ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ ᠬᠤᠷᠠᠯ ᠬᠤᠷᠠᠯᠳᠤᠵᠤ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ
ᠨᠡᠶᠢᠲᠡᠯᠡᠭᠰᠡᠨ ᠴᠠᠭ᠄
2024/1/18
     ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠡᠨᠡ ᠡᠳᠦᠷ ︵1 ᠰᠠᠷ᠎ᠠ ᠶᠢᠨ 16 ᠤ ᠡᠳᠦᠷ︶ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠶᠦᠩ ᠯᠢ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃  
      ᠬᠤᠷᠠᠯ ᠠᠴᠠ᠂ ᠲᠤᠭᠤᠷᠢᠭ ᠤᠨ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ᠲᠥᠪ ᠤᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠥᠬᠦ ᠲᠠᠯ᠎ᠠ ᠪᠠᠷ    ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠡᠨᠡ ᠬᠦ ᠬᠠᠮᠤᠭ ᠤᠨ ᠶᠡᠭᠡ ᠤᠯᠤᠰ ᠲᠥᠷᠥ ᠶᠢᠨ ᠲᠣᠭᠤᠷᠢᠨ ᠳᠤ᠂ ᠡᠭᠦᠷᠭᠡ ᠬᠠᠷᠢᠭᠤᠴᠠᠯᠭ᠎ᠠ ᠪᠠᠨ ᠦᠨᠡᠨᠴᠢ ᠰᠢᠳᠤᠷᠭᠤ ᠪᠠᠷ ᠬᠦᠢᠴᠡᠳᠬᠡᠵᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠤᠯᠤᠰ ᠤᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠢ ᠬᠠᠮᠠᠭᠠᠯᠠᠬᠤ᠂ ᠨᠡᠶᠢᠭᠡᠮ ᠤᠨ ᠲᠥᠪ ᠭᠤᠤᠯᠴᠢ ᠰᠢᠳᠤᠷᠭᠤ ᠶᠣᠰᠣ ᠶᠢ ᠠᠬᠢᠭᠤᠯᠬᠤ᠂ ᠴᠢᠨᠠᠷ ᠰᠠᠶᠢᠲᠠᠶ ᠬᠥᠭᠵᠢᠯᠲᠡ ᠳᠤ ᠦᠢᠯᠡᠴᠢᠯᠡᠬᠦ ᠡᠯ᠎ᠡ ᠵᠦᠢᠯ ᠤᠨ ᠠᠵᠢᠯ ᠢ ᠦᠨᠡᠨ ᠬᠦ ᠰᠠᠶᠢᠲᠤᠷ ᠠᠳᠬᠤᠵᠤ᠂ ᠤᠯᠤᠰ ᠭᠡᠷ ᠠᠮᠤᠷ ᠲᠦᠪᠰᠢᠨ ᠠᠷᠠᠳ ᠲᠦᠮᠡᠨ ᠡᠩᠬᠡ ᠠᠮᠤᠭᠤᠯᠠᠩ ᠪᠠᠶᠢᠬᠤ ᠨᠡᠶᠢᠭᠡᠮ ᠤᠨ ᠣᠷᠴᠢᠨ ᠲᠣᠭᠤᠷᠢᠨ ᠢ ᠬᠦᠴᠦᠯᠡᠨ ᠪᠣᠶ ᠪᠣᠯᠭᠠᠬᠤ ᠬᠡᠷᠡᠭᠲᠡᠶ᠃ ᠨᠠᠮ ᠢ ᠴᠢᠩᠭ᠎ᠠ ᠵᠠᠰᠠᠬᠤ ᠡᠯ᠎ᠡ ᠵᠦᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠤᠣᠯ ᠰᠡᠳᠦᠪᠲᠦ ᠬᠥᠮᠦᠵᠢᠯ ᠪᠣᠯᠤᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠨᠡᠩ ᠤᠬᠠᠮᠰᠠᠷ ᠠᠴᠠ ᠪᠠᠨ ᠨᠠᠮ ᠤᠨ ᠰᠢᠨ᠎ᠡ ᠶᠢ ᠡᠭᠦᠳᠦᠭᠰᠡᠨ ᠤᠨᠤᠯ ᠢᠶᠠᠷ ᠰᠡᠳᠬᠢᠯ ᠢ ᠨᠢᠭᠲᠠᠷᠠᠭᠤᠯᠤᠨ ᠰᠦᠭ ᠰᠦᠨᠡᠰᠦ  ᠶᠢ ᠱᠤᠭᠤᠵᠤ᠂ ︽ᠲᠦᠷᠪᠡᠨ ᠲᠠᠯ᠎ᠠ ᠪᠠᠷ ᠲᠡᠮᠦᠷ ᠮᠡᠲᠦ ᠬᠠᠳᠠᠭᠤ ᠪᠠᠶᠢᠬᠤ︾ ᠪᠦᠬᠦ ᠲᠠᠯ᠎ᠠ ᠪᠠᠷ ᠴᠠᠭᠠᠷᠠᠭᠰᠠᠨ ᠡᠩᠨᠡᠭᠡ ᠶᠢ ᠪᠠᠶᠢᠭᠤᠯᠬᠤ ᠬᠡᠷᠡᠭᠲᠡᠢ ᠭᠡᠵᠤ ᠵᠢᠭᠠᠵᠤ ᠭᠠᠷᠭᠠᠵᠠᠢ᠃      ᠬᠤᠷᠠᠯ ᠠᠴᠠ᠂ ᠬᠤᠲᠠ ᠶᠢᠨ ᠨᠠᠮ ᠤᠨ ᠬᠤᠷᠢᠶᠠᠨ ᠤ ᠠᠶᠤᠯᠬᠦᠢ ᠦᠢᠯᠡᠳᠪᠦᠷᠢᠯᠡᠯ ᠤᠨ ᠲᠤᠰᠬᠠᠶ ᠲᠣᠭᠤᠷᠢᠨ ᠪᠠᠶᠢᠴᠠᠭᠠᠯᠲᠠ ᠳᠤ ᠬᠠᠷᠢᠭᠤ ᠲᠤᠰᠬᠠᠭᠰᠠᠨ ᠰᠠᠨᠠᠯ ᠲᠠᠢ ᠵᠦᠢᠯ ᠵᠤᠷᠪᠤᠰ ᠳᠠᠷᠠᠭᠠᠯᠠᠨ ᠬᠠᠷᠭᠤᠭᠤᠯᠵᠤ᠂ ᠤᠯᠤᠰ ᠲᠥᠷᠥ ᠶᠢᠨ ᠲᠠᠯ᠎ᠠ ᠠᠴᠠ ᠦᠵᠡᠬᠦ᠂ ᠤᠯᠤᠰ ᠲᠥᠷᠥ ᠶᠢᠨ ᠲᠠᠯ᠎ᠠ ᠠᠴᠠ ᠬᠦᠢᠴᠡᠳᠬᠡᠬᠦ ᠶᠢ ᠪᠠᠷᠢᠮᠲᠠᠯᠠᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠣᠳᠠᠲᠠᠶ ᠶᠢ ᠡᠷᠬᠢᠮᠯᠡᠭᠰᠡᠨ ᠪᠦᠲᠦᠮᠵᠢᠲᠡᠶ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠶ ᠲᠣᠭᠲᠠᠭᠠᠵᠤ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢᠨ ᠭᠤᠤᠯ ᠴᠣᠭᠴᠠ ᠪᠣᠯᠤᠨ ᠴᠠᠭ ᠤᠨ ᠲᠡᠰ ᠳᠠᠷᠠᠭᠠᠯᠠᠯ ᠤᠨ ᠲᠣᠬᠢᠷᠠᠭᠤᠯᠤᠯᠲᠠ ᠶᠢ ᠲᠣᠳᠣᠷᠬᠠᠶᠢᠯᠠᠵᠤ᠂ ᠳᠠᠷᠤᠶ ᠲᠦᠷᠭᠡᠨ ᠬᠥᠳᠡᠯᠦᠯᠴᠡᠵᠦ᠂ ᠬᠠᠷᠢᠭᠤ ᠲᠤᠰᠬᠠᠭᠰᠠᠨ ᠠᠰᠠᠭᠤᠳᠠᠯ ᠢ ᠪᠦᠬᠦᠨ ᠢ ᠰᠢᠢᠳᠪᠦᠷᠢᠯᠡᠬᠦ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ᠃ ︽ᠬᠡᠮ ᠰᠣᠭᠤᠭ ᠪᠣᠯ ᠲᠠᠷᠤᠢ ᠠᠳᠡᠯ ᠮᠥᠨ︾ ᠭᠡᠬᠦ ᠣᠶᠢᠯᠠᠭᠠᠭᠳᠠᠬᠤᠨ ᠢ ᠪᠠᠲᠤ ᠪᠣᠶ ᠪᠣᠯᠭᠠᠵᠤ᠂ ᠬᠢᠨᠠᠮᠠᠭᠠᠢ ᠠᠴᠠ ᠬᠢᠨᠠᠮᠠᠭᠠᠢ᠂ ᠨᠠᠷᠢᠯᠢᠭ ᠠᠴᠠ ᠨᠠᠷᠢᠯᠢᠭ᠂ ᠴᠢᠩᠭ᠎ᠠ ᠠᠴᠠ ᠴᠢᠩᠭ᠎ᠠ ᠤᠷᠤᠵᠤ ᠠᠶᠤᠯᠬᠦᠢ ᠦᠢᠯᠡᠳᠪᠦᠷᠢᠯᠡᠯ ᠤᠨ ᠬᠡᠮ ᠰᠤᠭᠤᠭ ᠢ ᠵᠢᠬᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠡᠯ᠎ᠡ ᠵᠦᠢᠯ ᠤᠨ ᠠᠵᠢᠯ ᠢ ᠰᠠᠶᠢᠳᠤᠷ ᠠᠳᠬᠤᠵᠤ᠂ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠶ᠃ ᠦᠩᠬᠡᠨ ᠲᠠᠯ᠎ᠠ ᠪᠠ ᠦᠨᠳᠦᠰᠦᠨ ᠠᠴᠠ ᠨᠢ ᠵᠠᠰᠠᠬᠤ ᠶᠢ ᠪᠠᠷᠢᠮᠲᠠᠯᠠᠵᠤ᠂ ᠨᠢᠭᠡ ᠠᠴᠠ ᠵᠦᠢᠴᠢᠯᠡᠵᠦ ᠨᠦᠬᠦᠬᠡ ᠶᠢ ᠮᠡᠳᠡᠵᠤ᠂ ᠡᠬᠢ ᠡᠭᠦᠰᠦᠯ ᠠᠴᠠ ᠨᠢ ᠭᠦᠨᠵᠡᠭᠡᠢ ᠴᠡᠭᠴᠡᠯᠡᠨ ᠰᠠᠶᠢᠵᠢᠷᠠᠭᠤᠯᠵᠤ᠂ ᠲᠦᠷᠢᠮ ᠤᠨ ᠲᠠᠯ᠎ᠠ ᠠᠴᠠ ᠳᠤᠲᠠᠭᠳᠠᠯ ᠢ ᠨᠥᠬᠦᠪᠥᠷᠢᠯᠡᠵᠦ᠂ ᠠᠮᠤᠷ ᠲᠦᠪᠰᠢᠨ ᠤ ᠬᠠᠮᠢᠶᠠᠷᠤᠯᠲᠠ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠵᠠᠢ᠃     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ ︵ᠰᠤᠷᠪᠤᠯᠵᠢᠯᠠᠭᠴᠢ᠄ ᠶᠠᠨ ᠢ ᠫᠸᠢ  ᠬᠢᠨᠠᠨ ᠬᠠᠷᠭᠤᠭᠤᠯᠤᠬᠰᠠᠨ ᠨᠢ᠄ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠬᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号