ᠲᠠᠢ ᠭᠠᠷᠳᠠᠴᠠ ᠪᠣᠯᠬᠤ ᠪᠠᠷ ᠪᠠᠷᠠᠬᠤ ᠥᠬᠡᠶ᠂ | ᠪᠠᠰᠠ ᠬᠡᠮᠵᠢᠶ᠎ᠡ ᠶᠢ ᠨᠡᠮᠡᠭᠳᠡᠭᠦᠯᠬᠦ᠂ ᠠᠵᠤ ᠦᠶᠯᠡᠰ ᠢ ᠲᠥᠪᠯᠡᠷᠡᠭᠦᠯᠬᠦ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠪᠣᠯᠤᠨ᠎ᠠ᠃ | ︽ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠲᠥᠷᠥ ᠶᠢᠨ ᠶᠠᠪᠤᠳᠠᠯ ᠤᠨ | ᠬᠤᠷᠢᠶᠠᠨ ᠤ ᠰᠠᠨᠠᠯ︾ ᠵᠢᠴᠢ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ᠬᠤᠯᠪᠣᠭᠳᠠᠯ ᠪᠥᠬᠦᠶ ᠲᠥᠷᠥ ᠶᠢᠨ | ᠪᠣᠳᠣᠯᠭ᠎ᠠ ᠠᠷᠭ᠎ᠠ ᠬᠡᠮᠵᠢᠶ᠎ᠡ ᠶᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠠᠳᠠᠷ ᠣᠷᠣᠨ ᠤ ᠠᠵᠤ | ᠠᠬᠤᠶᠢᠯᠠᠯ ᠤᠨ ᠰᠠᠯᠪᠤᠷᠢ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠪᠠᠶᠢᠭᠤᠯᠤᠮᠵᠢ᠂ ᠠᠵᠤ ᠠᠬᠤᠶᠢᠯᠠᠯ ᠤᠨ ᠬᠠᠷᠢᠶ᠎ᠠ | ᠪᠠᠶᠢᠭᠤᠯᠤᠮᠵᠢ ᠶᠢ ᠲᠣᠬᠢᠷᠠᠭᠤᠯᠤᠬᠰᠠᠨ ᠬᠡᠯᠪᠡᠷᠢ ᠨᠢ ᠠᠳᠠᠯᠢ ᠥᠬᠡᠶ ᠪᠠᠶᠢᠬᠤ ᠵᠡᠷᠬᠡ ᠪᠠᠶᠢᠳᠠᠯ ᠳᠤ ᠴᠢᠭᠯᠡᠭᠦᠯᠦᠨ᠂ ︽ | ᠤᠷᠢᠳ ᠢᠶᠠᠷ ᠬᠢᠯᠪᠠᠷ ᠢ ᠨᠢ ᠳᠠᠷᠠᠭ᠎ᠠ ᠨᠢ ᠬᠦᠴᠢᠷᠲᠡᠶ ᠶᠢ ᠨᠢ ᠬᠢᠬᠦ᠂ ᠬᠠᠷᠢᠯᠴᠠᠨ ᠠᠰᠢᠭ ᠬᠦᠷᠲᠡᠭᠡᠵᠦ ᠪᠤᠳᠠᠳᠤ | ᠦᠷ᠎ᠡ ᠠᠰᠢᠭ ᠲᠠᠢ ᠪᠠᠶᠢᠬᠤ᠂ ᠨᠢᠭᠡ ᠠᠵᠤ ᠠᠬᠤᠶᠢᠯᠠᠯ ᠳᠤ ᠨᠢᠭᠡ ᠠᠷᠭ᠎ᠠ ᠪᠣᠳᠣᠯᠭ᠎ᠠ ᠶᠢ ᠬᠡᠷᠡᠭᠵᠢᠬᠦᠯᠬᠦ᠂ ᠨᠢᠭᠡ | ᠨᠢᠭᠡ ᠪᠠᠷ ᠰᠢᠪᠳᠤᠯᠤᠯᠳᠠ ᠬᠢᠬᠦ︾ ᠵᠠᠷᠴᠢᠮ ᠶᠣᠰᠣᠭᠠᠷ᠂ ᠠᠵᠢᠯ ᠤᠨ ᠭᠤᠤᠯᠳᠠᠯᠭ᠎ᠠ ᠪᠠᠨ ᠳᠣᠪᠤᠶᠢᠯᠭᠠᠵᠤ᠂ ᠮᠠᠨ ᠤ | ᠲᠤᠭᠤᠷᠢᠭ ᠲᠤ ᠪᠠᠶᠢᠭ᠎ᠠ ᠭᠠᠳᠠᠷ ᠣᠷᠣᠨ ᠤ ᠠᠵᠤ ᠠᠬᠤᠶᠢᠯᠠᠯ ᠤᠨ ᠰᠠᠯᠪᠤᠷᠢ ᠪᠠᠶᠢᠭᠤᠯᠤᠮᠵᠢ ᠶᠢ ᠪᠡᠶ᠎ᠡ ᠪᠠᠨ | ᠳᠠᠭᠠᠭᠠᠭᠰᠠᠨ ᠬᠠᠤᠯᠢ ᠶᠢᠨ ᠡᠷᠬᠡᠲᠡᠨ ᠪᠤᠯᠭᠠᠨ ᠬᠤᠪᠢᠷᠠᠭᠤᠯᠬᠤ ᠠᠵᠢᠯ ᠢ ᠲᠥᠷᠥᠯ ᠬᠤᠪᠢᠶᠠᠨ ᠠᠬᠢᠭᠤᠯᠤᠨ᠎ᠠ᠃ | ᠲᠦᠷᠦ ᠶᠢᠨ ᠪᠤᠳᠤᠯᠭ᠎ᠠ ᠵᠡᠷᠭᠡ ᠡᠯ᠎ᠡ ᠲᠠᠯ᠎ᠠ ᠶᠢᠨ ᠨᠥᠬᠦᠴᠡᠯ ᠤᠨ ᠬᠢᠵᠠᠭᠠᠷᠯᠠᠯ ᠠᠴᠠ ᠪᠤᠯᠵᠤ ᠪᠡᠶ᠎ᠡ ᠪᠠᠨ ᠳᠠᠭᠠᠭᠠᠭᠰᠠᠨ | ᠬᠠᠤᠯᠢ ᠶᠢᠨ ᠡᠷᠬᠡᠳᠡᠨ ᠪᠣᠯᠭᠠᠨ ᠬᠤᠪᠢᠷᠠᠭᠤᠯᠵᠤ ᠪᠣᠯᠬᠤ ᠦᠭᠡᠢ ᠪᠠᠶᠢᠪᠠᠯ᠂ ᠠᠵᠤ ᠠᠬᠤᠶᠢᠯᠠᠯ ᠲᠠᠢ ᠬᠠᠷᠢᠯᠴᠠᠵᠤ | ᠪᠠᠶᠢᠭᠤᠯᠤᠬᠳᠠᠬᠰᠠᠨ ᠭᠠᠵᠠᠷ ᠣᠷᠣᠨ ᠤ ᠲᠠᠰᠤᠯᠤᠨ ᠪᠤᠳᠤᠬᠤ ᠲᠥᠪ ᠯᠦᠭᠡ ᠵᠣᠬᠢᠴᠠᠭᠤᠯᠤᠨ ᠬᠦᠢᠴᠡᠳᠬᠡᠨ᠎ᠡ︔ | ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠪᠣᠯᠭᠠᠨ ᠬᠤᠪᠢᠷᠠᠭᠤᠯᠵᠤ ᠪᠣᠯᠬᠤ ᠦᠭᠡᠶ ᠮᠥᠷᠲᠡᠭᠡᠨ ᠪᠠᠰᠠ ᠭᠠᠵᠠᠷ | ᠣᠷᠣᠨ ᠤ ᠲᠠᠰᠤᠯᠤᠨ ᠪᠣᠳᠣᠬᠤ ᠲᠥᠪ ᠯᠦᠭᠡ ᠵᠣᠬᠢᠴᠠᠭᠤᠯᠤᠨ ᠬᠦᠢᠴᠡᠳᠬᠡᠬᠦ ᠶᠢᠨ ᠠᠷᠭ᠎ᠠ ᠦᠬᠡᠢ ᠠᠵᠤ | ᠠᠬᠤᠶᠢᠯᠠᠯ ᠳᠤ ᠪᠣᠯ ᠠᠵᠤ ᠠᠬᠤᠶᠢᠯᠠᠯ ᠤᠨ ᠳᠡᠭᠡᠳᠦ ᠱᠠᠲᠤᠨ ᠤ ᠪᠠᠶᠢᠭᠤᠯᠤᠮᠵᠢ ᠯᠤᠭ᠎ᠠ ᠵᠣᠬᠢᠴᠠᠭᠤᠯᠵᠤ | ᠰᠢᠢᠳᠪᠦᠷᠢᠯᠡᠬᠦ ᠡᠷᠴᠢᠮ ᠢᠶᠠᠨ ᠨᠡᠮᠡᠭᠳᠡᠭᠦᠯᠵᠦ᠂ ᠵᠥᠪᠳᠡᠯᠴᠡᠨ ᠭᠠᠶᠢᠯᠢ ᠬᠤᠪᠢᠶᠠᠯᠴᠠᠬᠤ ᠶᠢ ᠬᠦᠢᠴᠡᠳᠭᠡᠨ᠎ᠡ᠃ | ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠪᠤᠯᠵᠤ ᠬᠤᠪᠢᠷᠠᠬᠰᠠᠨ ᠪᠠᠶᠢᠭᠤᠯᠤᠮᠵᠢ ᠨᠢ ᠬᠢᠵᠠᠭᠠᠷᠯᠠᠬᠰᠨ | ᠬᠡᠮᠵᠢᠶ᠎ᠡ ᠶᠢᠨ ᠲᠤᠭ᠎ᠠ ᠪᠦᠷᠢᠳᠬᠡᠯ ᠤᠨ ᠪᠠᠷᠢᠮᠵᠢᠶ᠎ᠠ ᠳᠤ ᠬᠦᠷᠦᠭᠰᠡᠨ ᠠᠵᠤ ᠠᠬᠤᠶᠢᠯᠠᠯ ᠳᠤ ᠲᠤᠭ᠎ᠠ ᠪᠦᠷᠢᠳᠬᠡᠯ ᠳᠤ | ᠣᠷᠣᠭᠤᠯᠬᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠰᠠᠶᠢᠲᠤᠷ ᠬᠢᠵᠦ᠂ ᠲᠤᠭ᠎ᠠ ᠪᠦᠷᠢᠳᠬᠡᠯ ᠤᠨ | ᠱᠠᠭᠠᠷᠳᠠᠯᠭ᠎ᠠ ᠶᠣᠰᠣᠭᠠᠷ ᠲᠤᠭ᠎ᠠ ᠪᠦᠷᠢᠳᠬᠡᠯ ᠤᠨ ᠬᠡᠪᠴᠢᠶᠡᠨ ᠳᠤ ᠴᠠᠭ ᠲᠤᠬᠠᠶ ᠳᠤᠨᠢ ᠣᠷᠣᠭᠤᠯᠬᠤ ᠬᠡᠷᠡᠭᠲᠡᠶ᠃ | ᠡᠭᠦᠨ ᠤ ᠬᠠᠮᠲᠤ᠂ ᠠᠵᠢᠯ ᠢᠶᠠᠨ ᠠᠬᠢᠭᠤᠯᠬᠤ ᠶᠠᠪᠤᠴᠠ ᠳᠤ᠂ ᠭᠠᠳᠠᠷ ᠣᠷᠣᠨ ᠤ ᠠᠵᠤ ᠠᠬᠤᠶᠢᠯᠠᠯ ᠳᠤ ᠦᠶᠯᠡᠴᠢᠯᠡᠬᠦ | ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠤᠨ ᠬᠦᠴᠢᠷᠳᠡᠯ ᠢ ᠰᠠᠨᠠᠭᠠᠴᠢᠯᠠᠭ᠎ᠠ ᠠᠴᠠ ᠪᠠᠨ ᠣᠶᠢᠯᠠᠭᠠᠵᠤ᠂ | ᠰᠢᠶᠳᠪᠦᠷᠢᠯᠡᠬᠦ ᠠᠷᠭ᠎ᠠ ᠬᠡᠮᠵᠢᠶ᠎ᠡ ᠶᠢ ᠬᠠᠮᠲᠤ ᠪᠠᠷ ᠵᠥᠪᠳᠡᠯᠴᠡᠨ ᠶᠠᠷᠢᠯᠴᠠᠵᠤ᠂ ᠭᠠᠳᠠᠷ ᠣᠷᠣᠨ ᠤ ᠠᠵᠤ | ᠠᠬᠤᠶᠢᠯᠠᠯ ᠤᠨ ᠰᠠᠯᠪᠤᠷᠢ ᠪᠠᠶᠢᠭᠤᠯᠤᠮᠵᠢ ᠶᠢᠨ ᠮᠠᠨ ᠤ ᠲᠤᠭᠤᠷᠢᠭ ᠲᠤ ︽ᠬᠤᠪᠢᠷᠠᠭᠤᠯᠪᠠᠰᠤ ᠵᠣᠬᠢᠬᠤ ᠶᠢ ᠨᠢ | ᠪᠦᠬᠦᠨ ᠢ ᠬᠤᠪᠢᠷᠠᠭᠤᠯᠬᠤ᠂ ᠪᠦᠷᠢᠳᠭᠡᠪᠡᠰᠤ ᠵᠣᠬᠢᠬᠤ ᠶᠢ ᠨᠢ ᠪᠦᠬᠦᠨ ᠢ ᠪᠦᠷᠢᠳᠭᠡᠬᠦ᠂ ᠤᠷᠤᠭᠤᠯᠪᠠᠰᠤ | ᠵᠣᠬᠢᠬᠤ ᠶᠢ ᠨᠢ ᠪᠦᠬᠦᠨ ᠢ ᠤᠷᠤᠭᠤᠯᠬᠤ︾ ᠶᠢ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠮᠠᠨ ᠤ ᠲᠤᠭᠤᠷᠢᠭ ᠤᠨ | ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ᠃ | ᠭᠤᠷᠪᠠ᠂ ᠲᠤᠰᠬᠠᠢ ᠠᠵᠢᠯᠯᠠᠬᠤ ᠳᠤᠭᠤᠶᠢᠯᠠᠩ ᠤᠨ ᠪᠦᠷᠢᠯᠳᠦᠬᠦᠨ | ᠳᠤᠭᠤᠶᠢᠯᠠᠩ ᠤᠨ ᠳᠠᠷᠤᠭ᠎ᠠ᠄ ᠯᠢ ᠵᠥᠩ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ | ᠭᠡᠰᠢᠭᠦᠨ᠂ ᠲᠤᠭᠤᠷᠢᠭ ᠤᠨ ᠪᠠᠶᠢᠩᠭᠤ ᠶᠢᠨ ᠳᠡᠳ᠋ ᠳᠠᠷᠤᠭ᠎ᠠ᠂ ᠪᠤᠭᠤᠲᠤ ᠶᠢᠨ ᠪᠣᠯᠣᠳ ᠲᠡᠮᠦᠷ ᠲᠡᠮᠦᠷᠯᠢᠭ | ᠬᠠᠶᠢᠯᠤᠭᠤᠯᠬᠤ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯ ᠤᠨ ᠬᠤᠷᠢᠶ᠎ᠠ ᠶᠢᠨ ᠱᠦᠵᠢ ᠪᠥᠭᠡᠳ | ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ | ᠭᠡᠰᠢᠭᠦᠨ᠄ ᠵᠢᠶᠤᠤ ᠶᠠᠨ ᠯᠦᠩ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ | ᠲᠡᠷᠢᠭᠦᠯᠡᠭᠴᠢ ᠶᠢᠨ ᠵᠢᠱᠢᠭᠳᠡᠭᠴᠢ᠂ ᠲᠣᠭᠤᠷᠢᠭ ᠤᠨ ᠰᠣᠶᠣᠯ ᠵᠢᠭᠤᠯᠴᠢᠯᠠᠯ ᠤᠨ ᠲᠣᠪᠴᠢᠶ᠎ᠠ ᠶᠢᠨ ᠳᠠᠷᠤᠭ᠎ᠠ | ᠪᠠᠶ ᠴᠧᠩ ᠰᠢ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ ᠤᠨ ᠳᠡᠳ᠋ ᠡᠷᠬᠢᠯᠡᠭᠴᠢ | ᠵᠣᠣ ᠪᠥᠸᠧ ᠲᠣᠭᠤᠷᠢᠭ ᠤᠨ ᠡᠳ᠋ ᠤᠨ ᠵᠠᠰᠠᠭ ᠤᠨ ᠲᠤᠪᠴᠢᠶ᠎ᠠ ᠶᠢᠨ ᠳᠠᠷᠤᠭ᠎ᠠ | ᠲᠦᠩ ᠰᠢᠨ ᠲᠣᠭᠤᠷᠢᠭ ᠤᠨ ᠡᠳ᠋ ᠤᠨ ᠵᠠᠰᠠᠭ ᠤᠨ ᠲᠤᠪᠴᠢᠶ᠎ᠠ ᠶᠢᠨ ᠳᠡᠳ᠋ ᠳᠠᠷᠤᠭ᠎ᠠ᠂ ᠤᠯᠤᠰ ᠤᠨ | ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ | ᠶᠠᠩ ᠰᠢᠤᠸᠠᠢ ᠴᠧᠩ ᠲᠣᠭᠤᠷᠢᠭ ᠤᠨ ᠡᠳ᠋ ᠤᠨ ᠵᠠᠰᠠᠭ ᠤᠨ ᠲᠤᠪᠴᠢᠶ᠎ᠠ ᠶᠢᠨ ᠳᠡᠳ᠋ ᠳᠠᠷᠤᠭ᠎ᠠ᠂ | ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ ᠤᠨ ᠡᠷᠬᠢᠯᠡᠭᠴᠢ | ᠰᠤ᠋ ᠵᠢᠶᠦ᠋ᠨ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ | ᠯᠢᠦ ᠶᠠᠩ ᠲᠣᠭᠤᠷᠢᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠪᠴᠢᠶ᠎ᠡ ᠶᠢᠨ ᠳᠠᠷᠤᠭ᠎ᠠ | ᠢᠦᠢ ᠬᠤᠩ ᠲᠣᠭᠤᠷᠢᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠤᠪᠴᠢᠶ᠎ᠠ ᠶᠢᠨ | ᠳᠠᠷᠤᠭ᠎ᠠ | ᠯᠢᠦ ᠰᠢᠶᠤᠤ ᠳ᠋ᠦᠩ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ ᠶᠢᠨ ᠳᠠᠷᠤᠭ᠎ᠠ | ᠼᠦᠢ ᠺᠦᠨ ᠯᠦᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠤᠪᠴᠢᠶ᠎ᠠ ᠶᠢᠨ ᠳᠠᠷᠤᠭ᠎ᠠ | ᠸᠧᠢ ᠬᠤᠩ ᠢᠦᠢ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠤᠪᠴᠢᠶ᠎ᠠ ᠶᠢᠨ ᠳᠠᠷᠤᠭ᠎ᠠ | ᠴᠢᠶᠣᠤ ᠶᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ | ᠳᠠᠷᠤᠭ᠎ᠠ | ᠪᠢᠶᠠᠨ ᠮᠧᠢ ᠲᠣᠭᠤᠷᠢᠭ ᠤᠨ ᠲᠤᠭ᠎ᠠ ᠪᠦᠷᠢᠳᠬᠡᠯ ᠤᠨ ᠲᠤᠪᠴᠢᠶ᠎ᠠ ᠶᠢᠨ ᠳᠠᠷᠤᠭ᠎ᠠ | ᠰᠢᠤᠢ ᠶᠦᠩ ᠰᠢᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ | ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ ᠶᠢᠨ ᠳᠠᠷᠤᠭ᠎ᠠ | ᠵᠢᠶᠠ ᠶᠦᠨ ᠯᠦᠩ ᠲᠤᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠳᠠᠷᠤᠭ᠎ᠠ | ᠰᠦᠨ ᠸᠧᠶ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠶᠡᠭᠡ | ᠠᠩᠬᠢ ᠶᠢᠨ ᠳᠡᠳ᠋ ᠳᠠᠷᠤᠭ᠎ᠠ | ᠤᠳᠤᠷᠢᠳᠬᠤ ᠳᠤᠭᠤᠶᠢᠯᠠᠩ ᠤᠨ ᠳᠤᠤᠷ᠎ᠠ ᠠᠯᠪᠠᠨ ᠭᠡᠷ ᠲᠤᠬᠢᠷᠠᠭᠤᠯᠵᠤ᠂ ᠠᠯᠪᠠᠨ ᠭᠡᠷ ᠢ ᠲᠤᠭᠤᠷᠢᠭ ᠤᠨ | ᠡᠳ᠋ ᠤᠨ ᠵᠠᠰᠠᠭ ᠤᠨ ᠲᠣᠪᠴᠢᠶ᠎ᠠ ︵ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ | ᠵᠥᠪᠯᠡᠯ︶ ᠳᠤ ᠲᠤᠬᠢᠷᠠᠭᠤᠯᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠲᠣᠭᠤᠷᠢᠭ ᠤᠨ ᠡᠳ᠋ ᠤᠨ | ᠵᠠᠰᠠᠭ ᠤᠨ ᠲᠤᠪᠴᠢᠶ᠎ᠠ ᠶᠢᠨ ᠳᠠᠷᠤᠭ᠎ᠠ ᠵᠣᠤ ᠪᠥᠸᠧ ᠡᠭᠦᠷᠭᠡᠯᠡᠨ᠎ᠡ᠃ | ᠳᠥᠷᠪᠡ᠂ ᠠᠵᠢᠯ ᠤᠨ ᠠᠷᠭ᠎ᠠ ᠬᠡᠮᠵᠢᠶ᠎ᠡ | ︵ᠨᠢᠭᠡ︶ ᠪᠠᠶᠢᠴᠠᠭᠠᠵᠤ ᠪᠠᠶᠢᠳᠠᠯ ᠢ ᠲᠤᠳᠤᠷᠬᠠᠢ ᠣᠶᠢᠯᠠᠭᠠᠬᠤ᠃ ᠨᠢᠭᠡ ᠭᠠᠷᠠᠭ ᠤᠨ ᠴᠠᠭ ᠬᠤᠭᠤᠴᠠᠭ᠎ᠠ ᠶᠢ | ᠠᠰᠢᠭᠯᠠᠨ᠂ ᠲᠤᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ ᠲᠦᠷᠦᠭᠦᠯᠡᠨ᠂ ᠮᠠᠨ ᠤ ᠲᠤᠭᠤᠷᠢᠭ ᠲᠤ ᠳᠠᠩᠰᠠᠯᠠᠭᠤᠯᠤᠭᠰᠠᠨ ᠭᠠᠳᠠᠷ ᠣᠷᠣᠨ ᠤ | ᠠᠵᠤ ᠠᠬᠤᠶᠢᠯᠠᠯ ᠤᠨ ᠰᠠᠯᠪᠤᠷᠢ ᠪᠠᠶᠢᠭᠤᠯᠤᠮᠵᠢ ᠶᠢᠨ ᠦᠨᠳᠦᠰᠦᠨ ᠮᠡᠳᠡᠭᠡ ᠵᠠᠩᠭᠢ ᠳᠤ ᠪᠦᠬᠦ ᠲᠠᠯ᠎ᠠ ᠶᠢᠨ | ᠪᠠᠶᠢᠴᠠᠭᠠᠯᠲᠠ ᠬᠢᠵᠦ ᠪᠠᠶᠢᠳᠠᠯ ᠢ ᠲᠤᠳᠤᠷᠬᠠᠢ ᠣᠶᠢᠯᠠᠭᠠᠵᠤ᠂ ᠮᠠᠨ ᠤ ᠲᠤᠭᠤᠷᠢᠭ ᠤᠨ ᠭᠠᠳᠠᠷ ᠣᠷᠣᠨ ᠤ ᠠᠵᠤ | ᠠᠬᠤᠶᠢᠯᠠᠯ ᠤᠨ ᠰᠠᠯᠪᠤᠷᠢ ᠪᠠᠶᠢᠭᠤᠯᠤᠮᠵᠢ ᠪᠠᠶᠢᠭᠤᠯᠤᠭᠰᠠᠨ ᠨᠠᠷᠢᠨ ᠳᠠᠩᠰᠠ ᠶᠢᠨ ᠡᠬᠡ ᠳᠠᠩᠰᠠ ᠶᠢ ᠪᠠᠶᠢᠭᠤᠯᠵᠤ᠂ ︽ | ᠦᠨᠳᠦᠰᠦᠨ ᠲᠤᠭ᠎ᠠ ᠪᠠᠷᠢᠮᠳᠠ ᠲᠣᠳᠣᠷᠬᠠᠶ︾ ᠪᠠᠶᠢᠬᠤ ᠶᠢ ᠦᠨᠡᠨᠬᠦ ᠪᠠᠲᠤᠯᠠᠵᠤ᠂ ︽ᠰᠠᠯᠪᠤᠷᠢ ᠪᠠᠶᠢᠭᠤᠯᠤᠮᠵᠢ ᠶᠢ | ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠪᠤᠯᠭᠠᠨ ᠬᠤᠪᠢᠷᠠᠭᠤᠯᠬᠤ︾ ᠰᠠᠭᠤᠷᠢ ᠪᠤᠯᠬᠤ ᠴᠢᠨᠠᠷᠲᠠᠶ ᠠᠵᠢᠯ ᠢ | ᠰᠠᠶᠢᠲᠤᠷ ᠬᠢᠬᠦ ᠬᠡᠷᠡᠭᠲᠡᠶ᠃ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠨᠢ ᠨᠢᠭᠡ ᠭᠠᠷᠠᠭ ᠤᠨ ᠴᠠᠭ | ᠬᠤᠭᠤᠴᠠᠭ᠎ᠠ ᠶᠢ ᠠᠰᠢᠭᠯᠠᠨ᠂ ᠪᠠᠶᠢᠳᠠᠯ ᠢ ᠤᠶᠢᠯᠠᠭᠠᠨ ᠵᠢᠭᠰᠠᠭᠠᠵᠤ ᠪᠦᠷᠢᠳᠭᠡᠭᠰᠡᠨ ᠪᠠᠶᠢᠳᠠᠯ ᠢᠶᠠᠨ ᠦᠨᠳᠦᠰᠦᠯᠡᠨ᠂ | ᠨᠠᠷᠢᠨ ᠲᠠᠩᠰᠠ ᠶᠢᠨ ᠡᠬᠡ ᠲᠠᠩᠰᠠᠨ ᠳᠠᠬᠢ ᠠᠵᠤ ᠠᠬᠤᠶᠢᠯᠠᠯ ᠤᠨ ᠭᠠᠶᠢᠯᠢ ᠲᠤᠰᠢᠶᠠᠭᠰᠠᠨ ᠪᠠᠶᠢᠳᠠᠯ ᠵᠢᠴᠢ | ᠭᠠᠶᠢᠯᠢ ᠶᠢᠨ ᠲᠤᠬᠠᠢ ᠵᠠᠳᠠᠯᠤᠯᠲᠠ ᠬᠢᠵᠤ ᠬᠠᠷᠢᠴᠠᠭᠤᠯᠬᠰᠠᠨ ᠪᠠᠶᠢᠳᠠᠯ ᠢ ᠴᠠᠭ ᠲᠤᠬᠠᠶ ᠳᠤᠨᠢ ᠬᠠᠩᠭᠠᠵᠤ᠂ ᠨᠠᠷᠢᠨ | ᠲᠠᠩᠰᠠ ᠶᠢᠨ ᠡᠬᠡ ᠲᠠᠩᠰᠠᠨ ᠳᠠᠬᠢ ᠠᠵᠤ ᠠᠬᠤᠶᠢᠯᠠᠯ ᠤᠨ ᠮᠠᠨ ᠤ ᠲᠤᠭᠤᠷᠢᠭ ᠲᠤ ᠭᠠᠶᠢᠯᠢ ᠲᠤᠰᠢᠶᠠᠭᠰᠠᠨ | ᠬᠠᠷᠢᠴᠠᠯ ᠤᠨ ᠪᠠᠶᠢᠳᠠᠯ ᠢ ᠣᠶᠢᠯᠠᠭᠠᠨ᠎ᠠ᠃ | ︵ᠬᠤᠶᠠᠷ︶ ᠨᠢᠭᠡᠳᠦᠯᠲᠡᠶ ᠲᠥᠯᠥᠪᠵᠢᠭᠦᠯᠦᠨ ᠠᠬᠢᠭᠤᠯᠬᠤ᠃ ᠡᠯ᠎ᠡ ᠠᠵᠢᠯ ᠲᠥᠷᠥᠯ ᠤᠨ ᠭᠤᠤᠯᠯᠠᠨ | ᠬᠠᠮᠢᠶᠠᠷᠬᠤ ᠰᠠᠯᠠᠭ᠎ᠠ ᠮᠥᠴᠢᠷ ᠲᠤᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ | ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ᠂ ᠲᠤᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ | ᠬᠠᠩᠭᠠᠭᠰᠠᠨ ᠨᠠᠷᠢᠨ ᠲᠠᠩᠰᠠ ᠶᠢᠨ ᠡᠬᠡ ᠲᠠᠩᠰᠠ ᠶᠢ ᠦᠨᠳᠦᠰᠦᠯᠡᠨ᠂ ᠠᠵᠢᠯᠲᠠᠨ ᠢ ᠵᠣᠬᠢᠶᠠᠨ ᠪᠠᠶᠢᠭᠤᠯᠤᠨ | ᠬᠡᠷ ᠲᠤ ᠨᠢ ᠬᠦᠷᠴᠦ ᠰᠤᠷᠪᠤᠯᠵᠢᠯᠠᠨ ᠪᠠᠶᠢᠴᠠᠭᠠᠨ ᠰᠤᠳᠤᠯᠤᠯᠲᠠ ᠬᠢᠵᠦ᠂ ᠲᠥᠷᠥ ᠶᠢᠨ ᠪᠣᠳᠣᠯᠭ᠎ᠠ ᠶᠢᠨ | ᠤᠬᠠᠭᠤᠯᠭ᠎ᠠ ᠶᠢᠨ ᠠᠵᠢᠯ᠂ ︽ᠰᠠᠯᠪᠤᠷᠢ ᠪᠠᠶᠢᠭᠤᠯᠤᠮᠵᠢ ᠶᠢ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠪᠤᠯᠭᠠᠨ | ᠬᠤᠪᠢᠷᠠᠭᠤᠯᠬᠤ︾ ᠳᠠᠶᠢᠴᠢᠯᠠᠯᠲᠠ ᠶᠢᠨ ᠠᠵᠢᠯ ᠢ ᠭᠦᠶᠴᠡᠳ ᠰᠠᠶᠢᠲᠤᠷ ᠬᠢᠵᠦ᠂ ︽ᠰᠠᠯᠪᠤᠷᠢ ᠪᠠᠶᠢᠭᠤᠯᠤᠮᠵᠢ ᠶᠢ | ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠪᠤᠯᠭᠠᠨ ᠬᠤᠪᠢᠷᠠᠭᠤᠯᠤᠬᠰᠠᠨ︾ ᠭᠤᠤᠯᠳᠠᠯᠭ᠎ᠠ ᠲᠠᠢ ᠠᠵᠤ | ᠠᠬᠤᠶᠢᠯᠠᠯ ᠪᠠ ᠬᠦᠰᠡᠯ ᠡᠷᠡᠮᠡᠯᠵᠡᠯ ᠲᠠᠢ ᠠᠵᠤ ᠠᠬᠤᠶᠢᠯᠠᠯ ᠤᠨ ᠨᠡᠷᠡᠰ ᠢ ᠠᠩᠬ᠎ᠠ ᠠᠯᠬᠤᠮ ᠡᠮᠬᠢᠯᠡᠨ ᠭᠠᠷᠭᠠᠵᠤ᠂ ︽ | ᠰᠠᠯᠪᠤᠷᠢ ᠪᠠᠶᠢᠭᠤᠯᠤᠮᠵᠢ ᠶᠢ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠪᠤᠯᠭᠠᠨ ᠬᠤᠪᠢᠷᠠᠭᠤᠯᠬᠤ︾ | ᠲᠥᠯᠥᠪᠯᠡᠭᠡ ᠵᠢᠴᠢ ᠬᠠᠷᠠᠯᠲᠠ ᠶᠢ ᠲᠣᠭᠲᠠᠭᠠᠬᠤ ᠶᠢᠨ ᠬᠠᠮᠲᠤ᠂ ᠬᠠᠷᠠᠯᠲᠠ ᠡᠭᠦᠷᠭᠡ ᠶᠣᠰᠣᠭᠠᠷ ︽ᠰᠠᠯᠪᠤᠷᠢ | ᠪᠠᠶᠢᠭᠤᠯᠤᠮᠵᠢ ᠶᠢ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠪᠤᠯᠭᠠᠨ ᠬᠤᠪᠢᠷᠠᠭᠤᠯᠬᠤ︾ ᠠᠵᠢᠯ ᠢ | ᠪᠡᠶᠡᠯᠡᠭᠦᠯᠬᠦ ᠬᠡᠷᠡᠭᠲᠡᠶ᠃ | ︵ᠭᠤᠷᠪᠠ︶ ᠲᠥᠷᠥ ᠶᠢᠨ ᠪᠣᠳᠣᠯᠭ᠎ᠠ ᠪᠠᠷ ᠬᠥᠲᠥᠯᠥᠨ ᠵᠢᠯᠣᠭᠤᠳᠬᠤ᠃ ᠭᠠᠶᠢᠯᠢ ᠶᠢᠨ ᠶᠠᠪᠤᠳᠠᠯ ᠤᠨ ᠰᠠᠯᠠᠭ᠎ᠠ | ᠮᠥᠴᠢᠷ ᠡᠳ᠋ ᠤᠨ ᠵᠠᠰᠠᠭ ᠭᠠᠶᠢᠯᠢ ᠶᠢᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠰᠠᠶᠢᠲᠤᠷ ᠬᠢᠵᠦ᠂ ᠭᠠᠳᠠᠷ | ᠣᠷᠣᠨ ᠤ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠬᠤ ᠬᠦᠰᠡᠯ ᠰᠠᠨᠠᠭ᠎ᠠ ᠶᠢ ᠨᠢ ᠳᠡᠭᠡᠭᠰᠢᠯᠡᠭᠦᠯᠬᠦ ᠬᠡᠷᠡᠭᠲᠡᠶ᠃ | ᠲᠤᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠤᠪᠴᠢᠶ᠎ᠡ᠂ ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠲᠤᠭᠤᠷᠢᠭ ᠤᠨ ᠭᠠᠶᠢᠯᠢ ᠶᠢᠨ | ᠶᠠᠪᠤᠳᠠᠯ᠂ ᠲᠤᠭᠤᠷᠢᠭ ᠤᠨ ᠲᠤᠭ᠎ᠠ ᠪᠦᠷᠢᠳᠬᠡᠯ ᠵᠡᠷᠭᠡ ᠬᠤᠯᠪᠣᠭᠳᠠᠯ ᠪᠥᠬᠦᠢ ᠰᠠᠯᠠᠭ᠎ᠠ ᠮᠥᠴᠢᠷ ︽ᠰᠠᠯᠪᠤᠷᠢ | ᠪᠠᠶᠢᠭᠤᠯᠤᠮᠵᠢ ᠶᠢ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠪᠤᠯᠭᠠᠨ ᠬᠤᠪᠢᠷᠠᠭᠤᠯᠬᠤ︾ ᠬᠦᠰᠡᠯ | ᠰᠠᠨᠠᠭ᠎ᠠ ᠲᠠᠢ ᠠᠵᠤ ᠠᠬᠤᠶᠢᠯᠠᠯ ᠳᠤ ᠪᠣᠯ ᠲᠤᠰᠬᠠᠢ ᠬᠥᠮᠦᠨ ᠲᠤᠮᠢᠯᠠᠨ ᠬᠠᠪᠰᠤᠷᠤᠭᠤᠯᠤᠨ ᠡᠳ᠋ ᠬᠥᠷᠥᠩᠭᠡ᠂ | ᠭᠠᠶᠢᠯᠢ ᠶᠢᠨ ᠶᠠᠪᠤᠳᠠᠯ᠂ ᠲᠤᠭ᠎ᠠ ᠪᠦᠷᠢᠳᠬᠡᠯ ᠤᠨ ᠬᠦᠷᠢᠶ᠎ᠡ ᠬᠡᠪᠴᠢᠶᠡᠨ ᠳᠤ ᠤᠷᠤᠭᠤᠯᠬᠤ ᠵᠡᠷᠭᠡ ᠠᠵᠤ ᠠᠬᠤᠶᠢᠯᠠᠯ | ᠳᠤ ᠬᠤᠯᠪᠣᠭᠳᠠᠬᠤ ᠭᠠᠶᠢᠯᠢ ᠳᠤ ᠬᠤᠯᠪᠣᠭᠳᠠᠬᠤ ᠲᠤᠭ᠎ᠠ ᠪᠦᠷᠢᠳᠬᠡᠯ ᠳᠤ ᠬᠤᠯᠪᠤᠬᠳᠠᠬᠤ ᠤᠴᠢᠷ ᠶᠠᠪᠤᠳᠠᠯ ᠢ | ᠭᠦᠢᠴᠡᠳᠬᠡᠨ ᠦᠭᠴᠦ᠂ ᠠᠵᠤ ᠠᠬᠤᠶᠢᠯᠠᠯ ᠳᠤ ᠰᠠᠭᠠᠳ ᠥᠭᠡᠢ ᠨᠡᠪᠲᠡᠷᠡᠬᠦ ᠵᠠᠮ ᠪᠠ ᠲᠥᠷᠥ ᠶᠢᠨ ᠪᠤᠳᠤᠯᠭ᠎ᠠ ᠶᠢᠨ | ᠳᠡᠮᠵᠢᠯᠭᠡ ᠬᠠᠩᠭᠠᠬᠤ ᠬᠡᠷᠡᠭᠲᠡᠢ᠃ ᠡᠯ᠎ᠡ ᠠᠵᠢᠯ ᠲᠥᠷᠥᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ | ᠬᠠᠷᠢᠶᠠᠲᠤ ᠭᠠᠵᠠᠷ ᠤᠨ ᠵᠠᠰᠠᠭ ᠤᠨ ᠣᠷᠳᠣᠨ ᠨᠢ ︽ᠰᠠᠯᠪᠤᠷᠢ ᠪᠠᠶᠢᠭᠤᠯᠤᠮᠵᠢ ᠶᠢ ᠪᠡᠶ᠎ᠡ ᠪᠠᠨ ᠳᠠᠭᠠᠭᠠᠭᠰᠠᠨ | ᠬᠠᠤᠯᠢ ᠶᠢᠨ ᠡᠷᠬᠡᠲᠡᠨ ᠪᠤᠯᠭᠠᠨ ᠬᠤᠪᠢᠷᠠᠭᠤᠯᠬᠤ︾ ᠬᠦᠰᠡᠯ ᠪᠤᠳᠤᠯ ᠲᠠᠢ ᠠᠵᠤ ᠠᠬᠤᠶᠢᠯᠠᠯ ᠳᠤ᠂ ᠬᠦᠢᠴᠡᠳᠬᠡᠬᠦ | ᠶᠠᠪᠤᠴᠠ ᠶᠢ ᠰᠢᠯᠢᠳᠡᠭᠵᠢᠭᠦᠯᠦᠨ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠠᠴᠠ ᠵᠥᠷᠢᠴᠡᠬᠦ ᠦᠭᠡᠶ ᠪᠠᠶᠢᠬᠤ | ᠰᠠᠭᠤᠷᠢᠨ ᠳᠡᠭᠡᠷ᠎ᠡ᠂ ᠬᠠᠮᠤᠭ ᠤᠨ ᠶᠡᠭᠡ ᠳᠥᠭᠦᠮ ᠦᠵᠡᠭᠦᠯᠬᠦ ᠠᠷᠭ᠎ᠠ ᠬᠡᠮᠵᠢᠶ᠎ᠡ ᠬᠠᠩᠭᠠᠵᠤ᠂ ᠭᠠᠶᠢᠯᠢ ᠶᠢᠨ | ᠶᠠᠪᠤᠳᠠᠯ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠳᠣᠲᠣᠭᠠᠳᠤ ᠶᠢ ᠬᠠᠮᠠᠭᠠᠯᠠᠬᠤ᠂ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠬᠤᠳᠠᠯᠳᠤᠭᠠᠨ ᠤ ᠶᠠᠪᠤᠳᠠᠯ ᠵᠡᠷᠭᠡ ᠠᠵᠤ | ᠠᠬᠤᠶᠢᠯᠠᠯ ᠤᠨ ᠪᠠᠶᠢᠭᠤᠯᠤᠮᠵᠢ ᠪᠠᠨ ᠬᠤᠪᠢᠷᠠᠭᠤᠯᠬᠤ ᠳᠤ ᠬᠤᠯᠪᠣᠭᠳᠠᠬᠤ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠳ ᠤᠨ ᠲᠥᠷᠥ ᠶᠢᠨ ᠪᠣᠳᠣᠯᠭ᠎ᠠ ᠶᠢᠨ ᠲᠠᠯ᠎ᠠ ᠪᠠᠷ ᠬᠠᠮᠲᠤᠷᠠᠨ ᠬᠥᠳᠡᠯᠦᠯᠴᠡᠬᠦ ᠶᠢ ᠰᠠᠨᠠᠭᠠᠴᠢᠯᠠᠭ᠎ᠠ ᠠᠴᠠ | ᠪᠠᠨ ᠵᠤᠬᠢᠴᠠᠭᠤᠯᠵᠤ᠂ ᠲᠥᠷᠥ ᠶᠢᠨ ᠪᠣᠳᠣᠯᠭ᠎ᠠ ᠶᠢ ᠵᠣᠯᠭᠠᠭᠤᠯᠬᠤ ᠲᠠᠯ᠎ᠠ ᠪᠠᠷ ᠰᠢᠯᠤᠭᠤᠨ ᠪᠤᠰᠤ᠂ | ︽ᠲᠦᠭᠵᠢᠷᠡᠬᠦ︾᠂ ︽ᠪᠦᠭᠯᠡᠷᠡᠬᠦ︾ ᠪᠠᠶᠢᠳᠠᠯ ᠡᠭᠦᠰᠭᠦ ᠠᠴᠠ ᠵᠠᠶᠢᠯᠠᠰᠬᠢᠬᠦ ᠬᠡᠷᠡᠭᠲᠡᠶ︔ ︽ᠰᠠᠯᠪᠤᠷᠢ | ᠪᠠᠶᠢᠭᠤᠯᠤᠮᠵᠢ ᠶᠢ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠪᠤᠯᠭᠠᠨ ᠬᠤᠪᠢᠷᠠᠭᠤᠯᠬᠤ︾ ᠬᠦᠰᠡᠯ ᠪᠤᠳᠤᠯ | ᠦᠬᠡᠢ ᠠᠵᠤ ᠠᠬᠤᠶᠢᠯᠠᠯ ᠳᠤ᠂ ᠰᠢᠯᠲᠠᠭᠠᠨ᠂ ᠬᠦᠴᠢᠷᠳᠡᠯ ᠢ ᠨᠢ ᠭᠦᠶᠴᠡᠳ ᠣᠶᠢᠯᠠᠭᠠᠬᠤ ᠶᠢᠨ ᠬᠠᠮᠲᠤ | ᠠᠰᠠᠭᠤᠳᠠᠯ ᠤᠨ ᠡᠬᠡ ᠲᠠᠩᠰᠠ ᠶᠢ ᠪᠠᠶᠢᠭᠤᠯᠵᠤ᠂ ᠠᠯᠬᠤᠮ ᠠᠯᠬᠤᠮ ᠢᠶᠠᠷ ᠬᠡᠷᠡᠭᠵᠢᠭᠦᠯᠬᠦ ᠬᠡᠷᠡᠭᠲᠡᠶ᠃ | ︵ᠳᠥᠷᠪᠡ︶ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠬᠤ᠃ ᠡᠯ᠎ᠡ ᠠᠵᠢᠯ ᠲᠥᠷᠥᠯ ᠤᠨ | ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠡᠯ᠎ᠡ ᠬᠠᠷᠢᠶᠠᠲᠤ ᠭᠠᠵᠠᠷ ᠤᠨ ᠵᠠᠰᠠᠭ ᠤᠨ ᠣᠷᠳᠣᠨ 10 ᠡᠳᠦᠷ | ᠪᠦᠷᠢ ᠲᠤᠰᠬᠠᠢ ᠠᠵᠢᠯᠯᠠᠬᠤ ᠳᠤᠭᠤᠶᠢᠯᠠᠩ ᠤᠨ ᠠᠯᠪᠠᠨ ᠭᠡᠷ ᠲᠤ ᠠᠵᠢᠯ ᠤᠨ ᠠᠬᠢᠴᠠ᠂ ᠣᠷᠣᠰᠢᠵᠤ ᠪᠠᠶᠢᠭ᠎ᠠ | ᠠᠰᠠᠭᠤᠳᠠᠯ ᠬᠢᠭᠡᠳ ᠠᠵᠢᠯ ᠤᠨ ᠰᠠᠨᠠᠭᠤᠯᠭ᠎ᠠ ᠪᠠᠨ ᠮᠡᠳᠡᠭᠦᠯᠦᠨ ᠬᠦᠷᠭᠡᠬᠦ᠂ ᠲᠤᠰᠬᠠᠢ ᠠᠵᠢᠯᠯᠠᠬᠤ ᠳᠤᠭᠤᠶᠢᠯᠠᠩ 10 | ᠡᠳᠦᠷ ᠪᠦᠷᠢ ᠲᠤᠭᠤᠷᠢᠭ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠳᠤ ᠠᠵᠤ ᠠᠬᠤᠶᠢᠯᠠᠯ ᠤᠨ | ᠬᠥᠭᠵᠢᠯᠲᠡ ᠳᠤ ᠦᠢᠯᠡᠴᠢᠯᠡᠭᠰᠡᠨ ᠠᠵᠢᠯ ᠤᠨ ᠪᠠᠶᠢᠳᠠᠯ ᠢᠶᠠᠨ ᠮᠡᠳᠡᠭᠦᠯᠵᠦ᠂ ᠡᠯ᠎ᠡ ᠬᠦᠷᠢᠶ᠎ᠡ ᠴᠠᠷᠠᠭ᠎ᠠ ᠪᠠ ᠠᠵᠢᠯ | ᠲᠥᠷᠥᠯ ᠬᠤᠪᠢᠶᠠᠨ ᠨᠠᠶᠢᠳᠠᠪᠤᠷᠢᠵᠢᠭᠤᠯᠤᠬᠰᠠᠨ᠂ ᠠᠵᠤ ᠠᠬᠤᠶᠢᠯᠠᠯ ᠤᠨ ᠬᠥᠭᠵᠢᠯᠲᠡ ᠳᠤ ᠦᠢᠯᠡᠴᠢᠯᠡᠬᠦ ᠠᠵᠢᠯ ᠢ | ᠪᠠᠶᠢᠩᠭᠤ ᠠᠬᠢᠭᠤᠯᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ | ᠲᠠᠪᠤ᠂ ᠲᠤᠰᠬᠠᠶ ᠠᠵᠢᠯᠯᠠᠬᠤ ᠳᠤᠭᠤᠶᠢᠯᠠᠩ ᠤᠨ ᠪᠦᠷᠢᠯᠳᠦᠬᠦᠨ ᠨᠢᠭᠡᠴᠢ ᠶᠢᠨ ᠠᠵᠢᠯ ᠤᠨ ᠬᠤᠪᠢᠶᠠᠷᠢᠯᠠᠯ | ︵ᠨᠢᠭᠡ︶ ᠲᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ︵ᠤᠯᠤᠰ ᠤᠨ ᠦᠮᠴᠢᠯᠡᠯ ᠤᠨ ᠡᠳ᠋ | ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ︶᠄ ᠲᠤᠰᠬᠠᠶ ᠠᠵᠢᠯᠯᠠᠬᠤ ᠳᠤᠭᠤᠶᠢᠯᠠᠩ ᠤᠨ ᠠᠯᠪᠠᠨ | ᠭᠡᠷ ᠤᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠪᠦᠬᠦ ᠲᠤᠭᠤᠷᠢᠭ ᠤᠨ ᠠᠵᠤ ᠠᠬᠤᠶᠢᠯᠠᠯ ᠤᠨ ᠬᠥᠭᠵᠢᠯᠲᠡ ᠳᠤ | ᠦᠢᠯᠡᠴᠢᠯᠡᠬᠦ ᠶᠢ ᠨᠢᠭᠡᠳᠦᠯᠲᠡᠶ ᠲᠦᠯᠦᠪᠵᠢᠭᠦᠯᠦᠨ ᠵᠤᠬᠢᠴᠠᠭᠤᠯᠬᠤ ᠳᠤ ᠦᠢᠯᠡᠴᠢᠯᠡᠵᠦ᠂ ᠡᠯ᠎ᠡ ᠪᠦᠷᠢᠯᠳᠦᠬᠦᠨ | ᠨᠢᠭᠡᠴᠢ ᠶᠢ ᠵᠣᠬᠢᠴᠠᠭᠤᠯᠤᠨ ᠠᠵᠤ ᠠᠬᠤᠶᠢᠯᠠᠯ ᠤᠨ ᠬᠥᠭᠵᠢᠯᠲᠡ ᠳᠤ ᠦᠶᠯᠡᠴᠢᠯᠡᠬᠦ ᠲᠤᠰᠬᠠᠶ ᠠᠵᠢᠯ ᠤᠨ | ᠠᠰᠠᠭᠤᠳᠠᠯ ᠢ ᠰᠢᠶᠳᠪᠦᠷᠢᠯᠡᠨ᠂ ᠠᠵᠢᠯ ᠢᠶᠠᠨ ᠠᠬᠢᠭᠤᠯᠤᠭᠰᠠᠨ ᠪᠠᠶᠢᠳᠠᠯ ᠢ ᠴᠠᠭ ᠲᠤᠬᠠᠶ ᠳᠤᠨᠢ ᠮᠡᠳᠡᠭᠦᠯᠵᠦ᠂ ᠡᠯ᠎ᠡ | ᠪᠦᠷᠢᠯᠳᠦᠬᠦᠨ ᠨᠢᠭᠡᠴᠢ ᠳᠤ ᠬᠤᠯᠪᠣᠭᠳᠠᠯ ᠪᠦᠬᠦᠢ ᠪᠠᠶᠢᠳᠠᠯ ᠢ ᠮᠡᠳᠡᠭᠳᠡᠨ᠎ᠡ᠃ ᠳᠡᠭᠡᠳᠦ ᠱᠠᠲᠤᠨ ᠤ ᠬᠤᠯᠪᠣᠭᠳᠠᠯ | ᠪᠦᠬᠦᠢ ᠲᠥᠷᠥ ᠶᠢᠨ ᠪᠣᠳᠣᠯᠭ᠎ᠠ ᠶᠢ ᠭᠦᠢᠴᠡᠳ ᠰᠤᠳᠤᠯᠵᠤ᠂ ᠮᠠᠨ ᠤ ᠲᠤᠭᠤᠷᠢᠭ ᠤᠨ ᠰᠠᠯᠪᠤᠷᠢ ᠪᠠᠶᠢᠭᠤᠯᠤᠮᠵᠢ ᠶᠢ | ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠪᠤᠯᠭᠠᠨ ᠬᠤᠪᠢᠷᠠᠭᠤᠯᠬᠤ ᠶᠢ ᠳᠡᠮᠵᠢᠬᠦ ᠲᠥᠷᠥ ᠶᠢᠨ ᠪᠣᠳᠣᠯᠭ᠎ᠠ ᠶᠢ | ᠲᠤᠭᠤᠷᠪᠢᠨ ᠲᠣᠭᠲᠠᠭᠠᠵᠤ᠂ ᠭᠤᠣᠯᠳᠠᠭᠤ ᠲᠤᠰ ᠭᠠᠵᠠᠷ ᠣᠷᠣᠨ ᠤ ᠠᠵᠤ ᠠᠬᠤᠶᠢᠯᠠᠯ ᠤᠨ ᠬᠥᠭᠵᠢᠯᠲᠡ ᠳᠤ | ᠦᠢᠯᠡᠴᠢᠯᠡᠬᠦ ᠠᠵᠢᠯ ᠢ ᠬᠠᠷᠢᠭᠤᠴᠠᠨ᠂ ᠠᠵᠢᠯ ᠤᠨ ᠲᠥᠰᠦᠯ ᠲᠣᠭᠲᠠᠭᠠᠵᠤ᠂ ᠠᠵᠢᠯ ᠤᠨ ᠠᠷᠭ᠎ᠠ ᠬᠡᠮᠵᠢᠶ᠎ᠡ ᠪᠠᠨ | ᠨᠠᠷᠢᠯᠢᠭᠵᠢᠭᠤᠯᠤᠨ᠂ ᠠᠵᠢᠯ ᠤᠨ ᠡᠭᠦᠷᠭᠡ ᠪᠠᠨ ᠲᠤᠬᠳᠠᠬᠰᠠᠨ ᠴᠠᠭ ᠬᠤᠭᠤᠴᠠᠭ᠎ᠠ ᠶᠣᠰᠣᠭᠠᠷ ᠪᠡᠶᠡᠯᠡᠭᠦᠯᠬᠦ ᠶᠢ ᠦᠨᠡᠨᠬᠦ | ᠪᠠᠲᠤᠯᠠᠨ᠎ᠠ᠃ | ︵ᠬᠤᠶᠠᠷ︶ ᠲᠤᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠄ ᠦᠢᠯᠡᠴᠢᠯᠡᠭᠡᠨ ᠤ | ᠦᠢᠯᠡᠰ᠂ ᠡᠨᠧᠷᠭᠢ ᠶᠢᠨ ᠬᠦᠷᠢᠶᠡᠨ ᠤ ᠭᠠᠳᠠᠷ ᠣᠷᠣᠨ ᠤ ᠠᠵᠤ ᠠᠬᠤᠶᠢᠯᠠᠯ ᠮᠠᠨ ᠤ ᠲᠤᠭᠤᠷᠢᠭ ᠲᠤ ᠰᠠᠯᠪᠤᠷᠢ | ᠪᠠᠶᠢᠭᠤᠯᠤᠮᠵᠢ ᠪᠠᠶᠢᠭᠤᠯᠤᠭᠰᠠᠨ ᠪᠠᠶᠢᠳᠠᠯ ᠢ ᠡᠮᠬᠢᠯᠡᠨ ᠪᠦᠷᠢᠳᠭᠡᠬᠦ ᠶᠢ ᠬᠠᠷᠢᠭᠤᠴᠠᠵᠤ᠂ ᠠᠵᠤ ᠠᠬᠤᠶᠢᠯᠠᠯ ᠤᠨ ᠬᠦᠰᠡᠯ | ᠡᠷᠡᠮᠡᠯᠵᠡᠯ ᠤᠨ ᠲᠤᠬᠠᠢ ᠪᠠᠶᠢᠴᠠᠭᠠᠯᠲᠠ ᠶᠢ ᠥᠷᠨᠢᠭᠦᠯᠦᠨ᠂ ᠭᠤᠣᠯᠳᠠᠯᠭ᠎ᠠ ᠲᠠᠢ ᠬᠠᠷᠠᠯᠲᠠᠲᠤ ᠠᠵᠤ ᠠᠬᠤᠶᠢᠯᠠᠯ ᠤᠨ | ᠭᠠᠷᠴᠠᠭ ᠵᠢᠴᠢ ᠠᠵᠢᠯ ᠤᠨ ᠲᠥᠯᠥᠪᠯᠡᠭᠡ ᠶᠢ ᠵᠤᠬᠢᠶᠠᠵᠤ᠂ ᠬᠦᠰᠡᠯ ᠡᠷᠡᠮᠡᠯᠵᠡᠯ ᠲᠠᠢ ᠭᠠᠳᠠᠷ ᠣᠷᠣᠨ ᠤ ᠠᠵᠤ | ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠬᠤ ᠠᠵᠢᠯ ᠥᠷᠨᠢᠭᠦᠯᠬᠦ ᠶᠢ ᠢᠳᠡᠪᠬᠢᠲᠡᠶ ᠵᠢᠯᠣᠭᠤᠳᠤᠨ᠂ ᠠᠬᠢᠭᠤᠯᠬᠤ ᠶᠢᠨ | ᠬᠠᠮᠲᠤ ᠬᠤᠯᠪᠣᠭᠳᠠᠯ ᠪᠦᠬᠦᠢ ᠲᠡᠮᠵᠢᠨ ᠲᠡᠳᠬᠦᠬᠦ ᠲᠥᠷᠥ ᠶᠢᠨ ᠪᠣᠳᠣᠯᠭ᠎ᠠ ᠶᠢ ᠬᠠᠪᠰᠤᠷᠤᠨ ᠨᠠᠶᠢᠳᠠᠪᠤᠷᠢᠵᠢᠭᠤᠯᠤᠨ᠎ᠠ᠃ | | ︵ᠭᠤᠷᠪᠠ︶ ᠲᠤᠭᠤᠷᠢᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠄ ᠰᠤᠳᠤᠯᠭᠠᠨ | ᠬᠢᠬᠡᠳ ᠲᠤᠷᠰᠢᠯᠲᠠ ᠶᠢᠨ ᠭᠦᠭᠵᠢᠯᠲᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠳᠡᠯᠭᠡᠷᠡᠭᠦᠯᠬᠦ ᠪᠠ ᠬᠡᠷᠡᠭᠯᠡᠭᠡᠨ ᠤ | ᠦᠢᠯᠡᠴᠢᠯᠡᠬᠡᠨ ᠤ ᠦᠢᠯᠡᠰ ᠤᠨ ᠬᠦᠷᠢᠶ᠎ᠡ ᠴᠠᠷᠠᠭ᠎ᠠ ᠶᠢᠨ ᠮᠠᠨ ᠤ ᠲᠤᠭᠤᠷᠢᠭ ᠲᠤ ᠪᠠᠶᠢᠭ᠎ᠠ ᠭᠠᠳᠠᠷ ᠣᠷᠣᠨ ᠤ ᠠᠵᠤ | ᠠᠬᠤᠶᠢᠯᠠᠯ ᠰᠠᠯᠪᠤᠷᠢ ᠪᠠᠶᠢᠭᠤᠯᠤᠮᠵᠢ ᠪᠠᠶᠢᠭᠤᠯᠤᠭᠰᠠᠨ ᠪᠠᠶᠢᠳᠠᠯ ᠢ ᠡᠮᠬᠢᠯᠡᠨ ᠪᠦᠷᠢᠳᠬᠡᠬᠦ ᠶᠢ ᠬᠠᠷᠢᠭᠤᠴᠠᠵᠤ᠂ ᠠᠵᠤ | ᠠᠬᠤᠶᠢᠯᠠᠯ ᠤᠨ ᠬᠦᠰᠡᠯ ᠡᠷᠡᠮᠡᠯᠵᠡᠯ ᠤᠨ ᠲᠤᠬᠠᠢ ᠪᠠᠶᠢᠴᠠᠭᠠᠯᠲᠠ ᠶᠢ ᠥᠷᠨᠢᠭᠦᠯᠦᠨ᠂ ᠭᠤᠤᠯᠳᠠᠯᠭ᠎ᠠ ᠲᠠᠢ ᠬᠠᠷᠠᠯᠲᠠᠲᠤ | ᠠᠵᠤ ᠠᠬᠤᠶᠢᠯᠠᠯ ᠤᠨ ᠭᠠᠷᠴᠠᠭ ᠵᠢᠴᠢ ᠠᠵᠢᠯ ᠤᠨ ᠲᠥᠯᠥᠪᠯᠡᠭᠡ ᠶᠢ ᠵᠤᠬᠢᠶᠠᠵᠤ᠂ ᠬᠦᠰᠡᠯ ᠡᠷᠡᠮᠡᠯᠵᠡᠯ ᠲᠠᠢ ᠭᠠᠳᠠᠷ | ᠣᠷᠣᠨ ᠤ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠬᠤ ᠠᠵᠢᠯ ᠥᠷᠨᠢᠭᠦᠯᠬᠦ ᠶᠢ ᠢᠳᠡᠪᠬᠢᠲᠡᠶ | ᠵᠢᠯᠣᠭᠤᠳᠬᠤ ᠪᠠ ᠠᠬᠢᠭᠤᠯᠬᠤ ᠶᠢᠨ ᠬᠠᠮᠲᠤ᠂ ᠬᠤᠯᠪᠣᠭᠳᠠᠯ ᠪᠥᠬᠦᠶ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ | ᠬᠠᠮᠵᠢᠯᠴᠠᠨ ᠨᠠᠶᠢᠳᠠᠪᠤᠷᠢᠵᠢᠭᠤᠯᠤᠨ᠎ᠠ᠃ | ︵ᠳᠥᠷᠪᠡ︶ ᠲᠤᠭᠤᠷᠢᠭ ᠤᠨ ᠠᠵᠤ ᠦᠶᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠄ ᠠᠵᠤ | ᠦᠶᠯᠡᠳᠪᠦᠷᠢ᠂ ᠲᠣᠭᠠᠴᠢᠯᠠᠭᠰᠠᠨ ᠠᠵᠤ ᠦᠶᠯᠡᠰ ᠤᠨ ᠬᠦᠷᠢᠶ᠎ᠡ ᠴᠠᠷᠠᠭ᠎ᠠ ᠶᠢᠨ ᠮᠠᠨ ᠤ ᠲᠤᠭᠤᠷᠢᠭ ᠲᠤ ᠪᠠᠶᠢᠭ᠎ᠠ | ᠭᠠᠳᠠᠷ ᠣᠷᠣᠨ ᠤ ᠠᠵᠤ ᠠᠬᠤᠶᠢᠯᠠᠯ ᠤᠨ ᠰᠠᠯᠪᠤᠷᠢ ᠪᠠᠶᠢᠭᠤᠯᠤᠮᠵᠢ ᠪᠠᠶᠢᠭᠤᠯᠤᠭᠰᠠᠨ ᠪᠠᠶᠢᠳᠠᠯ ᠢ ᠪᠦᠷᠢᠳᠭᠡᠨ | ᠡᠮᠬᠢᠯᠡᠬᠦ ᠶᠢ ᠬᠠᠷᠢᠭᠤᠴᠠᠵᠤ᠂ ᠠᠵᠤ ᠠᠬᠤᠶᠢᠯᠠᠯ ᠤᠨ ᠬᠦᠰᠡᠯ ᠡᠷᠡᠮᠡᠯᠵᠡᠯ ᠤᠨ ᠲᠤᠬᠠᠢ ᠪᠠᠶᠢᠴᠠᠭᠠᠯᠲᠠ ᠶᠢ | ᠥᠷᠨᠢᠭᠦᠯᠦᠨ᠂ ᠭᠤᠤᠯᠳᠠᠯᠭ᠎ᠠ ᠲᠠᠢ ᠬᠠᠷᠠᠯᠲᠠᠲᠤ ᠠᠵᠤ ᠠᠬᠤᠶᠢᠯᠠᠯ ᠤᠨ ᠭᠠᠷᠴᠠᠭ ᠵᠢᠴᠢ ᠠᠵᠢᠯ ᠤᠨ ᠲᠥᠯᠥᠪᠯᠡᠭᠡ ᠶᠢ | ᠵᠤᠬᠢᠶᠠᠵᠤ᠂ ᠬᠦᠰᠡᠯ ᠡᠷᠡᠮᠡᠯᠵᠡᠯ ᠲᠠᠢ ᠭᠠᠳᠠᠷ ᠣᠷᠣᠨ ᠤ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠬᠤ ᠠᠵᠢᠯ | ᠥᠷᠨᠢᠭᠦᠯᠬᠦ ᠶᠢ ᠢᠳᠡᠪᠬᠢᠲᠡᠶ ᠵᠢᠯᠣᠭᠤᠳᠴᠤ᠂ ᠠᠬᠢᠭᠤᠯᠬᠤ ᠶᠢᠨ ᠬᠠᠮᠲᠤ᠂ ᠬᠤᠯᠪᠣᠭᠳᠠᠯ ᠪᠥᠬᠦᠶ ᠲᠡᠳᠬᠦᠨ ᠳᠡᠮᠵᠢᠬᠦ | ᠲᠥᠷᠥ ᠶᠢᠨ ᠪᠣᠳᠣᠯᠭ᠎ᠠ ᠶᠢ ᠬᠠᠮᠵᠢᠯᠴᠠᠨ ᠨᠠᠶᠢᠳᠠᠪᠤᠷᠢᠵᠢᠭᠤᠯᠤᠨ᠎ᠠ᠃ | ︵ᠲᠠᠪᠤ︶ ᠲᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ︵ᠮᠥᠩᠭᠦᠨ ᠭᠦᠶᠯᠭᠡᠭᠡᠨ ᠤ ᠠᠵᠢᠯ ᠤᠨ | ᠠᠯᠪᠠᠨ ᠭᠡᠷ︶᠄ ᠪᠠᠩᠬᠢ᠂ ᠦᠨᠡᠳᠦ ᠲᠡᠮᠳᠡᠭᠲᠦ᠂ ᠳᠠᠭᠠᠳᠬᠠᠯ ᠵᠡᠷᠭᠡ ᠮᠥᠩᠭᠦᠨ ᠭᠦᠶᠯᠭᠡᠭᠡᠨ ᠤ ᠬᠦᠷᠢᠶ᠎ᠡ | ᠴᠠᠷᠠᠭ᠎ᠠ ᠶᠢᠨ ᠮᠠᠨ ᠤ ᠲᠤᠭᠤᠷᠢᠭ ᠲᠤ ᠪᠠᠶᠢᠭ᠎ᠠ ᠭᠠᠳᠠᠷ ᠣᠷᠣᠨ ᠤ ᠠᠵᠤ ᠠᠬᠤᠶᠢᠯᠠᠯ ᠤᠨ ᠰᠠᠯᠪᠤᠷᠢ ᠪᠠᠶᠢᠭᠤᠯᠤᠮᠵᠢ | ᠪᠠᠶᠢᠭᠤᠯᠤᠭᠰᠠᠨ ᠪᠠᠶᠢᠳᠠᠯ ᠢ ᠪᠦᠷᠢᠳᠬᠡᠨ ᠡᠮᠬᠢᠯᠡᠬᠦ ᠶᠢ ᠬᠠᠷᠢᠭᠤᠴᠠᠵᠤ᠂ ᠠᠵᠤ ᠠᠬᠤᠶᠢᠯᠠᠯ ᠤᠨ ᠬᠦᠰᠡᠯ | ᠡᠷᠡᠮᠡᠯᠵᠡᠯ ᠤᠨ ᠲᠤᠬᠠᠢ ᠪᠠᠶᠢᠴᠠᠭᠠᠯᠲᠠ ᠶᠢ ᠥᠷᠨᠢᠭᠦᠯᠵᠦ᠂ ᠭᠤᠤᠯᠳᠠᠯᠭ᠎ᠠ ᠲᠠᠢ ᠬᠠᠷᠠᠯᠲᠠᠲᠤ ᠠᠵᠤ ᠠᠬᠤᠶᠢᠯᠠᠯ ᠤᠨ | ᠭᠠᠷᠴᠠᠭ ᠵᠢᠴᠢ ᠠᠵᠢᠯ ᠤᠨ ᠲᠥᠯᠥᠪᠯᠡᠭᠡ ᠶᠢ ᠵᠤᠬᠢᠶᠡᠵᠤ᠂ ᠬᠦᠰᠡᠯ ᠡᠷᠡᠮᠡᠯᠵᠡᠯ ᠲᠠᠢ ᠭᠠᠳᠠᠷ ᠣᠷᠣᠨ ᠤ ᠠᠵᠤ | ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠬᠤ ᠠᠵᠢᠯ ᠥᠷᠨᠢᠭᠦᠯᠬᠦ ᠶᠢ ᠢᠳᠡᠪᠬᠢᠲᠡᠶ ᠵᠢᠯᠣᠭᠤᠳᠴᠤ᠂ | ᠠᠬᠢᠭᠤᠯᠬᠤ ᠶᠢᠨ ᠬᠠᠮᠲᠤ᠂ ᠬᠤᠯᠪᠣᠭᠳᠠᠯ ᠪᠦᠬᠦᠢ ᠲᠡᠮᠵᠢᠨ ᠲᠡᠳᠬᠦᠬᠦ ᠲᠥᠷᠥ ᠶᠢᠨ ᠪᠣᠳᠣᠯᠭ᠎ᠠ ᠶᠢ ᠬᠠᠮᠵᠢᠯᠴᠠᠨ | ᠨᠠᠶᠢᠳᠠᠪᠤᠷᠢᠵᠢᠭᠤᠯᠤᠨ᠎ᠠ᠃ | ︵ᠵᠢᠷᠭᠤᠭ᠎ᠠ︶ ᠲᠤᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ᠄ ᠪᠠᠷᠢᠯᠭ᠎ᠠ ᠶᠢᠨ ᠦᠶᠯᠡᠰ᠂ ᠬᠡᠷ ᠭᠠᠵᠠᠷ ᠤᠨ ᠬᠥᠷᠥᠩᠭᠡ ᠶᠢᠨ ᠬᠦᠷᠢᠶ᠎ᠡ | ᠴᠠᠷᠠᠭ᠎ᠠ ᠶᠢᠨ ᠮᠠᠨ ᠤ ᠲᠤᠭᠤᠷᠢᠭ ᠲᠤ ᠪᠠᠶᠢᠭ᠎ᠠ ᠭᠠᠳᠠᠷ ᠣᠷᠣᠨ ᠤ ᠠᠵᠤ ᠠᠬᠤᠶᠢᠯᠠᠯ ᠤᠨ ᠰᠠᠯᠪᠤᠷᠢ ᠪᠠᠶᠢᠭᠤᠯᠤᠮᠵᠢ | ᠪᠠᠶᠢᠭᠤᠯᠤᠭᠰᠠᠨ ᠪᠠᠶᠢᠳᠠᠯ ᠢ ᠪᠦᠷᠢᠳᠭᠡᠨ ᠡᠮᠬᠢᠯᠡᠬᠦ ᠶᠢ ᠬᠠᠷᠢᠭᠤᠴᠠᠵᠤ᠂ ᠠᠵᠤ ᠠᠬᠤᠶᠢᠯᠠᠯ ᠤᠨ ᠬᠦᠰᠡᠯ | ᠡᠷᠡᠮᠡᠯᠵᠡᠯ ᠤᠨ ᠲᠤᠬᠠᠢ ᠪᠠᠶᠢᠴᠠᠭᠠᠯᠲᠠ ᠶᠢ ᠥᠷᠨᠢᠭᠦᠯᠦᠨ᠂ ᠭᠤᠤᠯᠳᠠᠯᠭ᠎ᠠ ᠲᠠᠢ ᠬᠠᠷᠠᠯᠲᠠᠲᠤ ᠠᠵᠤ ᠠᠬᠤᠶᠢᠯᠠᠯ ᠤᠨ | ᠭᠠᠷᠴᠠᠭ ᠵᠢᠴᠢ ᠠᠵᠢᠯ ᠤᠨ ᠲᠥᠯᠥᠪᠯᠡᠭᠡ ᠶᠢ ᠵᠤᠬᠢᠶᠠᠵᠤ᠂ ᠭᠠᠳᠠᠷ ᠣᠷᠣᠨ ᠤ ᠠᠵᠤ ᠠᠬᠤᠶᠢᠯᠠᠯ ᠤᠨ ᠬᠡᠯᠪᠡᠷᠢ ᠪᠠᠨ | ᠬᠤᠪᠢᠷᠠᠭᠤᠯᠬᠤ ᠠᠵᠢᠯ ᠥᠷᠨᠢᠭᠦᠯᠬᠦ ᠶᠢ ᠢᠳᠡᠪᠬᠢᠲᠡᠶ ᠵᠢᠯᠣᠭᠤᠳᠴᠤ᠂ ᠠᠬᠢᠭᠤᠯᠬᠤ ᠶᠢᠨ ᠬᠠᠮᠲᠤ᠂ ᠬᠤᠯᠪᠣᠭᠳᠠᠯ | ᠪᠥᠬᠦᠶ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ ᠬᠠᠮᠵᠢᠯᠴᠠᠨ ᠨᠠᠶᠢᠳᠠᠪᠤᠷᠢᠵᠢᠭᠤᠯᠤᠨ᠎ᠠ᠃ | ︵ᠳᠣᠯᠤᠭ᠎ᠠ︶ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ | ᠤᠷᠤᠨ ᠤ ᠲᠣᠪᠴᠢᠶ᠎ᠠ᠄ ᠲᠠᠷᠢᠶᠠᠯᠠᠩ ᠤᠨ ᠬᠦᠷᠢᠶ᠎ᠡ ᠴᠠᠷᠠᠭ᠎ᠠ ᠶᠢᠨ ᠮᠠᠨ ᠤ ᠲᠤᠭᠤᠷᠢᠭ ᠲᠤ ᠪᠠᠶᠢᠭ᠎ᠠ ᠭᠠᠳᠠᠷ | ᠣᠷᠣᠨ ᠤ ᠠᠵᠤ ᠠᠬᠤᠶᠢᠯᠠᠯ ᠤᠨ ᠰᠠᠯᠪᠤᠷᠢ ᠪᠠᠶᠢᠭᠤᠯᠤᠮᠵᠢ ᠪᠠᠶᠢᠭᠤᠯᠤᠭᠰᠠᠨ ᠪᠠᠶᠢᠳᠠᠯ ᠢ ᠪᠦᠷᠢᠳᠭᠡᠨ ᠡᠮᠬᠢᠯᠡᠬᠦ ᠶᠢ | ᠬᠠᠷᠢᠭᠤᠴᠠᠵᠤ᠂ ᠠᠵᠤ ᠠᠬᠤᠶᠢᠯᠠᠯ ᠤᠨ ᠬᠦᠰᠡᠯ ᠡᠷᠡᠮᠡᠯᠵᠡᠯ ᠤᠨ ᠲᠤᠬᠠᠢ ᠪᠠᠶᠢᠴᠠᠭᠠᠯᠲᠠ ᠶᠢ ᠥᠷᠨᠢᠭᠦᠯᠦᠨ᠂ | ᠭᠤᠤᠯᠳᠠᠯᠭ᠎ᠠ ᠲᠠᠢ ᠬᠠᠷᠠᠯᠲᠠᠲᠤ ᠠᠵᠤ ᠠᠬᠤᠶᠢᠯᠠᠯ ᠤᠨ ᠭᠠᠷᠴᠠᠭ ᠵᠢᠴᠢ ᠠᠵᠢᠯ ᠤᠨ ᠲᠥᠯᠥᠪᠯᠡᠭᠡ ᠶᠢ ᠵᠤᠬᠢᠶᠠᠵᠤ᠂ | ᠬᠦᠰᠡᠯ ᠡᠷᠡᠮᠡᠯᠵᠡᠯ ᠲᠠᠢ ᠭᠠᠳᠠᠷ ᠣᠷᠣᠨ ᠤ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠬᠤ ᠠᠵᠢᠯ | ᠥᠷᠨᠢᠭᠦᠯᠬᠦ ᠶᠢ ᠢᠳᠡᠪᠬᠢᠲᠡᠶ ᠵᠢᠯᠣᠭᠤᠳᠴᠤ᠂ ᠠᠬᠢᠭᠤᠯᠬᠤ ᠶᠢᠨ ᠬᠠᠮᠲᠤ᠂ ᠬᠤᠯᠪᠣᠭᠳᠠᠯ ᠪᠥᠬᠦᠶ ᠲᠡᠳᠬᠦᠨ ᠳᠡᠮᠵᠢᠬᠦ | ᠲᠥᠷᠥ ᠶᠢᠨ ᠪᠣᠳᠣᠯᠭ᠎ᠠ ᠶᠢ ᠬᠠᠮᠵᠢᠯᠴᠠᠨ ᠨᠠᠶᠢᠳᠠᠪᠤᠷᠢᠵᠢᠭᠤᠯᠤᠨ᠎ᠠ᠃ ᠲᠤᠭᠤᠷᠢᠭ ᠤᠨ ᠲᠠᠷᠢᠶᠠᠯᠠᠩ ᠮᠠᠯ ᠠᠵᠤ | ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠤᠪᠴᠢᠶ᠎ᠠ ᠵᠠᠮ ᠬᠠᠷᠢᠯᠴᠠᠭᠠᠨ ᠤ ᠬᠤᠯᠪᠣᠭᠳᠠᠯ ᠪᠥᠬᠦᠢ | ᠠᠵᠢᠯ ᠢ ᠡᠭᠦᠷᠭᠡᠯᠡᠬᠦ ᠶᠣᠰᠣᠭᠠᠷ ᠵᠠᠮ ᠬᠠᠷᠢᠯᠴᠠᠭ᠎ᠠ ᠪᠠᠷᠠᠭᠠᠨ ᠤ ᠬᠦᠢᠯᠭᠡᠭᠡ᠂ ᠬᠥᠮᠥᠷᠭᠡᠯᠡᠨ ᠬᠠᠳᠠᠭᠠᠯᠠᠬᠤ ᠵᠡᠷᠭᠡ | ᠬᠦᠷᠢᠶ᠎ᠡ ᠴᠠᠷᠠᠭ᠎ᠠ ᠶᠢᠨ ᠮᠠᠨ ᠤ ᠲᠤᠭᠤᠷᠢᠭ ᠲᠤ ᠪᠠᠶᠢᠭ᠎ᠠ ᠭᠠᠳᠠᠷ ᠣᠷᠣᠨ ᠤ ᠠᠵᠤ ᠠᠬᠤᠶᠢᠯᠠᠯ ᠤᠨ ᠰᠠᠯᠪᠤᠷᠢ | ᠪᠠᠶᠢᠭᠤᠯᠤᠮᠵᠢ ᠪᠠᠶᠢᠭᠤᠯᠤᠭᠰᠠᠨ ᠪᠠᠶᠢᠳᠠᠯ ᠢ ᠪᠦᠷᠢᠳᠬᠡᠨ ᠡᠮᠬᠢᠯᠡᠵᠦ᠂ ᠠᠵᠤ ᠠᠬᠤᠶᠢᠯᠠᠯ ᠤᠨ ᠬᠦᠰᠡᠯ ᠡᠷᠡᠮᠡᠯᠵᠡᠯ ᠤᠨ | ᠲᠤᠬᠠᠢ ᠪᠠᠶᠢᠴᠠᠭᠠᠯᠲᠠ ᠶᠢ ᠥᠷᠨᠢᠭᠦᠯᠵᠦ᠂ ᠭᠤᠣᠯᠳᠠᠯᠭ᠎ᠠ ᠲᠠᠢ ᠬᠠᠷᠠᠯᠲᠠᠲᠤ ᠠᠵᠤ ᠠᠬᠤᠶᠢᠯᠠᠯ ᠤᠨ ᠭᠠᠷᠴᠠᠭ ᠬᠢᠭᠡᠳ | ᠠᠵᠢᠯ ᠤᠨ ᠲᠥᠯᠥᠪᠯᠡᠭᠡ ᠶᠢ ᠵᠤᠬᠢᠶᠠᠵᠤ᠂ ᠭᠠᠳᠠᠷ ᠣᠷᠣᠨ ᠤ ᠠᠵᠤ ᠠᠬᠤᠶᠢᠯᠠᠯ ᠤᠨ ᠬᠡᠯᠪᠡᠷᠢ ᠪᠠᠨ | ᠬᠤᠪᠢᠷᠠᠭᠤᠯᠬᠤ ᠠᠵᠢᠯ ᠥᠷᠨᠢᠭᠦᠯᠬᠦ ᠶᠢ ᠢᠳᠡᠪᠬᠢᠲᠡᠢ ᠪᠠᠷ ᠵᠢᠯᠣᠭᠤᠳᠤᠨ᠂ ᠠᠬᠢᠭᠤᠯᠬᠤ ᠶᠢᠨ ᠬᠠᠮᠲᠤ ᠬᠤᠯᠪᠣᠭᠳᠠᠯ | ᠪᠥᠬᠦᠢ ᠲᠡᠮᠵᠢᠨ ᠲᠡᠳᠬᠦᠬᠦ ᠲᠥᠷᠥ ᠶᠢᠨ ᠪᠤᠳᠤᠯᠭ᠎ᠠ ᠶᠢ ᠬᠠᠮᠵᠢᠯᠴᠠᠨ ᠨᠠᠶᠢᠳᠠᠪᠤᠷᠢᠵᠢᠭᠤᠯᠤᠨ᠎ᠠ᠃ | ︵ᠨᠠᠢᠮᠠ︶ ᠲᠤᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠄ ᠠᠷᠠᠯᠵᠢᠶ᠎ᠠ ᠬᠤᠳᠠᠯᠳᠤᠭᠠᠨ ᠤ | ᠭᠦᠶᠯᠭᠡᠭᠡᠨ ᠤ ᠬᠦᠷᠢᠶ᠎ᠡ ᠴᠠᠷᠠᠭ᠎ᠠ ᠶᠢᠨ ᠮᠠᠨ ᠤ ᠲᠤᠭᠤᠷᠢᠭ ᠲᠤ ᠪᠠᠶᠢᠭ᠎ᠠ ᠭᠠᠳᠠᠷ ᠣᠷᠣᠨ ᠤ ᠠᠵᠤ ᠠᠬᠤᠶᠢᠯᠠᠯ ᠤᠨ | ᠬᠤᠪᠢᠶᠠᠷᠢ ᠪᠠᠶᠢᠭᠤᠯᠤᠮᠵᠢ ᠪᠠᠶᠢᠭᠤᠯᠤᠭᠰᠠᠨ ᠪᠠᠶᠢᠳᠠᠯ ᠢ ᠪᠦᠷᠢᠳᠭᠡᠨ ᠡᠮᠬᠢᠯᠡᠬᠦ ᠶᠢ ᠬᠠᠷᠢᠭᠤᠴᠠᠵᠤ᠂ ᠠᠵᠤ | ᠠᠬᠤᠶᠢᠯᠠᠯ ᠤᠨ ᠬᠦᠰᠡᠯ ᠡᠷᠡᠮᠡᠯᠵᠡᠯ ᠤᠨ ᠲᠤᠬᠠᠢ ᠪᠠᠶᠢᠴᠠᠭᠠᠯᠲᠠ ᠶᠢ ᠥᠷᠨᠢᠭᠦᠯᠦᠨ᠂ ᠭᠤᠤᠯᠳᠠᠯᠭ᠎ᠠ ᠲᠠᠢ ᠬᠠᠷᠠᠯᠲᠠᠲᠤ | ᠠᠵᠤ ᠠᠬᠤᠶᠢᠯᠠᠯ ᠤᠨ ᠭᠠᠷᠴᠠᠭ ᠵᠢᠴᠢ ᠠᠵᠢᠯ ᠤᠨ ᠲᠥᠯᠥᠪᠯᠡᠭᠡ ᠶᠢ ᠵᠤᠬᠢᠶᠠᠵᠤ᠂ ᠬᠦᠰᠡᠯ ᠡᠷᠡᠮᠡᠯᠵᠡᠯ ᠲᠠᠢ ᠭᠠᠳᠠᠷ | ᠣᠷᠣᠨ ᠤ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠬᠤ ᠠᠵᠢᠯ ᠥᠷᠨᠢᠭᠦᠯᠬᠦ ᠶᠢ ᠢᠳᠡᠪᠬᠢᠲᠡᠶ ᠵᠢᠯᠣᠭᠤᠳᠴᠤ᠂ | ᠠᠬᠢᠭᠤᠯᠬᠤ ᠶᠢᠨ ᠬᠠᠮᠲᠤ᠂ ᠬᠤᠯᠪᠣᠭᠳᠠᠯ ᠪᠥᠬᠦᠶ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ ᠬᠠᠮᠵᠢᠯᠴᠠᠨ | ᠨᠠᠶᠢᠳᠠᠪᠤᠷᠢᠵᠢᠭᠤᠯᠤᠨ᠎ᠠ᠃ | ︵ᠶᠢᠰᠦ︶ ᠲᠤᠭᠤᠷᠢᠭ ᠤᠨ ᠰᠣᠶᠣᠯ ᠵᠢᠭᠤᠯᠴᠢᠯᠠᠯ ᠤᠨ ᠲᠣᠪᠴᠢᠶ᠎ᠠ᠄ ᠰᠣᠶᠣᠯ ᠵᠢᠭᠤᠯᠴᠢᠯᠠᠯ᠂ ᠪᠡᠶ᠎ᠡ ᠶᠢᠨ | ᠲᠠᠮᠢᠷ ᠵᠡᠷᠭᠡ ᠬᠦᠷᠢᠶ᠎ᠡ ᠴᠠᠷᠠᠭ᠎ᠠ ᠶᠢᠨ ᠮᠠᠨ ᠤ ᠲᠤᠭᠤᠷᠢᠭ ᠲᠤ ᠪᠠᠶᠢᠭ᠎ᠠ ᠭᠠᠳᠠᠷ ᠣᠷᠣᠨ ᠤ ᠠᠵᠤ ᠠᠬᠤᠶᠢᠯᠠᠯ ᠤᠨ | ᠰᠠᠯᠪᠤᠷᠢ ᠪᠠᠶᠢᠭᠤᠯᠤᠮᠵᠢ ᠪᠠᠶᠢᠭᠤᠯᠤᠭᠰᠠᠨ ᠪᠠᠶᠢᠳᠠᠯ ᠢ ᠪᠦᠷᠢᠳᠬᠡᠨ ᠡᠮᠬᠢᠯᠡᠬᠦ ᠶᠢ ᠬᠠᠷᠢᠭᠤᠴᠠᠵᠤ᠂ ᠠᠵᠤ | ᠠᠬᠤᠶᠢᠯᠠᠯ ᠤᠨ ᠬᠦᠰᠡᠯ ᠡᠷᠡᠮᠡᠯᠵᠡᠯ ᠤᠨ ᠲᠤᠬᠠᠢ ᠪᠠᠶᠢᠴᠠᠭᠠᠯᠲᠠ ᠶᠢ ᠥᠷᠨᠢᠭᠦᠯᠦᠨ᠂ ᠭᠤᠤᠯᠳᠠᠯᠭ᠎ᠠ ᠲᠠᠢ ᠬᠠᠷᠠᠯᠲᠠᠲᠤ | ᠠᠵᠤ ᠠᠬᠤᠶᠢᠯᠠᠯ ᠤᠨ ᠭᠠᠷᠴᠠᠭ ᠵᠢᠴᠢ ᠠᠵᠢᠯ ᠤᠨ ᠲᠥᠯᠥᠪᠯᠡᠭᠡ ᠶᠢ ᠵᠤᠬᠢᠶᠠᠵᠤ᠂ ᠬᠦᠰᠡᠯ ᠡᠷᠡᠮᠡᠯᠵᠡᠯ ᠲᠠᠢ ᠭᠠᠳᠠᠷ | ᠣᠷᠣᠨ ᠤ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠬᠤ ᠠᠵᠢᠯ ᠥᠷᠨᠢᠭᠦᠯᠬᠦ ᠶᠢ ᠢᠳᠡᠪᠬᠢᠲᠡᠶ | ᠵᠢᠯᠣᠭᠤᠳᠬᠤ ᠪᠠ ᠠᠬᠢᠭᠤᠯᠬᠤ ᠶᠢᠨ ᠬᠠᠮᠲᠤ᠂ ᠬᠤᠯᠪᠣᠭᠳᠠᠯ ᠪᠥᠬᠦᠶ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ | ᠬᠠᠮᠵᠢᠯᠴᠠᠨ ᠨᠠᠶᠢᠳᠠᠪᠤᠷᠢᠵᠢᠭᠤᠯᠤᠨ᠎ᠠ᠃ | ︵ᠠᠷᠪᠠ︶ ᠲᠤᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ᠄ ᠡᠯ᠎ᠡ ᠠᠵᠢᠯ ᠲᠥᠷᠥᠯ ᠤᠨ ᠭᠤᠤᠯᠯᠠᠨ | ᠬᠠᠮᠢᠶᠠᠷᠬᠤ ᠰᠠᠯᠠᠭ᠎ᠠ ᠮᠥᠴᠢᠷ ᠲᠤ ︽ᠳᠥᠷᠪᠡᠨ ᠲᠦᠷᠦᠯ ᠤᠨ ᠬᠡᠪᠴᠢᠶᠡᠵᠢᠯ ᠠᠴᠠ ᠲᠡᠭᠡᠭᠰᠢᠬᠢ ᠠᠵᠤ ᠠᠬᠤᠶᠢᠯᠠᠯ︾ | ᠪᠣᠯᠤᠨ ᠲᠥᠷᠥᠯ ᠵᠦᠶᠯ ᠤᠨ ᠨᠢᠭᠡᠴᠢ ᠶᠢ ᠪᠦᠷᠢᠳᠬᠡᠵᠦ ᠬᠥᠮᠥᠷᠭᠡ ᠳᠤ ᠣᠷᠣᠭᠤᠯᠬᠤ ᠨᠥᠬᠦᠴᠡᠯ ᠪᠣᠯᠤᠨ ᠠᠵᠢᠯ | ᠲᠥᠷᠥᠯ ᠤᠨ ᠪᠠᠷᠢᠮᠵᠢᠶ᠎ᠠ ᠶᠢ ᠢᠳᠡᠪᠬᠢᠲᠡᠶ ᠪᠠᠷ ᠬᠠᠩᠭᠠᠨ᠎ᠠ᠃ ᠭᠠᠳᠠᠷ ᠣᠷᠣᠨ ᠤ ᠠᠵᠤ ᠠᠬᠤᠶᠢᠯᠠᠯ ᠤᠨ | ᠪᠠᠶᠢᠭᠤᠯᠤᠬᠰᠠᠨ ᠰᠠᠯᠪᠤᠷᠢ ᠪᠠᠶᠢᠭᠤᠯᠤᠮᠵᠢ ᠳᠤ ᠲᠤᠭ᠎ᠠ ᠪᠦᠷᠢᠳᠬᠡᠯ ᠤᠨ ᠲᠤᠬᠠᠢ ᠬᠠᠮᠢᠶ᠎ᠠ ᠪᠦᠬᠦᠢ ᠲᠥᠷᠥ ᠶᠢᠨ | ᠪᠣᠳᠣᠯᠭ᠎ᠠ ᠶᠢᠨ ᠪᠢᠴᠢᠭ ᠮᠠᠲ᠋ᠧᠷᠢᠶᠠᠯ ᠤᠨ ᠲᠠᠶᠢᠯᠤᠮᠵᠢ ᠪᠠ ᠤᠬᠠᠭᠤᠯᠭ᠎ᠠ ᠶᠢ ᠰᠠᠶᠢᠲᠤᠷ ᠬᠢᠵᠦ᠂ ᠠᠵᠤ | ᠠᠬᠤᠶᠢᠯᠠᠯ ᠤᠨ ︽ᠲᠤᠭ᠎ᠠ ᠪᠦᠷᠢᠳᠬᠡᠯ ᠳᠤ ᠣᠷᠣᠭᠤᠯᠬᠤ︾ ᠪᠠᠷ ᠮᠡᠳᠡᠭᠦᠯᠬᠦ ᠶᠠᠪᠤᠴᠠ ᠳᠤ ᠲᠤᠯᠭᠠᠷᠠᠭᠰᠠᠨ | ᠠᠰᠠᠭᠤᠳᠠᠯ ᠢ ᠴᠠᠭ ᠲᠤᠬᠠᠶ ᠳᠤᠨᠢ ᠰᠢᠶᠳᠪᠦᠷᠢᠯᠡᠵᠦ᠂ ᠠᠵᠤ ᠠᠬᠤᠶᠢᠯᠠᠯ ᠢ ᠴᠠᠭ ᠲᠤᠬᠠᠶ ᠳᠤᠨᠢ ᠲᠤᠭ᠎ᠠ | ᠪᠦᠷᠢᠳᠬᠡᠯ ᠳᠤ ᠤᠷᠤᠭᠤᠯᠬᠤ ᠶᠢ ᠦᠨᠡᠨᠬᠦ ᠪᠠᠲᠤᠯᠠᠨ᠎ᠠ᠃ | ︵ᠠᠷᠪᠠᠨ ᠨᠢᠭᠡ︶ ᠲᠤᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ | ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ᠄ ᠭᠠᠳᠠᠷ ᠣᠷᠣᠨ ᠤ ᠠᠵᠤ ᠠᠬᠤᠶᠢᠯᠠᠯ ᠤᠨ ᠮᠠᠨ ᠤ ᠲᠤᠭᠤᠷᠢᠭ ᠲᠤ | ᠬᠤᠪᠢᠶᠠᠷᠢ ᠺᠣᠮᠫᠠᠨᠢ ᠪᠠᠶᠢᠭᠤᠯᠤᠬᠰᠠᠨ ᠦᠨᠳᠦᠰᠦᠨ ᠲᠤᠭ᠎ᠠ᠂ ᠦᠨᠳᠦᠰᠦᠨ ᠪᠠᠶᠢᠳᠠᠯ ᠢ ᠪᠦᠷᠢᠳᠬᠡᠨ ᠡᠮᠬᠢᠯᠡᠬᠦ ᠶᠢ | ᠬᠠᠷᠢᠭᠤᠴᠠᠵᠤ᠂ ︽ᠰᠠᠯᠪᠤᠷᠢ ᠪᠠᠶᠢᠭᠤᠯᠤᠮᠵᠢ ᠶᠢ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠪᠤᠯᠭᠠᠨ | ᠬᠤᠪᠢᠷᠠᠭᠤᠯᠬᠤ︾ ᠬᠦᠰᠡᠯ ᠡᠷᠡᠮᠡᠯᠵᠡᠯ ᠲᠠᠢ ᠮᠠᠨ ᠤ ᠲᠤᠭᠤᠷᠢᠭ ᠲᠤ ᠪᠠᠶᠢᠭ᠎ᠠ ᠭᠠᠳᠠᠷ ᠣᠷᠣᠨ ᠤ ᠠᠵᠤ | ᠠᠬᠤᠶᠢᠯᠠᠯ ᠳᠤ ᠬᠠᠮᠵᠢᠯᠴᠠᠨ ᠬᠤᠪᠢᠶᠠᠷᠢ ᠺᠣᠮᠫᠠᠨᠢ ᠶᠢ ᠬᠦᠴᠦᠨ ᠥᠬᠡᠶ ᠪᠣᠯᠭᠠᠬᠤ ᠵᠢᠴᠢ ᠰᠠᠯᠪᠤᠷᠢ ᠺᠣᠮᠫᠠᠨᠢ ᠶᠢ | ᠳᠡᠩᠰᠡᠯᠡᠭᠤᠯᠬᠤ ᠵᠡᠷᠭᠡ ᠬᠠᠮᠢᠶ᠎ᠠ ᠪᠥᠬᠦᠶ ᠵᠦᠶᠯᠡᠰ ᠢ ᠭᠦᠶᠴᠡᠳᠬᠡᠵᠦ᠂ ᠠᠵᠢᠯ ᠤᠨ ᠶᠠᠪᠤᠴᠠ ᠶᠢ ᠳᠥᠭᠦᠮᠴᠢᠯᠡᠨ᠂ | ᠰᠠᠭᠠᠳ ᠥᠬᠡᠶ ᠨᠡᠪᠲᠡᠷᠡᠬᠦ ᠵᠠᠮ ᠢ ᠪᠠᠶᠢᠭᠤᠯᠵᠤ᠂ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢᠨ ᠲᠡᠮᠵᠢᠯᠭᠡ | ᠬᠠᠩᠭᠠᠨ᠎ᠠ᠃ ᠮᠠᠨ ᠤ ᠲᠤᠭᠤᠷᠢᠭ ᠲᠤ ᠨᠢᠭᠡᠨᠲᠡ ᠳᠠᠩᠰᠠᠯᠠᠭᠤᠯᠤᠭᠰᠠᠨ ᠰᠠᠯᠪᠤᠷᠢ ᠪᠠᠶᠢᠭᠤᠯᠤᠮᠵᠢ ᠶᠢ ᠪᠥᠬᠦ ᠲᠠᠯ᠎ᠠ ᠪᠠᠷ | ᠵᠢᠭᠰᠠᠭᠠᠨ ᠪᠠᠶᠢᠴᠠᠭᠠᠵᠤ᠂ ᠳᠠᠩᠰᠠᠯᠠᠭᠤᠯᠬᠤ ᠪᠠᠷ ᠪᠠᠶᠢᠭ᠎ᠠ ᠰᠠᠯᠪᠤᠷᠢ ᠪᠠᠶᠢᠭᠤᠯᠤᠮᠵᠢ ᠶᠢ ᠬᠠᠪᠰᠤᠷᠴᠤ ᠴᠠᠭ | ᠲᠤᠬᠠᠶ ᠳᠤᠨᠢ ᠬᠠᠮᠢᠶ᠎ᠠ ᠪᠦᠬᠦᠢ ᠠᠵᠢᠯ ᠲᠥᠷᠥᠯ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠯᠦᠭᠡ | ᠨᠡᠪᠲᠡᠷᠡᠯᠴᠡᠵᠦ᠂ ᠰᠠᠯᠪᠤᠷᠢ ᠪᠠᠶᠢᠭᠤᠯᠤᠮᠵᠢ ᠶᠢ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠪᠤᠯᠭᠠᠨ | ᠬᠤᠪᠢᠷᠠᠭᠤᠯᠬᠤ ᠶᠢ ᠠᠬᠢᠭᠤᠯᠤᠨ᠎ᠠ᠃ ᠵᠠᠰᠠᠭ ᠤᠨ ᠶᠠᠪᠤᠳᠠᠯ ᠤᠨ ᠶᠡᠭᠡ ᠲᠢᠩᠬᠢᠮ ᠳᠤ ᠠᠵᠤ ᠠᠬᠤᠶᠢᠯᠠᠯ ᠤᠨ | ᠬᠥᠭᠵᠢᠯᠲᠡ ᠳᠤ ᠦᠢᠯᠡᠴᠢᠯᠡᠬᠦ ᠰᠠᠭᠠᠳ ᠦᠭᠡᠶ ᠨᠡᠪᠲᠡᠷᠡᠬᠦ ᠴᠣᠩᠬᠤᠪᠴᠢ ᠭᠠᠷᠭᠠᠬᠤ ᠶᠢ ᠬᠠᠷᠢᠭᠤᠴᠠᠵᠤ᠂ ᠠᠵᠢᠯ ᠤᠨ | ᠶᠠᠪᠤᠴᠠ ᠶᠢ ᠳᠥᠭᠦᠮᠴᠢᠯᠡᠨ᠂ ᠨᠢᠭᠡ ᠥᠷᠲᠡᠭᠡᠴᠢᠯᠡᠭᠰᠡᠨ ᠮᠠᠶ᠋ᠢᠭ ᠢᠶᠠᠷ ᠡᠯ᠎ᠡ ᠵᠦᠢᠯ ᠤᠨ ᠭᠠᠷᠳᠠᠮ ᠢ ᠭᠦᠢᠴᠡᠳᠬᠡᠨ᠎ᠡ᠃ | ︵ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠳᠠ ᠬᠠᠮᠢᠶᠠᠷᠤᠯᠳᠠ ᠶᠢᠨ ᠲᠣᠪᠴᠢᠶ᠎ᠠ ᠬᠠᠮᠵᠢᠯᠴᠠᠨ᠎ᠠ︶ | ︵ᠠᠷᠪᠠᠨ ᠬᠤᠶᠠᠷ︶ ᠲᠤᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠄ ᠭᠠᠳᠠᠷ ᠣᠷᠣᠨ ᠤ ᠠᠵᠤ | ᠠᠬᠤᠶᠢᠯᠠᠯ ᠤᠨ ᠪᠤᠭᠤᠳᠤ ᠳᠤ ᠰᠠᠯᠪᠤᠷᠢ ᠪᠠᠶᠢᠭᠤᠯᠤᠮᠵᠢ ᠪᠠᠶᠢᠭᠤᠯᠤᠭᠰᠠᠨ ᠭᠠᠶᠢᠯᠢ ᠶᠢᠨ ᠶᠠᠪᠤᠳᠠᠯ ᠤᠨ ᠮᠡᠳᠡᠭᠡ | ᠵᠠᠩᠭᠢ ᠶᠢ ᠲᠤᠳᠤᠯᠠᠬᠰᠠᠨ ᠪᠠᠶᠢᠳᠠᠯ ᠳᠤ ᠵᠠᠳᠠᠯᠤᠯᠲᠠ ᠬᠢᠵᠦ ᠬᠠᠷᠢᠴᠠᠭᠤᠯᠬᠤ ᠶᠢ ᠬᠠᠷᠢᠭᠤᠴᠠᠵᠤ᠂ ᠠᠵᠤ | ᠠᠬᠤᠶᠢᠯᠠᠯ ᠳᠤ ᠰᠠᠯᠪᠤᠷᠢ ᠪᠠᠶᠢᠭᠤᠯᠤᠮᠵᠢ ᠶᠢ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠪᠤᠯᠭᠠᠨ | ᠬᠤᠪᠢᠷᠠᠭᠤᠯᠬᠤ ᠵᠡᠷᠭᠡ ᠲᠥᠷᠥ ᠶᠢᠨ ᠪᠣᠳᠣᠯᠭ᠎ᠠ ᠶᠢᠨ ᠳᠡᠮᠵᠢᠯᠭᠡ ᠬᠠᠩᠭᠠᠨ᠎ᠠ᠃ | ︵ᠠᠷᠪᠠᠨ ᠭᠤᠷᠪᠠ︶ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠄ ᠠᠵᠢᠯ | ᠲᠥᠷᠥᠯ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠠᠵᠤ ᠠᠬᠤᠶᠢᠯᠠᠯ ᠤᠨ ᠪᠠᠶᠢᠭᠤᠯᠤᠮᠵᠢ ᠶᠢᠨ | ᠥᠭᠡᠷᠡᠴᠢᠯᠡᠯᠲᠡ ᠶᠢᠨ ᠠᠵᠢᠯ ᠳᠤ ᠬᠠᠮᠵᠢᠯᠴᠠᠵᠤ᠂ ᠰᠠᠯᠪᠤᠷᠢ ᠪᠠᠶᠢᠭᠤᠯᠤᠮᠵᠢ ᠶᠢ ᠪᠡᠶ᠎ᠡ ᠪᠠᠨ ᠳᠠᠭᠠᠭᠠᠭᠰᠠᠨ ᠬᠠᠤᠯᠢ ᠶᠢᠨ | ᠡᠷᠬᠡᠲᠡᠨ ᠪᠤᠯᠭᠠᠨ ᠬᠤᠪᠢᠷᠠᠭᠤᠯᠬᠤ ᠠᠵᠢᠯ ᠲᠤᠮᠳᠠᠬᠢ ᠬᠠᠤᠯᠢ ᠳᠤ ᠬᠤᠯᠪᠣᠭᠳᠠᠬᠤ ᠠᠵᠢᠯ ᠳᠤ ᠳᠡᠮᠵᠢᠯᠭᠡ | ᠦᠵᠡᠭᠦᠯᠦᠨ᠎ᠡ᠃ | ᠵᠢᠷᠭᠤᠭ᠎ᠠ᠂ ᠠᠵᠢᠯ ᠤᠨ ᠱᠠᠭᠠᠷᠳᠠᠯᠭ᠎ᠠ | ︵ᠨᠢᠭᠡ︶ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠬᠤ ᠬᠡᠷᠡᠭᠲᠡᠶ᠃ ᠠᠵᠤ ᠠᠬᠤᠶᠢᠯᠠᠯ ᠤᠨ | ᠬᠥᠭᠵᠢᠯᠲᠡ ᠳᠤ ᠦᠢᠯᠡᠴᠢᠯᠡᠬᠦ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ᠲᠤᠭᠤᠷᠢᠭ ᠤᠨ ︽ᠰᠠᠯᠪᠤᠷᠢ | ᠪᠠᠶᠢᠭᠤᠯᠤᠮᠵᠢ ᠶᠢ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠪᠤᠯᠭᠠᠨ ᠬᠤᠪᠢᠷᠠᠭᠤᠯᠬᠤ︾ ᠲᠤᠰᠬᠠᠶ ᠠᠵᠢᠯ ᠤᠨ | ᠲᠤᠰᠬᠠᠶ ᠠᠩᠭᠢ ᠶᠢ ᠪᠠᠶᠢᠭᠤᠯᠤᠨ᠂ ᠪᠦᠬᠦ ᠲᠤᠭᠤᠷᠢᠭ ᠤᠨ ︽ᠰᠠᠯᠪᠤᠷᠢ ᠪᠠᠶᠢᠭᠤᠯᠤᠮᠵᠢ ᠶᠢ ᠪᠡᠶ᠎ᠡ ᠪᠠᠨ ᠳᠠᠭᠠᠭᠠᠭᠰᠠᠨ | ᠬᠠᠤᠯᠢ ᠶᠢᠨ ᠡᠷᠬᠡᠲᠡᠨ ᠪᠤᠯᠭᠠᠨ ᠬᠤᠪᠢᠷᠠᠭᠤᠯᠬᠤ︾ ᠡᠯ᠎ᠡ ᠵᠦᠢᠯ ᠤᠨ ᠠᠵᠢᠯ ᠢ ᠨᠢᠭᠡᠳᠦᠯᠲᠡᠶ ᠲᠦᠯᠦᠪᠵᠢᠭᠦᠯᠦᠨ | ᠠᠬᠢᠭᠤᠯᠵᠤ᠂ ᠠᠵᠢᠯ ᠢ ᠲᠦᠷᠦᠭᠦᠯᠡᠨ ᠬᠢᠬᠦ ᠰᠠᠯᠠᠭ᠎ᠠ ᠮᠥᠴᠢᠷ ᠢ ᠤᠯᠠᠮ ᠨᠢᠭᠡ ᠠᠯᠬᠤᠮ ᠲᠣᠳᠣᠷᠬᠠᠶᠢᠯᠠᠨ᠂ ᠡᠯ᠎ᠡ | ᠭᠠᠵᠠᠷ ᠣᠷᠣᠨ᠂ ᠡᠯ᠎ᠡ ᠠᠵᠢᠯ ᠲᠥᠷᠥᠯ ᠤᠨ ᠰᠠᠯᠠᠭ᠎ᠠ ᠮᠥᠴᠢᠷ ᠤᠨ ᠰᠢᠰᠲ᠋ᠧᠮᠵᠢᠭᠦᠯᠦᠨ ᠬᠠᠷᠢᠭᠤᠴᠠᠬᠤ ᠠᠵᠢᠯ ᠤᠨ | ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠢ᠃ ᠬᠤᠯᠪᠣᠭ᠎ᠠ ᠠᠪᠬᠤ ᠲᠣᠭᠲᠠᠴᠠ ᠶᠢ ᠪᠠᠶᠢᠭᠤᠯᠵᠤ᠂ ᠡᠯ᠎ᠡ | ᠪᠦᠷᠢᠯᠳᠦᠬᠦᠨ ᠨᠢᠭᠡᠴᠢ ᠨᠢ 1 ᠠᠵᠢᠯ ᠤᠨ ᠬᠤᠯᠪᠣᠭᠠᠴᠢᠨ ᠢ ᠲᠣᠭᠲᠠᠭᠠᠬᠤ ᠶᠢᠨ ᠬᠠᠮᠲᠤ ᠬᠠᠮᠢᠶ᠎ᠠ ᠪᠥᠬᠦᠶ ᠮᠡᠳᠡᠭᠡ | ᠵᠠᠩᠭᠢ ᠶᠢ ᠠᠵᠢᠯᠯᠠᠬᠤ ᠳᠤᠭᠤᠶᠢᠯᠠᠩ ᠤᠨ ᠠᠯᠪᠠᠨ ᠬᠡᠷ ᠲᠤ ᠮᠡᠳᠡᠭᠦᠯᠦᠨ ᠬᠦᠷᠭᠡᠬᠦ ᠬᠡᠷᠡᠭᠳᠡᠢ᠃ ᠡᠯ᠎ᠡ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠳ ᠬᠤᠭᠤᠷᠤᠨᠳᠤ ᠪᠠᠨ ᠬᠠᠷᠢᠯᠴᠠᠬᠤ ᠪᠠᠨ ᠴᠢᠩᠭᠠᠳᠬᠠᠨ᠂ ᠲᠣᠭᠲᠠᠮᠠᠯ | ᠬᠤᠭᠤᠴᠠᠭ᠎ᠠ ᠲᠠᠢ ᠪᠠᠷ ᠲᠣᠬᠢᠷᠠᠭᠤᠯᠵᠤ᠂ ᠨᠢᠭᠲᠠ ᠬᠠᠪᠰᠤᠷᠤᠯᠴᠠᠨ᠂ ᠬᠦᠴᠦ ᠪᠠᠨ ᠬᠠᠮᠲᠤᠳᠬᠠᠨ ᠬᠠᠮᠵᠢᠯᠴᠠᠵᠤ᠂ | ᠠᠵᠢᠯ ᠢᠶᠠᠨ ᠡᠮᠬᠢ ᠲᠢᠭᠯᠢᠮ ᠲᠠᠢ ᠪᠠᠷ ᠠᠬᠢᠭᠤᠯᠬᠤ ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ᠃ ᠡᠯ᠎ᠡ | ᠬᠠᠷᠢᠶᠠᠳᠤ ᠭᠠᠵᠠᠷ ᠤᠨ ᠵᠠᠰᠠᠭ ᠤᠨ ᠣᠷᠳᠣᠨ ᠬᠠᠷᠢᠶᠠᠲᠤ ᠭᠠᠵᠠᠷ ᠤᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ | ᠬᠠᠷᠠᠭᠠᠯᠵᠠᠬᠰᠠᠨ ᠠᠵᠢᠯ ᠤᠨ ᠲᠣᠭᠲᠠᠴᠠ ᠶᠢ ᠪᠠᠶᠢᠭᠤᠯᠵᠤ᠂ ᠡᠭᠦᠷᠭᠡ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ | ᠴᠠᠭ ᠤᠨ ᠬᠢᠵᠠᠭᠠᠷ ᠤᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠪᠣᠭᠤᠮᠲᠠ ᠰᠢᠪᠲᠤᠯᠬᠤ ᠠᠵᠢᠯᠯᠠᠭ᠎ᠠ ᠶᠢᠨ | ᠯᠠᠪᠳᠠᠭᠤᠨ ᠪᠠᠲᠤᠲᠠᠶ ᠦᠷ᠎ᠡ ᠪᠦᠳᠦᠮᠵᠢ ᠤᠯᠬᠤ ᠶᠢ ᠪᠠᠲᠤᠯᠠᠬᠤ ᠬᠡᠷᠡᠭᠲᠡᠶ᠃ | ︵ᠬᠤᠶᠠᠷ︶ ᠲᠡᠮᠡᠴᠡᠨ ᠣᠯᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠡᠯ᠎ᠡ ᠠᠵᠢᠯ ᠲᠥᠷᠥᠯ ᠤᠨ ᠭᠤᠤᠯᠯᠠᠨ | ᠬᠠᠮᠢᠶᠠᠷᠬᠤ ᠰᠠᠯᠠᠭ᠎ᠠ ᠮᠥᠴᠢᠷ ᠯᠠᠪᠳᠠᠢ ᠰᠢᠢᠳᠪᠦᠷᠢᠯᠡᠬᠦ ᠠᠷᠭ᠎ᠠ ᠪᠠᠶᠢᠬᠤ ᠰᠡᠳᠬᠢᠬᠦᠶ ᠪᠠᠷ᠂ ᠪᠣᠳᠠᠲᠠᠶ ᠠᠴᠠ ᠡᠭᠦᠰᠴᠦ᠂ | ᠠᠯᠬᠤᠮ ᠬᠤᠪᠢᠶᠠᠨ ᠬᠡᠷᠡᠭᠵᠢᠭᠦᠯᠬᠦ ᠶᠢ ᠪᠠᠷᠢᠮᠲᠠᠯᠠᠨ᠂ ︽ᠰᠠᠯᠪᠤᠷᠢ ᠪᠠᠶᠢᠭᠤᠯᠤᠮᠵᠢ ᠶᠢ ᠪᠡᠶ᠎ᠡ ᠪᠠᠨ ᠳᠠᠭᠠᠭᠠᠭᠰᠠᠨ | ᠬᠠᠤᠯᠢ ᠶᠢᠨ ᠡᠷᠬᠡᠲᠡᠨ ᠪᠤᠯᠭᠠᠨ ᠬᠤᠪᠢᠷᠠᠭᠤᠯᠬᠤ︾ ᠶᠢᠨ ᠬᠥᠭᠵᠢᠯᠲᠡ ᠪᠠ ᠪᠠᠲᠤᠯᠠᠭ᠎ᠠ ᠶᠢᠨ ᠠᠵᠢᠯ ᠢ ᠨᠢᠭᠡᠳᠦᠯᠲᠡᠶ | ᠲᠦᠯᠦᠪᠵᠢᠬᠦᠯᠦᠨ ᠰᠠᠶᠢᠲᠤᠷ ᠬᠢᠬᠦ ᠬᠡᠷᠡᠭᠲᠡᠶ᠃ ᠮᠠᠨ ᠤ ᠲᠤᠭᠤᠷᠢᠭ ᠲᠤ ᠪᠠᠶᠢᠭ᠎ᠠ ᠭᠠᠳᠠᠷ ᠣᠷᠣᠨ ᠤ ᠠᠵᠤ | ᠠᠬᠤᠶᠢᠯᠠᠯ ᠤᠨ ᠬᠤᠪᠢᠶᠠᠷᠢ ᠺᠣᠮᠫᠠᠨᠢ ᠪᠠᠶᠢᠭᠤᠯᠤᠭᠰᠠᠨ ᠪᠠᠶᠢᠳᠠᠯ ᠢ ᠰᠠᠷ᠎ᠠ ᠰᠠᠷ᠎ᠠ ᠪᠠᠷ ᠭᠠᠷᠭᠠᠨ ᠠᠪᠴᠤ᠂ ᠭᠠᠳᠠᠷ | ᠣᠷᠣᠨ ᠤ ᠠᠵᠤ ᠠᠬᠤᠶᠢᠯᠠᠯ ᠳᠤ ᠦᠢᠯᠡᠴᠢᠯᠡᠵᠤ ᠺᠤᠮᠫᠠᠨᠢ ᠪᠠᠶᠢᠭᠤᠯᠬᠤ ᠶᠢ ᠬᠠᠪᠰᠤᠷᠤᠨ ᠬᠦᠢᠴᠡᠳᠭᠡᠭᠰᠡᠨ ᠨᠠᠷᠢᠨ | ᠲᠠᠩᠰᠠ ᠶᠢ ᠪᠠᠶᠢᠭᠤᠯᠤᠨ᠂ ᠭᠦᠢᠴᠡᠳᠬᠡᠬᠦ ᠰᠠᠭᠠᠳ ᠦᠭᠡᠶ ᠨᠡᠪᠲᠡᠷᠡᠬᠦ ᠵᠠᠮ ᠢ ᠪᠠᠶᠢᠭᠤᠯᠵᠤ᠂ ᠡᠯ᠎ᠡ ᠵᠠᠰᠠᠭ ᠤᠨ | ᠶᠠᠪᠤᠳᠠᠯ ᠤᠨ ᠲᠢᠩᠬᠢᠮ ᠳᠤ ᠠᠵᠤ ᠠᠬᠤᠶᠢᠯᠠᠯ ᠳᠤ ᠦᠢᠯᠡᠴᠢᠯᠡᠬᠦ ᠲᠤᠰᠬᠠᠶ ᠲᠣᠭᠤᠷᠢᠭ ᠪᠠᠶᠢᠭᠤᠯᠤᠨ᠂ ︽ | ᠬᠠᠪᠰᠤᠷᠤᠨ ᠭᠦᠢᠴᠡᠳᠬᠡᠵᠦ ᠣᠷᠣᠯᠠᠨ ᠭᠦᠢᠴᠡᠳᠬᠡᠬᠦ︾ ᠦᠢᠯᠡᠴᠢᠯᠡᠭᠡᠨ ᠤ ᠲᠣᠭᠲᠠᠴᠠ ᠶᠢ ᠪᠠᠶᠢᠭᠤᠯᠵᠤ᠂ ᠭᠠᠳᠠᠷ | ᠣᠷᠣᠨ ᠤ ᠠᠵᠤ ᠠᠬᠤᠶᠢᠯᠠᠯ ᠤᠨ ᠮᠠᠨ ᠤ ᠲᠤᠭᠤᠷᠢᠭ ᠲᠤ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ | ᠨᠢᠭᠡᠴᠢ ᠶᠢ ᠳᠠᠩᠰᠠᠯᠠᠭᠤᠯᠬᠤ ᠶᠢ ᠪᠦᠬᠦ ᠬᠦᠴᠦᠨ ᠢᠶᠠᠷ ᠢᠶᠠᠨ ᠳᠡᠮᠵᠢᠨ ᠠᠬᠢᠭᠤᠯᠬᠤ ᠬᠡᠷᠡᠭᠳᠡᠢ᠃ | ︵ᠭᠤᠷᠪᠠ︶ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢ ᠴᠢᠩᠭᠠᠷᠠᠭᠤᠯᠬᠤ ᠬᠡᠷᠡᠭᠳᠡᠢ᠃ ᠡᠯ᠎ᠡ ᠠᠵᠢᠯ | ᠲᠥᠷᠥᠯ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠠᠵᠤ | ᠦᠶᠯᠡᠳᠪᠦᠷᠢ᠂ ᠠᠷᠠᠯᠵᠢᠶ᠎ᠠ ᠬᠤᠳᠠᠯᠳᠤᠭ᠎ᠠ᠂ ᠪᠠᠷᠢᠯᠭ᠎ᠠ ᠵᠡᠷᠭᠡ ᠠᠵᠢᠯ ᠲᠥᠷᠥᠯ ᠤᠨ ᠬᠦᠷᠢᠶ᠎ᠡ ᠴᠠᠷᠠᠭ᠎ᠠ ᠶᠣᠰᠣᠭᠠᠷ | ᠡᠳ᠋ ᠤᠨ ᠵᠠᠰᠠᠭ ᠭᠠᠶᠢᠯᠢ ᠶᠢᠨ ᠶᠠᠪᠤᠳᠠᠯ᠂ ᠮᠥᠩᠭᠦᠨ ᠭᠦᠶᠯᠭᠡᠭᠡᠨ ᠵᠡᠷᠭᠡ ᠲᠠᠯ᠎ᠠ ᠠᠴᠠ ᠲᠡᠳᠬᠦᠨ ᠳᠡᠮᠵᠢᠬᠦ | ᠲᠥᠷᠥ ᠶᠢᠨ ᠪᠣᠳᠣᠯᠭ᠎ᠠ ᠲᠣᠭᠲᠠᠭᠠᠨ ᠨᠡᠶᠢᠲᠡᠯᠡᠬᠦ ᠶᠢ ᠵᠣᠷᠢᠭᠵᠢᠭᠤᠯᠵᠤ᠂ ᠭᠠᠳᠠᠷ ᠣᠷᠣᠨ ᠤ ᠰᠲ᠋ᠤᠺ ᠢᠶᠠᠨ ᠵᠠᠬ᠎ᠠ | ᠳᠡᠯᠭᠡᠭᠦᠷ ᠲᠤ ᠭᠠᠷᠭᠠᠬᠰᠠᠨ ᠰᠢᠯᠢᠳᠡᠭ ᠠᠵᠤ ᠠᠬᠤᠶᠢᠯᠠᠯ᠂ ᠲᠣᠮᠣ ᠬᠡᠯᠪᠡᠷᠢ ᠶᠢᠨ ᠠᠵᠤ ᠠᠬᠤᠶᠢᠯᠠᠯ ᠤᠨ | ᠪᠦᠯᠦᠭᠯᠡᠯ ᠤᠨ ᠮᠠᠨ ᠤ ᠲᠤᠭᠤᠷᠢᠭ ᠲᠤ ᠶᠡᠷᠦᠩᠬᠡᠶ ᠬᠡᠯᠲᠡᠰ ᠤᠨ ᠠᠵᠤ ᠠᠬᠤᠶ ᠪᠠᠶᠢᠭᠤᠯᠬᠤ ᠶᠢ ᠵᠣᠷᠢᠭᠵᠢᠭᠤᠯᠬᠤ ᠶᠢᠨ | ᠬᠠᠮᠲᠤ ᠵᠣᠬᠢᠬᠤ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠦᠵᠡᠭᠦᠯᠬᠦ ᠬᠡᠷᠡᠭᠲᠡᠶ᠃ ᠶᠡᠷᠦᠩᠬᠡᠶ ᠬᠡᠯᠲᠡᠰ ᠤᠨ ᠠᠵᠤ | ᠠᠬᠤᠶ ᠶᠢᠨ ᠠᠷᠠᠯᠵᠢᠶᠠᠴᠢᠨ ᠤᠷᠢᠵᠤ ᠪᠠᠯᠠ ᠮᠦᠩᠬᠦ ᠤᠷᠤᠭᠤᠯᠤᠨ ᠠᠪᠴᠢᠷᠠᠬᠤ ᠠᠵᠢᠯ ᠢ ᠥᠷᠨᠢᠭᠦᠯᠬᠦ ᠡᠷᠴᠢᠮ ᠢ | ᠴᠢᠩᠭᠠᠷᠠᠭᠤᠯᠵᠤ᠂ ᠠᠵᠤ ᠠᠬᠤᠶᠢᠯᠠᠯ ᠤᠨ ᠶᠡᠷᠦᠩᠬᠡᠶ ᠬᠡᠯᠲᠡᠰ ᠤᠨ ᠲᠠᠰᠤᠯᠤᠨ ᠪᠤᠳᠤᠬᠤ ᠶᠢ ᠬᠥᠨᠳᠡᠯᠡᠨ | ᠲᠣᠭᠤᠷᠢᠭ ᠲᠤ ᠨᠠᠶᠢᠳᠠᠪᠤᠷᠢᠵᠢᠭᠤᠯᠵᠤ᠂ ᠲᠣᠰ ᠭᠠᠵᠠᠷ ᠤᠷᠤᠨ ᠤ ᠶᠡᠷᠦᠩᠬᠡᠶ ᠬᠡᠯᠲᠡᠰ ᠤᠨ ᠠᠵᠤ ᠠᠬᠤᠶ ᠶᠢ | ᠲᠦᠷᠭᠡᠳᠬᠡᠨ ᠪᠤᠶᠢᠵᠢᠭᠤᠯᠵᠤ᠂ ᠭᠠᠳᠠᠷ ᠣᠷᠣᠨ ᠤ ᠰᠠᠯᠪᠤᠷᠢ ᠺᠣᠮᠫᠠᠨᠢ ᠶᠢᠨ ᠪᠣᠷᠣᠯᠠᠭᠤᠯᠭ᠎ᠠ ᠶᠢ ᠲᠣᠰ ᠭᠠᠵᠠᠷ ᠤᠨ | ᠶᠡᠷᠦᠩᠬᠡᠶ ᠬᠡᠯᠲᠡᠰ ᠲᠤ ᠰᠢᠯᠵᠢᠭᠦᠯᠦᠨ ᠲᠠᠰᠤᠯᠤᠨ ᠪᠤᠳᠤᠨ᠎ᠡ᠃ | ︵ᠳᠥᠷᠪᠡ︶ ᠭᠠᠶᠢᠯᠢ ᠶᠢᠨ ᠶᠠᠪᠤᠳᠠᠯ ᠤᠨ ᠵᠢᠯᠣᠭᠤᠳᠣᠯᠭ᠎ᠠ ᠶᠢ ᠴᠢᠩᠭᠠᠳᠬᠬᠤ ᠬᠡᠷᠡᠭᠲᠡᠢ᠃ ᠭᠠᠶᠢᠯᠢ ᠶᠢᠨ | ᠶᠠᠪᠤᠳᠠᠯ ᠤᠨ ᠰᠠᠯᠠᠭ᠎ᠠ ᠮᠥᠴᠢᠷ ᠨᠢ ᠭᠠᠳᠠᠷ ᠣᠷᠣᠨ ᠤ ᠠᠵᠤ ᠠᠬᠤᠶᠢᠯᠠᠯ ᠤᠨ ᠬᠠᠮᠢᠶ᠎ᠠ ᠪᠥᠬᠦᠶ ᠭᠠᠶᠢᠯᠢ ᠳᠤ | ᠬᠤᠯᠪᠣᠭᠳᠠᠬᠤ ᠵᠦᠶᠯᠡᠰ ᠢ ᠪᠥᠬᠦ ᠶᠠᠪᠤᠴᠠ ᠪᠠᠷ ᠵᠢᠯᠣᠭᠤᠳᠴᠤ᠂ ᠭᠠᠶᠢᠯᠢ ᠶᠢᠨ ᠲᠥᠷᠥ ᠶᠢᠨ ᠪᠣᠳᠣᠯᠭ᠎ᠠ᠂ | ᠭᠠᠶᠢᠯᠢ ᠶᠢᠨ ᠶᠠᠪᠤᠳᠠᠯ ᠢ ᠭᠦᠶᠴᠡᠳᠬᠡᠬᠦ ᠵᠡᠷᠭᠡ ᠬᠦᠷᠢᠶ᠎ᠡ ᠴᠠᠷᠠᠭ᠎ᠠ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ | ᠴᠠᠭ ᠲᠤᠬᠠᠶ ᠳᠤᠨᠢ ᠰᠢᠶᠳᠪᠦᠷᠢᠯᠡᠬᠦ ᠬᠡᠷᠡᠭᠲᠡᠢ᠃ ᠭᠠᠳᠠᠷ ᠣᠷᠣᠨ ᠤ ᠠᠵᠤ ᠠᠬᠤᠶᠢᠯᠠᠯ ᠤᠨ ᠬᠡᠷᠡᠭᠴᠡᠭᠡ ᠳᠤ | ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠶᠢᠯᠠᠯ ᠢ ᠬᠠᠪᠰᠤᠷᠤᠨ ᠭᠠᠶᠢᠯᠢ ᠶᠢᠨ ᠶᠠᠪᠤᠳᠠᠯ ᠤᠨ ᠥᠪᠡᠷ ᠤᠨ | ᠥᠷᠲᠡᠭ ᠢ ᠪᠦᠲᠦᠮᠵᠢᠲᠡᠶ ᠬᠠᠮᠢᠶᠠᠷᠴᠤ᠂ ᠭᠠᠶᠢᠯᠢ ᠶᠢᠨ ᠶᠠᠪᠤᠳᠠᠯ ᠤᠨ ᠠᠶᠤᠯ ᠲᠦᠭᠰᠢᠭᠦᠷᠢ ᠶᠢ ᠪᠠᠭᠤᠷᠠᠭᠤᠯᠬᠤ | ᠬᠡᠷᠡᠭᠳᠡᠢ᠃ ᠭᠠᠶᠢᠯᠢ ᠳᠤ ᠬᠤᠯᠪᠣᠭᠳᠠᠬᠤ ᠮᠡᠳᠡᠭᠡ ᠵᠠᠩᠭᠢ ᠶᠢ ᠵᠠᠳᠠᠯᠤᠨ ᠬᠡᠷᠡᠭᠯᠡᠬᠦ ᠶᠢ ᠴᠢᠩᠭᠠᠳᠬᠠᠵᠤ᠂ ᠭᠠᠶᠢᠯᠢ | ᠲᠤᠰᠢᠶᠠᠬᠤ ᠠᠵᠢᠯᠯᠠᠭ᠎ᠠ ᠶᠢ ᠬᠠᠤᠯᠢ ᠶᠣᠰᠣᠭᠠᠷ ᠵᠢᠷᠤᠮᠵᠢᠭᠤᠯᠵᠤ᠂ ᠣᠷᠣᠯᠭ᠎ᠠ ᠶᠢ ᠵᠣᠬᠢᠶᠠᠨ ᠪᠠᠶᠢᠭᠤᠯᠬᠤ ᠶᠠᠰᠤ | ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠳᠡᠢ ᠃ | ︵ᠲᠠᠪᠤ︶ ᠵᠣᠬᠢᠴᠠᠭᠤᠯᠤᠨ ᠬᠠᠮᠵᠢᠯᠴᠠᠬᠤ ᠶᠢ ᠴᠢᠩᠭᠠᠳᠬᠠᠬᠤ ᠬᠡᠷᠡᠭᠳᠡᠢ᠃ ᠲᠤᠭᠤᠷᠢᠭ ᠤᠨ | ᠬᠥᠭᠵᠢᠭᠦᠯᠦᠯᠲᠡ ᠪᠠ ᠥᠭᠡᠷᠡᠴᠢᠯᠡᠯᠲᠡ᠂ ᠲᠤᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ | ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ᠂ ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ | ᠲᠤᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠡᠳ᠋ ᠤᠨ ᠵᠠᠰᠠᠭ | ᠭᠠᠶᠢᠯᠢ ᠶᠢᠨ ᠶᠠᠪᠤᠳᠠᠯ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠤᠴᠢᠷ ᠶᠠᠪᠤᠳᠠᠯ ᠢ ᠬᠢᠨᠠᠨ ᠵᠥᠪᠰᠢᠶᠡᠷᠡᠬᠦ᠂ | ᠡᠬᠢ ᠪᠠᠶᠠᠯᠢᠭ ᠢ ᠲᠣᠬᠢᠷᠠᠭᠤᠯᠬᠤ᠂ ᠡᠳ᠋ ᠤᠨ ᠵᠠᠰᠠᠭ ᠮᠥᠩᠭᠦᠨ ᠭᠦᠶᠯᠭᠡᠭᠡᠨ ᠭᠠᠶᠢᠯᠢ ᠶᠢᠨ ᠶᠠᠪᠤᠳᠠᠯ ᠤᠨ ᠲᠥᠷᠥ ᠶᠢᠨ | ᠪᠣᠳᠣᠯᠭ᠎ᠠ ᠵᠡᠷᠭᠡ ᠣᠯᠠᠨ ᠲᠠᠯ᠎ᠠ ᠪᠠᠷ ᠵᠤᠬᠢᠴᠠᠭᠤᠯᠤᠨ ᠬᠠᠮᠵᠢᠯᠴᠠᠬᠤ ᠪᠠ ᠮᠡᠳᠡᠭᠡ ᠵᠠᠩᠭᠢ ᠰᠣᠯᠢᠯᠴᠠᠬᠤ ᠪᠠᠨ | ᠴᠢᠩᠭᠠᠳᠬᠠᠵᠤ᠂ ᠬᠠᠮᠳᠤ ᠪᠠᠷ ᠪᠤᠭᠤᠮᠳᠠ ᠶᠢ ᠰᠠᠬᠢᠨ ᠬᠠᠷᠢᠭᠤᠴᠠᠵᠤ᠂ ᠬᠠᠮᠲᠤᠷᠠᠨ ᠬᠥᠳᠡᠯᠦᠯᠴᠡᠬᠦ ᠲᠣᠭᠲᠠᠴᠠ ᠶᠢ | ᠪᠦᠷᠢᠯᠳᠦᠬᠦᠯᠦᠨ᠂ ᠭᠠᠳᠠᠷ ᠣᠷᠣᠨ ᠤ ᠠᠵᠤ ᠠᠬᠤᠶᠢᠯᠠᠯ ᠤᠨ ᠰᠠᠯᠪᠤᠷᠢ ᠪᠠᠶᠢᠭᠤᠯᠤᠮᠵᠢ ᠶᠢᠨ ᠭᠠᠶᠢᠯᠢ ᠶᠢ ᠬᠠᠷᠢᠶᠠᠲᠦ | ᠭᠠᠵᠠᠷ ᠲᠤ ᠬᠠᠷᠢᠶᠠᠯᠠᠬᠳᠠᠭᠤᠯᠬᠤ ᠬᠠᠮᠢᠶᠠᠷᠤᠯᠲᠠ ᠶᠢ ᠬᠡᠷᠡᠭᠵᠢᠭᠦᠯᠬᠦ ᠶᠢ ᠠᠬᠢᠭᠤᠯᠬᠤ ᠬᠡᠷᠡᠭᠲᠡᠶ᠃ ᠲᠤᠭᠤᠷᠢᠭ ᠤᠨ | ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢ ᠡᠯ᠎ᠡ | ᠠᠵᠢᠯ ᠲᠥᠷᠥᠯ ᠤᠨ ᠭᠠᠳᠠᠷ ᠣᠷᠣᠨ ᠤ ᠠᠵᠤ ᠠᠬᠤᠶᠢᠯᠠᠯ ᠤᠨ ᠮᠠᠨ ᠤ ᠲᠤᠭᠤᠷᠢᠭ ᠲᠤ ᠬᠤᠪᠢᠶᠠᠷᠢ ᠺᠣᠮᠫᠠᠨᠢ | ᠪᠠᠶᠢᠭᠤᠯᠤᠭᠰᠠᠨ ᠦᠨᠳᠦᠰᠦᠨ ᠪᠠᠶᠢᠳᠠᠯ ᠢ ᠪᠦᠷᠢᠳᠭᠡᠨ ᠡᠮᠬᠢᠯᠡᠬᠦ ᠶᠢ ᠬᠠᠷᠢᠭᠤᠴᠠᠵᠤ᠂ ᠪᠡᠶ᠎ᠡ ᠪᠠᠨ ᠳᠠᠭᠠᠭᠠᠭᠰᠠᠨ | ᠬᠠᠤᠯᠢ ᠶᠢᠨ ᠡᠷᠬᠡᠲᠡᠨ ᠪᠤᠯᠬᠤ ᠨᠥᠬᠦᠴᠡᠯ ᠢ ᠪᠦᠷᠢᠯᠳᠦᠭᠦᠯᠦᠭᠰᠡᠨ ᠪᠥᠭᠡᠳ ︽ᠰᠠᠯᠪᠤᠷᠢ ᠪᠠᠶᠢᠭᠤᠯᠤᠮᠵᠢ ᠶᠢ ᠪᠡᠶ᠎ᠡ ᠪᠠᠨ | ᠳᠠᠭᠠᠭᠠᠭᠰᠠᠨ ᠬᠠᠤᠯᠢ ᠶᠢᠨ ᠡᠷᠬᠡᠲᠡᠨ ᠪᠤᠯᠭᠠᠨ ᠬᠤᠪᠢᠷᠠᠭᠤᠯᠬᠤ︾ ᠲᠤᠬᠠᠶᠢᠯᠠᠭᠰᠠᠨ ᠠᠵᠢᠯ ᠢ ᠭᠦᠢᠴᠡᠳᠬᠡᠬᠦ | ᠬᠦᠰᠡᠯ ᠲᠠᠢ ᠠᠵᠤ ᠠᠬᠤᠶᠢᠯᠠᠯ ᠳᠤ ︽ᠰᠠᠯᠪᠤᠷᠢ ᠪᠠᠶᠢᠭᠤᠯᠤᠮᠵᠢ ᠶᠢ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ | ᠪᠤᠯᠭᠠᠨ ᠬᠤᠪᠢᠷᠠᠭᠤᠯᠬᠤ︾ ᠶᠢ ᠳᠠᠩᠰᠠᠯᠠᠭᠤᠯᠬᠤ ᠶᠢ ᠢᠳᠡᠪᠬᠢᠲᠡᠶ ᠬᠠᠮᠵᠢᠯᠴᠠᠨ ᠰᠠᠶᠢᠲᠤᠷ ᠬᠦᠢᠴᠡᠳᠬᠡᠵᠤ ᠦᠭᠬᠦ ᠶᠢᠨ | ᠬᠠᠮᠲᠤ᠂ ᠬᠠᠮᠢᠶ᠎ᠠ ᠪᠦᠬᠦᠢ ᠠᠵᠢᠯ ᠢ ᠬᠠᠮᠵᠢᠯᠴᠠᠨ ᠥᠷᠨᠢᠭᠦᠯᠬᠦ ᠬᠡᠷᠡᠭᠳᠡᠢ᠃ ᠭᠠᠶᠢᠯᠢ ᠶᠢᠨ ᠶᠠᠪᠤᠳᠠᠯ ᠤᠨ ᠰᠠᠯᠠᠭ᠎ᠠ | ᠮᠥᠴᠢᠷ ᠨᠢ ᠪᠤᠰᠤᠳ ᠬᠠᠮᠢᠶ᠎ᠠ ᠪᠥᠬᠦᠶ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠬᠠᠮᠵᠢᠯᠴᠠᠭ᠎ᠠ ᠪᠠᠨ | ᠴᠢᠩᠭᠠᠳᠬᠠᠵᠤ᠂ ᠭᠠᠶᠢᠯᠢ ᠶᠢᠨ ᠲᠤᠬᠠᠢ ᠵᠠᠳᠠᠯᠤᠯᠲᠠ ᠬᠢᠬᠦ ᠪᠠ ᠲᠥᠷᠥ ᠶᠢᠨ ᠪᠣᠳᠣᠯᠭ᠎ᠠ ᠶᠢᠨ ᠬᠠᠪᠰᠤᠷᠤᠨ | ᠵᠢᠯᠣᠭᠤᠳᠣᠯᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠰᠠᠶᠢᠲᠤᠷ ᠬᠢᠵᠦ᠂ ᠭᠠᠶᠢᠯᠢ ᠶᠢᠨ ᠢᠷᠡᠯᠲᠡ ᠶᠢᠨ ᠳᠠᠯᠳᠠ | ᠬᠦᠴᠦᠨ ᠢ ᠬᠠᠮᠤᠭ ᠤᠨ ᠶᠡᠭᠡ ᠬᠡᠮᠵᠢᠶ᠎ᠡ ᠪᠠᠷ ᠠᠭᠤᠳᠠᠯᠵᠤ᠂ ᠣᠷᠣᠨ ᠪᠦᠰᠡ ᠠᠯᠤᠰᠯᠠᠭᠰᠠᠨ ᠭᠠᠶᠢᠯᠢ ᠶᠢ | ᠰᠢᠯᠵᠢᠭᠦᠯᠭᠦ ᠶᠢ ᠪᠠᠭᠠᠰᠬᠠᠨ᠂ ᠣᠷᠣᠨ ᠨᠤᠲᠤᠭ ᠤᠨ ᠡᠳ᠋ ᠤᠨ ᠵᠠᠰᠠᠭ ᠤᠨ ᠣᠷᠣᠯᠭ᠎ᠠ ᠶᠢ ᠴᠢᠷᠮᠠᠶᠢᠨ ᠨᠡᠮᠡᠭᠳᠡᠭᠦᠯᠬᠦ | ᠬᠡᠷᠡᠭᠲᠡᠶ᠃ |