ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠲᠠ ᠶᠢᠨ ᠠᠷᠠᠳ ᠤᠨ ᠲᠥᠯᠥᠭᠡᠯᠡᠭᠴᠢ ᠶᠢ ᠵᠣᠬᠢᠶᠠᠨ ᠪᠠᠢᠭᠤᠯᠵᠤ ᠲᠥᠪᠯᠡᠷᠡᠭᠦᠯᠦᠨ ᠰᠢᠨᠵᠢᠯᠡᠨ ᠪᠠᠶᠢᠴᠠᠭᠠᠪᠡ
ᠨᠡᠶᠢᠲᠡᠯᠡᠭᠰᠡᠨ ᠴᠠᠭ᠄
2024/1/2
     ︽ᠬᠤᠲᠠ ᠶᠢᠨ ᠠᠷᠠᠳ ᠤᠨ ᠲᠥᠯᠥᠭᠡᠯᠡᠭᠴᠢ ᠶᠢ ᠵᠣᠬᠢᠶᠠᠨ ᠪᠠᠶᠢᠭᠤᠯᠵᠤ ᠲᠥᠪᠯᠡᠷᠡᠭᠦᠯᠦᠨ ᠰᠢᠨᠵᠢᠯᠡᠨ ᠪᠠᠶᠢᠴᠠᠭᠠᠬᠤ ᠲᠤᠬᠠᠶ ᠪᠤᠭᠤᠲᠤ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠬᠡᠷ ᠤᠨ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ 12 ᠰᠠᠷ᠎ᠠ ᠶᠢᠨ 28 ᠤ ᠡᠳᠦᠷ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ᠪᠤᠭᠤᠲᠤ ᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠥᠨᠳᠡᠯᠡᠨ ᠲᠣᠭᠤᠷᠢᠭ ᠤᠨ ᠲᠥᠯᠥᠭᠡᠯᠡᠭᠴᠢᠳ ᠤᠨ ᠪᠦᠯᠬᠦᠮ ᠢ ᠵᠣᠬᠢᠶᠠᠨ ᠪᠠᠶᠢᠭᠤᠯᠵᠤ ᠲᠥᠪᠯᠡᠷᠡᠭᠦᠯᠦᠨ ᠰᠢᠨᠵᠢᠯᠡᠨ ᠪᠠᠶᠢᠴᠠᠭᠠᠬᠤ ᠠᠵᠢᠯᠯᠠᠭ᠎ᠠ ᠥᠷᠨᠢᠭᠦᠯᠪᠡ᠃ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠧᠦ ᠮᠢᠨ ᠵᠢᠶᠧ᠂ ᠳᠡᠳ᠋ ᠡᠷᠬᠢᠯᠡᠭᠴᠢ ᠬᠤ᠋ ᠰᠢᠶᠠ᠂ ᠸᠠᠩ ᠸᠧᠢ᠂ ᠯᠢᠦ ᠯᠢ ᠰᠢᠶᠠ᠂ ᠲᠤᠭᠤᠷᠢᠭ ᠤᠨ ᠳᠡᠳ᠋ ᠳᠠᠷᠤᠭ᠎ᠠ ᠭᠤᠤ ᠢᠦᠢ ᠫᠦ᠋᠂ ᠯᠢ ᠬᠤᠩ ᠢᠦᠢ ᠰᠢᠨᠵᠢᠯᠡᠨ ᠪᠠᠶᠢᠴᠠᠭᠠᠬᠤ ᠳᠤ ᠣᠷᠣᠯᠴᠠᠵᠠᠢ᠃
     ᠲᠥᠯᠥᠭᠡᠯᠡᠭᠴᠢᠳ ᠢ ᠲᠥᠪᠯᠡᠷᠡᠭᠦᠯᠦᠨ ᠰᠢᠨᠵᠢᠯᠡᠨ ᠪᠠᠶᠢᠴᠠᠭᠠᠬᠤ ᠠᠵᠢᠯ ᠢ ᠥᠷᠨᠢᠭᠦᠯᠬᠦ ᠪᠣᠯ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠢ ᠰᠠᠶᠢᠲᠤᠷ ᠬᠤᠷᠠᠯᠳᠤᠭᠤᠯᠵᠤ᠂ ︽ᠨᠢᠭᠡ ᠵᠠᠰᠠᠭ ᠤᠨ ᠣᠷᠳᠣᠨ ᠬᠤᠶᠠᠷ ᠬᠤᠷᠢᠶ᠎ᠠ︾ ᠶᠢᠨ ᠠᠵᠢᠯ ᠤᠨ ᠢᠯᠡᠳᠬᠡᠯ ᠪᠠ ᠠᠵᠢᠯ ᠶᠢᠨ ᠮᠡᠳᠡᠭᠦᠯᠦᠯᠲᠡ ᠶᠢ ᠰᠠᠶᠢᠲᠤᠷ ᠬᠢᠨᠠᠨ ᠵᠦᠪᠯᠡᠬᠦ᠂ ᠲᠥᠯᠥᠭᠡᠯᠡᠭᠴᠢᠳ ᠤᠨ ᠰᠠᠨᠠᠯ ᠵᠥᠪᠯᠡᠯᠭᠡ ᠰᠠᠨᠠᠭᠤᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠂ ᠰᠢᠨ᠎ᠡ ᠨᠢᠭᠡ ᠵᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠢᠯᠧᠲ ᠦᠭᠴᠦ ᠲᠤᠬᠳᠠᠭᠠᠬᠤ ᠲᠦᠷᠦᠯ ᠵᠦᠢᠯ ᠢ ᠰᠠᠶᠢᠲᠤᠷ ᠲᠥᠯᠥᠪᠯᠡᠬᠦ ᠶᠢᠨ ᠴᠢᠬᠤᠯᠠ ᠭᠤᠭᠴᠤᠭ᠎ᠠ ᠮᠥᠨ᠂ ᠲᠥᠯᠥᠭᠡᠯᠡᠭᠴᠢᠳ ᠤᠨ ᠪᠠᠶᠢᠳᠠᠯ ᠢ ᠣᠶᠢᠯᠠᠭᠠᠵᠤ ᠵᠠᠰᠠᠭ ᠤᠨ ᠶᠠᠪᠤᠳᠠᠯ ᠢ ᠣᠶᠢᠯᠠᠭᠠᠬᠤ᠂ ᠲᠥᠯᠥᠭᠡᠯᠡᠭᠴᠢᠳ ᠤᠨ ᠬᠢᠨᠠᠯᠲᠠ ᠲᠠᠯᠪᠢᠬᠤ ᠦᠢᠯᠡᠳᠦᠯ ᠢᠶᠠᠨ ᠪᠠᠳᠠᠷᠠᠭᠤᠯᠬᠤ ᠪᠠ ᠤᠯᠠᠨ ᠲᠦᠮᠡᠨ ᠲᠠᠢ ᠨᠢᠭᠲᠠ ᠬᠠᠷᠢᠯᠴᠠᠬᠤ ᠪᠦᠲᠦᠮᠵᠢᠲᠡᠢ ᠠᠷᠭ᠎ᠠ ᠵᠠᠮ ᠮᠥᠨ᠃ ᠲᠣᠰ ᠤᠳᠠᠭᠠᠨ ᠤ ᠰᠢᠨᠵᠢᠯᠡᠨ ᠪᠠᠶᠢᠴᠠᠭᠠᠬᠤ ᠠᠵᠢᠯᠯᠠᠭ᠎ᠠ ᠨᠢ ᠪᠥᠬᠦ ᠲᠤᠭᠤᠷᠢᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯᠳᠠᠯᠭ᠎ᠠ ᠲᠠᠢ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠲᠤᠬᠠᠶ ᠶᠢᠨ ᠲᠠᠯᠠᠪᠠᠶ ᠶᠢ ᠦᠵᠡᠬᠦ᠂ ᠬᠠᠷᠢᠭᠤ ᠮᠡᠳᠡᠭᠦᠯᠦᠯᠲᠡ ᠶᠢ ᠰᠣᠨᠣᠰᠬᠤ ᠬᠡᠯᠪᠡᠷᠢ ᠪᠠᠷ ᠳᠠᠮᠵᠢᠭᠤᠯᠤᠨ᠂ ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠪᠦᠷᠢᠯᠳᠦᠬᠦᠨ ᠢ ᠵᠣᠬᠢᠶᠠᠨ ᠪᠠᠶᠢᠭᠤᠯᠵᠤ ᠤᠷᠢᠳ ᠬᠤᠵᠢᠳ ᠲᠦᠩ ᠸᠧᠶ ᠴᠠᠬᠢᠭᠤᠷ ᠤᠨ ᠡᠨᠧᠷᠭᠢ ᠶᠢᠨ 20 ᠲᠦᠮᠡᠨ ᠲᠣᠨ ᠤ ᠴᠤᠯ ᠴᠡᠪᠡᠷ ᠲᠠᠯᠠᠰᠲᠤ ᠴᠠᠬᠢᠭᠤᠷ ᠤᠨ ᠲᠥᠷᠥᠯ ᠵᠦᠢᠯ᠂ ᠸᠧᠶ ᠡᠯ ᠣᠶᠤᠨᠴᠢ ᠦᠢᠯᠡᠳᠬᠦ ᠦᠢᠯᠡᠰ ᠤᠨ ᠰᠢᠨ᠎ᠡ ᠨᠢᠭᠡ ᠦᠶ᠎ᠡ ᠶᠢᠨ ᠬᠠᠭᠠᠰ ᠳᠠᠮᠵᠢᠭᠤᠯᠤᠭᠴᠢ ᠬᠤᠷᠠᠮᠠᠯ ᠴᠠᠬᠢᠯᠭᠠᠨ ᠬᠡᠯᠬᠢᠶ᠎ᠡ ᠶᠢᠨ ᠭᠤᠤᠯ ᠴᠠᠬᠢᠮ ᠢᠯᠳᠡᠰᠦ ᠶᠢᠨ ᠲᠥᠷᠥᠯ ᠵᠦᠢᠯ᠂ ᠪᠤᠭᠤᠲᠤ ᠶᠢᠨ ᠶᠤᠸᠠᠨ ᠶᠠᠩ ᠯᠢᠦ ᠶᠠᠩ ᠠᠮᠢᠲᠠᠨ ᠤ ᠡᠪᠡᠳᠴᠢᠨ ᠡᠮᠭᠡᠭ ᠤᠨ ᠡᠮᠨᠡᠯᠭᠡ ᠶᠢᠨ ᠬᠤᠷᠢᠶ᠎ᠠ ᠵᠡᠷᠭᠡ ᠭᠠᠵᠠᠷ ᠲᠤ ᠬᠦᠷᠴᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ᠂ ᠦᠢᠯᠡᠳᠪᠦᠷᠢᠯᠡᠯ ᠤᠨ ᠦᠷ᠎ᠡ ᠪᠦᠲᠦᠮᠵᠢ ᠵᠢᠴᠢ ᠣᠷᠣᠰᠢᠵᠤ ᠪᠠᠶᠢᠭ᠎ᠠ ᠬᠦᠴᠢᠷᠳᠡᠯ᠂ ︽ᠪᠤᠭᠤᠲᠤ ᠬᠤᠲᠠ ᠶᠢᠨ ︿ᠨᠣᠬᠠᠶ ᠲᠡᠵᠢᠭᠡᠬᠦ ᠬᠠᠮᠢᠶᠠᠷᠤᠯᠲᠠ ᠶᠢᠨ ᠲᠦᠷᠢᠮ﹀ ᠤᠨ ᠬᠡᠷᠡᠭᠵᠢᠭᠦᠯᠬᠦ ᠲᠥᠰᠦᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠵᠡᠷᠭᠡ ᠶᠢ ᠨᠠᠷᠢᠨ ᠣᠶᠢᠯᠠᠭᠠᠭᠰᠠᠨ ᠤ ᠬᠠᠮᠲᠤ᠂ ᠪᠣᠳᠠᠲᠠᠶ ᠪᠠᠶᠢᠳᠠᠯ ᠲᠠᠢ ᠪᠠᠨ ᠤᠶᠠᠯᠳᠤᠭᠤᠯᠤᠨ ᠰᠠᠨᠠᠯ ᠰᠠᠨᠠᠭᠤᠯᠭ᠎ᠠ ᠳᠤᠷᠠᠳᠪᠠ᠃      ᠲᠥᠯᠥᠭᠡᠯᠡᠭᠴᠢᠳ ᠮᠠᠨ ᠤ ᠲᠤᠭᠤᠷᠢᠭ ᠤᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠪᠠᠶᠢᠬᠤ᠂ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠵᠦ ᠪᠠᠶᠢᠬᠤ᠂ ᠶᠡᠷᠦᠩᠬᠡᠶ ᠱᠦᠵᠢ ᠰᠢ ᠶᠢᠨ ᠫᠢᠩ ᠤᠨ ᠪᠤᠭᠤᠲᠤ ᠶᠢᠨ ᠲᠤᠬᠠᠢ ︽ᠨᠢᠭᠡ ᠰᠢᠨ᠎ᠡ ᠶᠢ ᠡᠭᠦᠳᠬᠦ᠂ ᠭᠤᠷᠪᠠ ᠶᠢ ᠪᠡᠶᠡᠯᠡᠭᠦᠯᠬᠦ︾ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠦᠨᠡᠨᠴᠢ ᠰᠢᠳᠤᠷᠭᠤ ᠪᠠᠷ ᠦᠢᠯᠡᠳᠦᠯᠬᠡᠵᠢᠬᠦᠯᠵᠤ ᠪᠠᠶᠢᠬᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠭᠠᠳ ᠣᠯᠤᠭᠰᠠᠨ ᠰᠢᠨ᠎ᠡ ᠦᠷ᠎ᠡ ᠪᠦᠲᠦᠮᠵᠢ ᠵᠡᠷᠬᠡ ᠶᠢ ᠬᠦᠢᠴᠡᠳ ᠨᠤᠲᠠᠯᠠᠵᠤ ᠪᠠᠶᠢᠬᠤ ᠪᠠᠨ ᠢᠯᠡᠳᠬᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠲᠠᠯᠪᠢᠬᠤ ᠦᠢᠯᠡᠳᠦᠯ ᠢ ᠬᠦᠢᠴᠡᠳ ᠪᠠᠳᠠᠷᠠᠭᠤᠯᠤᠨ᠂ ᠲᠥᠯᠥᠭᠡᠯᠡᠭᠴᠢᠳ ᠤᠨ ᠥᠷᠭᠡᠨ ᠳᠡᠯᠭᠡᠷ ᠬᠠᠷᠢᠯᠴᠠᠬᠤ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠪᠠᠷ ᠳᠠᠮᠵᠢᠨ᠂ ᠬᠠᠮᠲᠤ ᠪᠠᠷ ᠰᠢᠨᠵᠢᠯᠡᠨ ᠪᠠᠶᠢᠴᠠᠭᠠᠬᠤ᠂ ᠢᠳᠡᠪᠬᠢᠲᠡᠶ ᠣᠷᠣᠯᠴᠠᠬᠤ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ ᠲᠡᠮᠵᠢᠭᠤᠯᠤᠨ᠂ ᠠᠷᠠᠳ ᠣᠯᠠᠨ ᠤ ᠭᠤᠤᠯᠳᠠᠯᠭ᠎ᠠ ᠲᠠᠢ ᠠᠩᠬᠠᠷᠴᠤ ᠪᠠᠶᠢᠭ᠎ᠠ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠤᠭᠤᠷᠢᠨ ᠳᠤ᠂ ᠠᠷᠠᠳ ᠣᠯᠠᠨ ᠤ ᠪᠠᠴᠢᠮᠳᠠᠵᠦ ᠬᠦᠴᠢᠷᠳᠡᠵᠤ ᠵᠣᠪᠠᠨᠢᠵᠤ ᠬᠦᠰᠡᠵᠤ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠴᠢᠨᠠᠷ ᠰᠠᠶᠢᠲᠠᠶ ᠰᠠᠨᠠᠯ ᠵᠥᠪᠯᠡᠯᠭᠡ ᠰᠠᠨᠠᠭᠤᠯᠭ᠎ᠠ ᠳᠤᠷᠠᠳᠴᠤ᠂ ᠣᠳᠣᠬᠢᠴᠢᠯᠠᠯᠲᠠ ᠶᠢᠨ ᠰᠢᠨ᠎ᠡ ᠠᠶᠠᠨ ᠵᠠᠮ ᠳᠠᠬᠢ ︽ᠪᠤᠭᠤᠲᠤ ᠶᠢᠨ ᠬᠠᠷᠢᠭᠤᠯᠲᠠ ᠶᠢᠨ ᠬᠠᠭᠤᠳᠠᠰᠤ︾ ᠶᠢ ᠰᠠᠶᠢᠲᠤᠷ ᠪᠢᠴᠢᠭᠯᠡᠬᠦ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠷᠬᠡᠶᠢᠯᠡᠪᠡ᠃ ︵ᠢᠷᠡᠯᠲᠡ᠄ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠬᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号