ᠡᠨᠡ ᠬᠡᠳᠦᠨ ᠲᠥᠷᠥᠯ ᠤᠨ ᠰᠢᠨ᠎ᠡ ᠰᠣᠷᠭᠤᠭ ᠢ ᠬᠠᠳᠠᠭᠠᠯᠠᠬᠤ ᠨᠢᠮᠭᠡᠨ ᠰᠦᠯᠢᠶᠦᠦ ᠪᠦᠷᠬᠦᠪᠴᠢ ᠶᠢ ᠪᠢᠲᠡᠭᠡᠶ | ᠢᠩᠭᠢᠵᠦ ᠬᠡᠷᠡᠭᠯᠡ᠂ ᠬᠤᠤᠷ ᠬᠥᠨᠥᠭᠡᠯ ᠲᠠᠢ ᠪᠠᠶᠢᠵᠤ ᠮᠡᠳᠡᠨ᠎ᠡ | ᠡᠳᠦᠷ ᠲᠤᠲᠤᠮ ᠤᠨ ᠠᠮᠢᠳᠤᠷᠠᠯ ᠳᠤᠮᠳᠠ᠂ ᠪᠢᠳᠡ ᠦᠷᠭᠦᠯᠵᠢ ᠰᠢᠨ᠎ᠡ ᠰᠣᠷᠭᠤᠭ ᠢ ᠬᠠᠳᠠᠭᠠᠯᠠᠬᠤ ᠨᠢᠮᠭᠡᠨ | ᠰᠦᠯᠢᠶᠦᠦ ᠪᠦᠷᠬᠦᠪᠴᠢ ᠪᠠᠷ ᠢᠳᠡᠭᠡᠨ ᠢ ᠪᠢᠲᠡᠭᠦᠮᠵᠢᠯᠡᠳᠡᠭ᠂ ᠭᠤᠤᠯᠳᠠᠭᠤ ᠢᠳᠡᠭᠡᠨ ᠤ ᠰᠠᠪᠠ ᠶᠢᠨ ᠠᠮᠠᠰᠠᠷ ᠢ | ᠪᠦᠷᠬᠦᠵᠦ᠂ ᠠᠭᠠᠷ ᠳᠣᠲᠣᠷᠠᠬᠢ ᠬᠦᠴᠢᠯᠲᠥ᠋ᠷᠥᠭᠴᠢ ᠶᠢᠨ ᠢᠳᠡᠭᠡᠨ ᠲᠠᠢ ᠬᠦᠷᠦᠯᠴᠡᠬᠦ ᠶᠢ ᠪᠠᠭᠠᠰᠬᠠᠵᠤ᠂ ᠢᠳᠡᠭᠡᠨ ᠤ | ᠢᠰᠦᠯᠳᠦᠬᠦ ᠪᠠ ᠢᠯᠵᠢᠷᠡᠬᠦ ᠶᠢ ᠰᠠᠭᠠᠷᠠᠭᠤᠯᠵᠤ᠂ ᠢᠳᠡᠭᠡᠨ ᠢ ᠰᠢᠨ᠎ᠡ ᠰᠣᠷᠭᠤᠭ ᠢ ᠬᠠᠳᠠᠭᠠᠯᠠᠬᠤ ᠶᠢ ᠪᠠᠲᠤᠯᠠᠵᠦ | ᠪᠠᠶᠢᠳᠠᠭ᠃ ᠭᠡᠲᠡᠯ᠎ᠡ ᠰᠢᠨ᠎ᠡ ᠰᠣᠷᠭᠤᠭ ᠢ ᠬᠠᠳᠠᠭᠠᠯᠠᠬᠤ ᠨᠢᠮᠭᠡᠨ ᠰᠦᠯᠢᠶᠦᠦ ᠪᠦᠷᠬᠦᠪᠴᠢ ᠶᠢ ᠪᠤᠷᠤᠭᠤ ᠬᠡᠷᠡᠭᠯᠡᠪᠡᠯ᠂ | ᠬᠥᠮᠦᠨ ᠤ ᠪᠡᠶ᠎ᠡ ᠶᠢᠨ ᠡᠷᠡᠭᠦᠯ ᠮᠡᠨᠳᠦ ᠳᠤ ᠮᠠᠰᠢ ᠣᠯᠠᠨ ᠬᠤᠤᠷ ᠬᠥᠨᠥᠭᠡᠯ ᠤᠴᠠᠷᠠᠭᠤᠯᠳᠠᠭ᠃ ᠵᠢᠱᠢᠶᠡᠯᠡᠪᠡᠯ᠂ ᠪᠣᠶ | ᠪᠥᠬᠦᠶ ᠰᠢᠨ᠎ᠡ ᠰᠣᠷᠭᠤᠭ ᠢ ᠬᠠᠳᠠᠭᠠᠯᠠᠬᠤ ᠨᠢᠮᠭᠡᠨ ᠰᠦᠯᠢᠶᠦᠦ ᠪᠦᠷᠬᠦᠪᠴᠢ ᠶᠢ ᠪᠦᠷ ᠬᠠᠯᠠᠭᠠᠵᠤ ᠪᠣᠯᠳᠠᠭ ᠪᠢᠰᠢ᠂ | ᠵᠠᠷᠢᠮ ᠰᠢᠨ᠎ᠡ ᠰᠣᠷᠭᠤᠭ ᠢ ᠬᠠᠳᠠᠭᠠᠯᠠᠬᠤ ᠨᠢᠮᠭᠡᠨ ᠰᠦᠯᠢᠶᠦᠦ ᠪᠦᠷᠬᠦᠪᠴᠢ ᠶᠢ ᠬᠠᠯᠠᠭᠠᠪᠠᠯ ᠬᠤᠤᠷᠲᠤ ᠪᠣᠳᠠᠰ | ᠡᠭᠦᠰᠴᠦ᠂ ᠴᠢᠨᠠᠭᠰᠢᠯᠠᠪᠠᠯ ᠥᠮᠡᠨ ᠡᠭᠦᠰᠭᠡᠬᠦ ᠪᠣᠳᠠᠰ ᠡᠭᠦᠰᠴᠦ ᠮᠡᠳᠡᠨ᠎ᠡ᠃ ᠲᠡᠭᠡᠪᠡᠯ᠂ ᠰᠢᠨ᠎ᠡ ᠰᠣᠷᠭᠤᠭ ᠢ | ᠬᠠᠳᠠᠭᠠᠯᠠᠬᠤ ᠨᠢᠮᠭᠡᠨ ᠰᠦᠯᠢᠶᠦᠦ ᠪᠦᠷᠬᠦᠪᠴᠢ ᠶᠢ ᠬᠠᠯᠠᠭᠠᠵᠤ ᠪᠣᠯᠬᠤ ᠡᠰᠡᠬᠦ ᠶᠢ ᠬᠡᠷᠬᠢᠨᠢᠯᠭᠠᠬᠤ ᠪᠣᠶ︖ | ᠰᠢᠨ᠎ᠡ ᠰᠣᠷᠭᠤᠭ ᠢ ᠬᠠᠳᠠᠭᠠᠯᠠᠬᠤ ᠨᠢᠮᠭᠡᠨ ᠰᠦᠯᠢᠶᠦᠦ ᠪᠦᠷᠬᠦᠪᠴᠢ ᠶᠢ ᠶᠠᠭᠠᠬᠢᠵᠤ ᠰᠣᠩᠭᠤᠬᠤ ᠪᠣᠶ︖ | ᠰᠢᠨ᠎ᠡ ᠰᠣᠷᠭᠤᠭ ᠢ ᠬᠠᠳᠠᠭᠠᠯᠠᠬᠤ ᠨᠢᠮᠭᠡᠨ ᠰᠦᠯᠢᠶᠦᠦ ᠪᠦᠷᠬᠦᠪᠴᠢ ᠶᠠᠮᠠᠷ ᠶᠠᠮᠠᠷ ᠲᠦᠷᠦᠯ ᠤᠨ ᠪᠠᠶᠢᠳᠠᠭ | ᠪᠣᠶ︖ | ᠰᠢᠨ᠎ᠡ ᠰᠣᠷᠭᠤᠭ ᠢ ᠬᠠᠳᠠᠭᠠᠯᠠᠬᠤ ᠨᠢᠮᠭᠡᠨ ᠰᠦᠯᠢᠶᠦᠦ ᠪᠦᠷᠬᠦᠪᠴᠢ ᠨᠢ ᠦᠵᠡᠬᠦ ᠳᠤ ᠪᠦᠷ ᠵᠥᠭᠡᠯᠡᠨ᠂ | ᠨᠡᠪᠳᠡᠷᠡᠵᠦ ᠬᠠᠷᠠᠬᠳᠠᠳᠠᠭ᠂ ᠭᠡᠪᠡᠴᠦ ᠲᠡᠳᠡᠭᠡᠷ ᠤᠨ ᠮᠠᠲ᠋ᠧᠷᠢᠶᠠᠯ ᠤᠨ ᠴᠢᠨᠠᠷ ᠨᠢ ᠠᠳᠠᠯᠢ ᠦᠭᠡᠢ ᠶᠤᠮ᠂ ᠶᠡᠷᠦ ᠳᠡᠭᠡᠨ | ᠳᠣᠣᠷᠠᠬᠢ ᠬᠡᠳᠦᠨᠵᠦ᠋ᠢᠯ ᠤᠨ ᠰᠦᠯᠢᠶᠣᠣ ᠮᠠᠲ᠋ᠧᠷᠢᠶᠠᠯ ᠢᠶᠠᠷ ᠬᠢᠳᠡᠭ᠄ | ᠪᠥᠭᠡᠭᠡᠨᠡᠷᠡᠯ ᠡᠲ᠋ᠧᠨ ︵PE︶᠄ ᠡᠨᠡ ᠪᠣᠯ ᠬᠠᠮᠤᠭ ᠤᠨ ᠦᠷᠭᠦᠯᠵᠢ ᠬᠡᠷᠡᠭᠯᠡᠳᠡᠭ ᠰᠢᠨ᠎ᠡ ᠰᠣᠷᠭᠤᠭ | ᠪᠠᠶᠢᠯᠭᠠᠬᠤ ᠨᠢᠮᠭᠡᠨ ᠰᠦᠯᠢᠶᠦᠦ ᠪᠦᠷᠬᠦᠪᠴᠢ ᠶᠢᠨ ᠮᠠᠲ᠋ᠧᠷᠢᠶᠠᠯ ᠤᠨ ᠨᠢᠭᠡ ᠪᠣᠯᠤᠨ᠎ᠠ᠂ ᠲᠡᠭᠦᠨ ᠤ ᠠᠶᠤᠯᠭᠦᠶ | ᠴᠢᠨᠠᠷ ᠪᠠ ᠥᠪᠡᠷ ᠤᠨ ᠥᠷᠲᠡᠭ ᠳᠣᠣᠷᠠᠤᠴᠢᠷ ᠠᠴᠠ ᠥᠷᠭᠡᠨ ᠢᠶᠠᠷ ᠬᠡᠷᠡᠭᠯᠡᠵᠦ ᠪᠠᠶᠢᠳᠠᠭ᠃ ᠪᠥᠭᠡᠭᠡᠨᠡᠷᠡᠯ ᠡᠲ᠋ᠧᠨ ᠤ | ᠨᠢᠮᠭᠡᠨ ᠰᠦᠯᠢᠶᠦᠦ ᠪᠦᠷᠬᠦᠪᠴᠢ ᠨᠢ ᠠᠭᠠᠷ ᠨᠡᠪᠲᠡᠷᠡᠬᠦ ᠴᠢᠨᠠᠷ ᠨᠢ ᠨᠡᠯᠢᠶᠡᠳ ᠰᠠᠶᠢᠨ ᠪᠠᠶᠢᠳᠠᠭ ᠪᠤᠯᠪᠠᠴᠤ ᠲᠡᠭᠦᠨ ᠤ | ᠬᠠᠯᠠᠭᠤᠨ ᠳᠠᠬᠢ ᠲᠣᠭᠲᠠᠪᠤᠷᠢᠲᠤ ᠴᠢᠨᠠᠷ ᠪᠠ ᠰᠤᠨᠤᠬᠤ ᠵᠢᠡᠰᠡᠷᠭᠦᠴᠡᠬᠦ ᠴᠢᠨᠠᠷ ᠨᠢ ᠬᠠᠷᠢᠴᠠᠩᠭᠤᠶ ᠪᠠᠷ ᠨᠡᠯᠢᠶᠡᠳ | ᠪᠠᠭᠤᠷᠠᠶ ᠪᠠᠶᠢᠳᠠᠭ᠃ | ᠪᠥᠭᠡᠭᠡᠨᠡᠷᠡᠯ ᠾᠯᠤᠷᠤ᠋ ᠡᠲ᠋ᠧᠨ ︵PVC︶᠄ ᠡᠷᠲᠡ ᠦᠶ᠎ᠡ ᠳᠤ ᠰᠢᠨ᠎ᠡ ᠰᠣᠷᠭᠤᠭ ᠢ ᠬᠠᠳᠠᠭᠠᠯᠠᠬᠤ ᠨᠢᠮᠭᠡᠨ | ᠰᠦᠯᠢᠶᠦᠦᠪᠦ᠋ᠷᠬᠦᠪᠴᠢ ᠶᠢ ᠣᠯᠠᠩᠬᠢ ᠳᠠᠭᠠᠨ PVC ᠮᠠᠲ᠋ᠧᠷᠢᠶᠠᠯ ᠢᠶᠠᠷ ᠬᠢᠵᠦ ᠪᠠᠶᠢᠪᠠ᠂ ᠡᠨᠡ ᠬᠦ ᠮᠠᠲ᠋ᠧᠷᠢᠶᠠᠯ ᠢᠶᠠᠷ | ᠬᠢᠭᠰᠡᠨ ᠰᠢᠨ᠎ᠡ ᠰᠣᠷᠭᠤᠭ ᠢ ᠬᠠᠳᠠᠭᠠᠯᠠᠬᠤ ᠨᠢᠮᠭᠡᠨ ᠰᠦᠯᠢᠶᠦᠦ ᠪᠦᠷᠬᠦᠪᠴᠢ ᠶᠢᠨ ᠨᠡᠪᠳᠡᠷᠡᠨ ᠬᠠᠷᠠᠬᠳᠠᠬᠤ ᠪᠠ | ᠰᠤᠩᠬᠤ ᠴᠢᠨᠠᠷ ᠨᠢ ᠰᠠᠶᠢᠨ ᠪᠠᠶᠢᠳᠠᠭ ᠪᠤᠯᠪᠠᠴᠤ ᠲᠡᠭᠦᠨ ᠤ ᠳᠣᠲᠣᠷ᠎ᠠ ᠬᠡᠪᠰᠢᠭᠦᠯᠦᠭᠴᠢ ᠡᠳ᠋ ᠠᠭᠤᠯᠤᠬᠳᠠᠵᠤ ᠮᠡᠳᠡᠬᠦ | ᠲᠤᠯᠠ ᠲᠡᠭᠦᠨ ᠤ ᠠᠶᠤᠯᠭᠦᠶ ᠴᠢᠨᠠᠷ ᠨᠢ ᠠᠩᠬᠠᠷᠬᠤ ᠬᠡᠷᠡᠭᠳᠡᠢ᠂ ᠢᠯᠠᠩᠭᠤᠶ᠎ᠠ ᠥᠨᠳᠥᠷ ᠬᠠᠯᠠᠭᠤᠨ ᠪᠤᠶᠤ ᠲᠣᠰᠣᠯᠢᠭ | ᠢᠳᠡᠭᠡᠨ ᠲᠠᠢ ᠬᠦᠷᠦᠯᠴᠡᠬᠦ ᠦᠶᠡᠰ ᠠᠩᠬᠠᠷᠬᠤ ᠬᠡᠷᠡᠭᠳᠡᠢ᠃ | ᠪᠥᠭᠡᠭᠡᠨᠡᠷᠡᠯ ᠳ᠋ᠢᠾᠯᠤᠷᠤ᠋ ᠡᠲ᠋ᠧᠨ ︵PVDC︶᠄ ᠡᠨᠡ ᠬᠦ ᠮᠠᠲ᠋ᠧᠷᠢᠶᠠᠯ ᠢᠶᠠᠷ ᠬᠢᠭᠰᠡᠨ ᠰᠢᠨ᠎ᠡ ᠰᠣᠷᠭᠤᠭ ᠢ | ᠬᠠᠳᠠᠭᠠᠯᠠᠬᠤ ᠨᠢᠮᠭᠡᠨ ᠰᠦᠯᠢᠶᠦᠦ ᠪᠦᠷᠬᠦᠪᠴᠢ ᠶᠢᠨ ᠲᠤᠰᠠᠭᠠᠷᠯᠠᠬᠤ ᠴᠢᠳᠠᠪᠤᠷᠢ ᠨᠢ ᠨᠡᠯᠢᠶᠡᠳ ᠰᠠᠶᠢᠨ ᠪᠠᠶᠢᠳᠠᠭ᠂ | ᠭᠡᠪᠡᠴᠦ ᠥᠪᠡᠷ ᠤᠨ ᠥᠷᠲᠡᠭ ᠨᠢ ᠨᠡᠯᠢᠶᠡᠳ ᠥᠨᠳᠥᠷ ᠪᠠᠶᠢᠬᠤ ᠪᠠ ᠣᠷᠴᠢᠨ ᠲᠣᠭᠤᠷᠢᠨ ᠢ ᠨᠥᠯᠥᠭᠡᠯᠡᠬᠦ | ᠠᠰᠠᠭᠤᠳᠠᠯ ᠠᠴᠠ ᠪᠣᠯᠵᠤ᠂ ᠬᠡᠷᠡᠭᠯᠡᠬᠦ ᠪᠠᠷ ᠬᠠᠷᠢᠴᠠᠩᠭᠤᠶ ᠪᠠᠷ ᠨᠡᠯᠢᠶᠡᠳ ᠪᠠᠭ᠎ᠠ ᠪᠠᠶᠢᠳᠠᠭ᠃ | ᠠᠮᠢᠳᠤ ᠪᠣᠳᠠᠰ ᠤᠨ ᠵᠠᠳᠠᠷᠠᠯ ᠡᠭᠦᠰᠳᠡᠭ ᠪᠤᠰᠤᠳ ᠮᠠᠲ᠋ᠧᠷᠢᠶᠠᠯ᠄ ᠣᠷᠴᠢᠨ ᠲᠣᠭᠤᠷᠢᠨ ᠢ ᠬᠠᠮᠠᠭᠠᠯᠠᠬᠤ | ᠤᠬᠠᠮᠰᠠᠷ ᠤᠨ ᠳᠡᠭᠡᠭᠰᠢᠯᠡᠬᠦ ᠶᠢ ᠳᠠᠭᠠᠯᠳᠤᠨ᠂ ᠵᠠᠷᠢᠮ ᠰᠢᠨ᠎ᠡ ᠰᠣᠷᠭᠤᠭ ᠢ ᠬᠠᠳᠠᠭᠠᠯᠠᠬᠤ ᠨᠢᠮᠭᠡᠨ ᠰᠦᠯᠢᠶᠦᠦ | ᠪᠦᠷᠬᠦᠪᠴᠢ ᠨᠢ ᠠᠮᠢᠳᠤ ᠪᠣᠳᠠᠰ ᠤᠨ ᠰᠠᠭᠤᠷᠢ ᠪᠤᠶᠤ ᠠᠮᠢᠳᠤ ᠪᠣᠳᠠᠰ ᠤᠨ ᠵᠠᠳᠠᠷᠠᠬᠤ ᠦᠢᠯᠡᠳᠦᠯ ᠪᠦᠬᠦᠢ | ᠮᠠᠲ᠋ᠧᠷᠢᠶᠠᠯ ᠂ ᠵᠢᠱᠢᠶᠡᠯᠡᠪᠡᠯ ᠪᠥᠭᠡᠭᠡᠨᠡᠷᠡᠯ ᠰᠦᠨ ᠬᠦᠴᠢᠯ ︵PLA︶ ᠵᠡᠷᠭᠡ ᠶᠢ ᠡᠬᠢᠯᠡᠨ ᠬᠡᠷᠡᠭᠯᠡᠵᠦ ᠪᠠᠶᠢᠨ᠎ᠠ᠃ | | ᠬᠠᠯᠠᠭᠠᠵᠤ ᠪᠣᠯᠬᠤ ᠪᠠ ᠬᠠᠯᠠᠭᠠᠵᠤ ᠦᠯᠦ ᠪᠣᠯᠬᠤ ᠰᠢᠨ᠎ᠡ ᠰᠣᠷᠭᠤᠭ ᠢ ᠬᠠᠳᠠᠭᠠᠯᠠᠬᠤ ᠨᠢᠮᠭᠡᠨ ᠰᠦᠯᠢᠶᠦᠦ | ᠪᠦᠷᠬᠦᠪᠴᠢ ᠶᠢ ᠬᠡᠷᠬᠢᠨ ᠢᠯᠭᠠᠬᠤ ᠪᠣᠶ︖ | ᠬᠡᠷ ᠲᠡᠭᠡᠨ ᠰᠢᠨ᠎ᠡ ᠰᠣᠷᠭᠤᠭ ᠢ ᠬᠠᠳᠠᠭᠠᠯᠠᠬᠤ ᠨᠢᠮᠭᠡᠨ ᠰᠦᠯᠢᠶᠦᠦ ᠪᠦᠷᠬᠦᠪᠴᠢ ᠪᠠᠷ ᠪᠦᠷᠭᠦᠭᠰᠡᠨ | ᠢᠳᠡᠭᠡᠨ ᠢ ᠬᠠᠯᠠᠭᠠᠬᠤ ᠦᠶᠡᠰ᠂ ᠰᠢᠨ᠎ᠡ ᠰᠣᠷᠭᠤᠭ ᠢ ᠬᠠᠳᠠᠭᠠᠯᠠᠬᠤ ᠨᠢᠮᠭᠡᠨ ᠰᠦᠯᠢᠶᠦᠦ ᠪᠦᠷᠬᠦᠪᠴᠢ ᠶᠢ ᠨᠢ ᠠᠪᠬᠤ | ᠦᠭᠡᠢ ᠪᠠᠷ ᠬᠠᠮᠲᠤ ᠳᠤᠨᠢ ᠬᠠᠯᠠᠭᠠᠵᠤ ᠪᠣᠯᠬᠤ ᠦᠦ︖ ᠳᠣᠣᠷᠠᠬᠢ ᠵᠠᠳᠠᠯᠤᠯᠲᠠ ᠪᠠᠷ ᠯᠠᠪᠯᠠᠯᠲᠠ ᠪᠣᠯᠭᠠᠵᠤ ᠪᠣᠯᠤᠨ᠎ᠠ᠄ | | ᠪᠥᠭᠡᠭᠡᠨᠡᠷᠡᠯ ᠡᠲ᠋ᠧᠨ ︵PE︶᠄ ᠡᠨᠡ ᠪᠣᠯ ᠵᠠᠬ᠎ᠠ ᠳᠡᠯᠭᠡᠭᠦᠷ ᠳᠡᠭᠡᠷ᠎ᠡ ᠦᠷᠭᠦᠯᠵᠢ ᠬᠠᠷᠠᠭᠳᠠᠳᠠᠭ ᠰᠢᠨ᠎ᠡ | ᠰᠣᠷᠭᠤᠭ ᠢ ᠬᠠᠳᠠᠭᠠᠯᠠᠬᠤ ᠨᠢᠮᠭᠡᠨ ᠰᠦᠯᠢᠶᠦᠦ ᠪᠦᠷᠬᠦᠪᠴᠢ ᠪᠣᠯᠤᠨ᠎ᠠ᠂ ᠲᠣᠰ ᠮᠠᠲ᠋ᠧᠷᠢᠶᠠᠯ ᠢᠶᠠᠷ ᠬᠢᠭᠰᠡᠨ ᠰᠢᠨ᠎ᠡ | ᠰᠣᠷᠭᠤᠭ ᠢ ᠬᠠᠳᠠᠭᠠᠯᠠᠬᠤ ᠨᠢᠮᠭᠡᠨ ᠰᠦᠯᠢᠶᠦᠦ ᠪᠦᠷᠬᠦᠪᠴᠢ ᠶᠢ ᠶᠡᠷᠦ ᠳᠡᠭᠡᠨ ᠪᠢᠴᠢᠯ ᠳᠣᠯᠭᠢᠶᠠᠨᠲᠤ ᠵᠤᠤᠬ᠎ᠠ ᠪᠠᠷ | ᠬᠠᠯᠠᠭᠠᠵᠤ ᠪᠤᠯᠳᠠᠭ᠂ ᠭᠡᠪᠡᠴᠦ ᠤᠳᠠᠭᠠᠨ ᠬᠠᠯᠠᠭᠠᠬᠤ᠂ ᠬᠠᠯᠠᠭᠤᠨ ᠤ ᠬᠡᠮᠵᠢᠶ᠎ᠡ ᠨᠢ 110 °C ᠠᠴᠠ ᠬᠡᠲᠦᠷᠡᠬᠦ | ᠦᠶ᠎ᠡ ᠳᠤ᠂ ᠬᠠᠯᠠᠭᠤᠨ ᠳᠤ ᠬᠠᠶᠢᠯᠬᠤ ᠦᠵᠡᠭᠳᠡᠯ ᠭᠠᠷᠤᠨ᠎ᠠ᠂ ᠡᠶᠢᠮᠦ ᠠᠴᠠ ᠲᠣᠰ ᠲᠥᠷᠥᠯ ᠤᠨ ᠰᠢᠨ᠎ᠡ ᠰᠣᠷᠭᠤᠭ ᠢ | ᠬᠠᠳᠠᠭᠠᠯᠠᠬᠤ ᠨᠢᠮᠭᠡᠨ ᠰᠦᠯᠢᠶᠦᠦ ᠪᠦᠷᠬᠦᠪᠴᠢ ᠪᠠᠷ ᠪᠦᠷᠬᠦᠭᠰᠡᠨ ᠪᠤᠶᠤ ᠪᠠᠭᠯᠠᠬᠰᠠᠨ ᠢᠳᠡᠭᠡᠨ ᠢ ᠪᠢᠴᠢᠯ ᠳᠣᠯᠭᠢᠶᠠᠨᠲᠤ | ᠵᠤᠤᠬ᠎ᠠ ᠪᠠᠷ ᠤᠳᠠᠭᠠᠨ ᠬᠠᠯᠠᠭᠠᠬᠤ ᠪᠠ ᠬᠡᠲᠦ ᠥᠨᠳᠥᠷᠬᠠᠯᠠᠭᠤᠨ ᠢᠶᠠᠷ ᠤᠳᠠᠭᠠᠨ ᠬᠠᠯᠠᠭᠠᠵᠦ ᠪᠤᠯᠬᠤ ᠦᠭᠡᠢ᠃ | | ᠪᠥᠭᠡᠭᠡᠨᠡᠷᠡᠯ ᠾᠯᠤᠷᠤ᠋ ᠡᠲ᠋ᠧᠨ ︵PVC︶᠄ ᠲᠤᠰ ᠮᠠᠲ᠋ᠧᠷᠢᠶᠠᠯ ᠢᠶᠠᠷ ᠬᠢᠭᠰᠡᠨ ᠰᠢᠨ᠎ᠡ ᠰᠣᠷᠭᠤᠭ ᠢ | ᠬᠠᠳᠠᠭᠠᠯᠠᠬᠤ ᠨᠢᠮᠭᠡᠨ ᠰᠦᠯᠢᠶᠦᠦ ᠪᠦᠷᠬᠦᠪᠴᠢ ᠳᠤ ᠬᠡᠪᠰᠢᠭᠦᠯᠦᠭᠴᠢ ᠡᠳ᠋ ᠠᠭᠤᠯᠤᠬᠳᠠᠵᠤ ᠪᠠᠶᠢᠳᠠᠭ ᠪᠤᠯᠬᠤᠷ | ᠥᠨᠳᠥᠷ ᠬᠠᠯᠠᠭᠤᠨ ᠳᠤ ᠬᠤᠣᠷᠲᠤ ᠪᠣᠳᠠᠰ ᠢᠯᠭᠠᠷᠠᠭᠤᠯᠳᠠᠭ᠂ ᠡᠶᠢᠮᠦ ᠠᠴᠠ ᠬᠠᠯᠠᠭᠠᠬᠤ ᠳᠤ ᠬᠡᠷᠡᠭᠯᠡᠬᠦ ᠭᠡᠷᠡᠭ ᠦᠭᠡᠢ᠃ | | ᠪᠥᠭᠡᠭᠡᠨᠡᠷᠡᠯ ᠳ᠋ᠢᠾᠯᠤᠷᠤ᠋ ᠡᠲ᠋ᠧᠨ ︵PVDC︶᠄ ᠡᠨᠡ ᠲᠥᠷᠥᠯ ᠤᠨ ᠮᠠᠲ᠋ᠧᠷᠢᠶᠠᠯ ᠢᠶᠠᠷ ᠬᠢᠭᠰᠡᠨ ᠰᠢᠨ᠎ᠡ | ᠰᠣᠷᠭᠤᠭ ᠢ ᠬᠠᠳᠠᠭᠠᠯᠠᠬᠤ ᠨᠢᠮᠭᠡᠨ ᠰᠦᠯᠢᠶᠦᠦ ᠪᠦᠷᠬᠦᠪᠴᠢ ᠶᠢᠨ ᠴᠢᠳᠠᠮᠵᠢ ᠨᠢ ᠮᠠᠰᠢ ᠰᠠᠶᠢᠨ ᠪᠦᠭᠡᠳ | 140 ° C ᠠᠴᠠ 180°C ᠤᠨ ᠥᠨᠳᠥᠷ ᠬᠠᠯᠠᠭᠤᠨ ᠳᠤ ᠲᠡᠰᠪᠦᠷᠢᠲᠡᠶ ᠪᠠᠶᠢᠳᠠᠭ᠂ ᠲᠡᠶᠢᠨ ᠬᠦ | ᠬᠠᠯᠠᠭᠠᠬᠤ ᠳᠤ ᠬᠡᠷᠡᠭᠯᠡᠵᠦ ᠪᠣᠯᠤᠨ᠎ᠠ᠂ ᠭᠡᠪᠡᠴᠦ ᠥᠨᠳᠥᠷ ᠬᠠᠯᠠᠭᠤᠨ ᠢᠶᠠᠷ ᠰᠢᠷᠠᠬᠤ ᠬᠠᠶᠢᠷᠴᠠᠭ ᠲᠤ ᠬᠢᠵᠦ | ᠬᠠᠯᠠᠭᠠᠵᠤ ᠪᠣᠯᠬᠤ ᠥᠬᠡᠶ᠃ | ᠡᠭᠦᠨ ᠠᠴᠠ ᠭᠠᠳᠠᠨ᠎ᠠ᠂ ᠪᠠᠰᠠ ᠱᠣᠰᠢᠭ᠎ᠠ ᠪᠤᠶᠤ ᠪᠣᠭᠤᠳᠠᠯ ᠪᠠᠭᠯᠠᠭ᠎ᠠ ᠶᠢᠨ ᠲᠣᠳᠣᠷᠬᠠᠶᠢᠯᠠᠯᠲᠠ ᠶᠢ ᠨᠢ | ᠦᠵᠡᠵᠦ ᠪᠣᠯᠤᠨ᠎ᠠ᠃ ᠵᠠᠷᠢᠮ ᠦᠢᠯᠡᠳᠪᠦᠷᠢᠯᠡᠭᠴᠢ ᠨᠢ ᠦᠷᠭᠦᠯᠵᠢ ᠰᠢᠨ᠎ᠡ ᠰᠣᠷᠭᠤᠭ ᠢ ᠬᠠᠳᠠᠭᠠᠯᠠᠬᠤ ᠨᠢᠮᠭᠡᠨ | ᠰᠦᠯᠢᠶᠦᠦ ᠪᠦᠷᠬᠦᠪᠴᠢ ᠶᠢᠨ ᠪᠣᠭᠤᠳᠠᠯ ᠳᠡᠭᠡᠷ᠎ᠡ ᠬᠠᠯᠠᠭᠠᠬᠤ ᠳᠤ ᠬᠡᠷᠡᠭᠯᠡᠵᠦ ᠪᠣᠯᠬᠤ ᠡᠰᠡᠬᠦ ᠶᠢ ᠲᠡᠮᠳᠡᠭᠯᠡᠵᠦ | ᠪᠠᠶᠢᠳᠠᠭ᠃ ᠬᠡᠷᠪᠡ ᠵᠢᠩᠬᠢᠨᠢ ᠠᠷᠭ᠎ᠠ ᠵᠠᠮ ᠢᠶᠠᠷ ᠬᠤᠳᠠᠯᠳᠤᠨ ᠠᠪᠤᠭᠰᠠᠨ ᠰᠢᠨ᠎ᠡ ᠰᠣᠷᠭᠤᠭ ᠢ ᠬᠠᠳᠠᠭᠠᠯᠠᠬᠤ ᠨᠢᠮᠭᠡᠨ | ᠰᠦᠯᠢᠶᠦᠦ ᠪᠦᠷᠬᠦᠪᠴᠢ ᠶᠢᠨ ᠪᠣᠭᠤᠳᠠᠯ ᠳᠡᠭᠡᠷ᠎ᠡ ᠪᠢᠴᠢᠯᠲ᠋ᠣᠯᠭᠢᠶᠠᠨ ᠤ ᠵᠤᠤᠬ᠎ᠠ ᠶᠢ ᠬᠠᠯᠠᠭᠠᠬᠤ ᠳᠤ ᠬᠡᠷᠡᠭᠯᠡᠵᠦ | ᠪᠣᠯᠤᠨ᠎ᠠ ᠭᠡᠵᠦ ᠲᠣᠳᠣᠷᠬᠠᠶ ᠪᠢᠴᠢᠵᠦ ᠪᠠᠶᠢᠪᠠᠯ ᠡᠶᠢᠮᠦ ᠰᠢᠨ᠎ᠡ ᠰᠣᠷᠭᠤᠭ ᠢ ᠬᠠᠳᠠᠭᠠᠯᠠᠬᠤ ᠨᠢᠮᠭᠡᠨ ᠰᠦᠯᠢᠶᠦᠦ | ᠪᠦᠷᠬᠦᠪᠴᠢ ᠨᠢ ᠶᠡᠷᠦ ᠳᠡᠭᠡᠨ ᠠᠮᠤᠷ ᠲᠦᠪᠰᠢᠨ ᠪᠠᠶᠢᠳᠠᠭ᠃ | ᠰᠣᠷᠭᠤᠭ ᠢ ᠬᠠᠳᠠᠭᠠᠯᠠᠬᠤ ᠪᠦᠷᠬᠦᠪᠴᠢ ᠳᠤ ᠥᠮᠡᠨ ᠡᠭᠦᠰᠭᠡᠬᠦ ᠨᠠᠯᠠᠷᠠᠭᠤᠯᠤᠭᠴᠢ ᠡᠳ᠋ ᠠᠭᠤᠯᠤᠭᠳᠠᠵᠤ | ᠪᠠᠶᠢᠳᠠᠭ ᠪᠤᠯ ᠤᠤ︖ | ᠰᠢᠨ᠎ᠡ ᠰᠣᠷᠭᠤᠭ ᠢ ᠬᠠᠳᠠᠭᠠᠯᠠᠬᠤ ᠨᠢᠮᠭᠡᠨ ᠰᠦᠯᠢᠶᠦᠦ ᠪᠦᠷᠬᠦᠪᠴᠢ ᠶᠢ ᠲᠤᠷᠠᠳᠬᠤ ᠲᠠᠢ ᠵᠡᠷᠭᠡ | ᠣᠯᠠᠨ ᠢᠶᠠᠷ ᠵᠶ᠋ᠠᠨᠥᠮᠡᠨ ᠡᠭᠦᠰᠭᠡᠬᠦ ︽ᠨᠠᠯᠠᠷᠠᠭᠤᠯᠤᠭᠴᠢ ᠡᠳ᠋︾ ᠢ ᠪᠤᠳᠤᠵᠤ ᠤᠯᠬᠤ ᠮᠠᠭᠠᠳ ᠦᠭᠡᠢ᠃ | DEHP ᠨᠠᠯᠠᠷᠠᠭᠤᠯᠤᠭᠴᠢ ᠡᠳ᠋ ᠠᠭᠤᠯᠤᠭᠰᠠᠨ PVC ᠰᠢᠨ᠎ᠡ ᠰᠣᠷᠭᠤᠭ ᠢ ᠬᠠᠳᠠᠭᠠᠯᠠᠬᠤ ᠨᠢᠮᠭᠡᠨ ᠰᠦᠯᠢᠶᠦᠦ | ᠪᠦᠷᠬᠦᠪᠴᠢ ᠳᠤ ᠦᠨᠡᠬᠡᠷ ᠡᠲᠦᠢ ᠲᠡᠲᠦᠢ ᠠᠶᠤᠯ ᠲᠦᠭᠰᠢᠭᠦᠷᠢ ᠣᠷᠣᠰᠢᠵᠤ ᠪᠠᠶᠢᠳᠠᠭ᠂ ᠬᠡᠪᠡᠴᠤ ᠪᠤᠰᠤᠳ | ᠲᠥᠷᠥᠯ ᠤᠨ ᠬᠢ ᠶᠢᠨ ᠲᠠᠯ᠎ᠠ ᠪᠠᠷ ᠬᠡᠲᠦᠷᠬᠡᠶ ᠰᠠᠨᠠᠭ᠎ᠠ ᠵᠣᠪᠠᠭ᠋ᠤ ᠬᠡᠷᠡᠭ ᠥᠬᠡᠶ᠃ | ᠣᠳᠣᠬᠠᠨ ᠤ ᠰᠤᠳᠤᠯᠭᠠᠨ ᠠᠴᠠ ᠦᠵᠡᠪᠡᠯ᠂ DEHP ᠶᠢᠨ ᠠᠮᠢᠲᠠᠨ ᠤ ᠦᠷᠡᠵᠢᠯ ᠪᠠ ᠪᠤᠶᠢᠵᠢᠯᠲᠠ ᠳᠤ | ᠦᠵᠡᠭᠦᠯᠬᠦ ᠳᠠᠯᠳᠠ ᠨᠥᠯᠥᠭᠡ ᠨᠢ ᠴᠦ ᠬᠢᠵᠠᠭᠠᠷᠲᠠᠶ ᠪᠠᠶᠢᠳᠠᠭ᠂ ᠡᠲᠡᠭᠡᠷ ᠰᠤᠳᠤᠯᠭᠠᠨ ᠨᠢ ᠣᠯᠠᠩᠬᠢ ᠳᠠᠭᠠᠨ ᠡᠳᠦᠷ | ᠲᠤᠲᠤᠮ ᠤᠨ ᠠᠮᠢᠳᠤᠷᠠᠯ ᠤᠨ ᠳᠤᠮᠳᠠᠬᠢ ᠢᠯᠡᠷᠡᠯ ᠠᠴᠠ ᠬᠤᠯᠠ ᠶᠡᠭᠡ ᠥᠳᠬᠡᠴᠡ ᠲᠠᠢ ᠪᠠᠶᠢᠳᠠᠯ ᠳᠤᠤᠷ᠎ᠠ | ᠶᠠᠪᠤᠭᠳᠠᠳᠠᠭ᠂ ᠡᠶᠢᠮᠦ ᠠᠴᠠ DEHP ᠶᠢ ᠬᠡᠷᠡᠭᠯᠡᠬᠦ ᠨᠢ ᠬᠤᠯᠪᠣᠭᠳᠠᠯ ᠪᠥᠬᠦᠶ ᠱᠠᠭᠠᠷᠳᠠᠯᠭ᠎ᠠ ᠳᠤ ᠨᠡᠶᠢᠴᠡᠵᠦ᠂ ᠵᠦᠶ | ᠵᠣᠬᠢᠰᠲᠠᠶ ᠬᠡᠷᠡᠭᠯᠡᠳᠡᠭ ᠯᠡ ᠶᠤᠮ ᠪᠣᠯ ᠬᠡᠲᠦᠷᠬᠡᠶ ᠰᠠᠨᠠᠭ᠎ᠠ ᠵᠣᠪᠠᠭᠰᠠᠨ ᠤ ᠬᠡᠷᠡᠭ ᠥᠬᠡᠶ᠂ ᠠᠩᠬᠠᠷᠤᠭᠤᠰᠢᠲᠠᠶ ᠨᠢ | ᠣᠯᠠᠨ ᠢᠶᠠᠷ ᠢᠶᠠᠨ ᠵᠠᠪᠠᠯ ᠵᠢᠩᠬᠢᠨᠢ ᠠᠷᠭ᠎ᠠ ᠵᠠᠮ ᠢᠶᠠᠷ ᠰᠢᠨ᠎ᠡ ᠰᠣᠷᠭᠤᠭ ᠢ ᠬᠠᠳᠠᠭᠠᠯᠠᠬᠤ ᠨᠢᠮᠭᠡᠨ ᠰᠦᠯᠢᠶᠦᠦ | ᠪᠦᠷᠬᠦᠪᠴᠢ ᠶᠢᠨ ᠦᠢᠯᠡᠳᠬᠦᠨ ᠬᠤᠳᠠᠯᠳᠤᠨ ᠠᠪᠬᠤ ᠬᠡᠷᠡᠭᠲᠡᠶ᠂ ᠪᠠᠭ᠎ᠠ ᠠᠰᠢᠭ ᠲᠤ ᠳᠤᠷᠠᠯᠠᠭᠠᠳ ᠬᠢᠷᠢ ᠲᠡᠩᠴᠡᠭᠦ | ᠥᠬᠡᠶ ᠦᠶ᠋ᠯᠡᠳᠬᠦᠨ ᠬᠤᠳᠠᠯᠳᠤᠨ ᠠᠪᠴᠤ ᠪᠣᠯᠬᠤ ᠥᠬᠡᠶ᠃ | ᠡᠭᠦᠨ ᠠᠴᠠ ᠭᠠᠳᠠᠨ᠎ᠠ᠂ ᠳᠤᠷᠠᠳᠤᠭᠤᠰᠢᠲᠠᠶ ᠨᠢ᠂ DEHP ᠶᠢᠨ ᠬᠤᠤᠷᠲᠤ ᠴᠢᠨᠠᠷ ᠤᠨ ᠠᠰᠠᠭᠤᠳᠠᠯ ᠢ | ᠰᠢᠢᠳᠪᠦᠷᠢᠯᠡᠬᠦ ᠶᠢᠨ ᠲᠥᠯᠥᠭᠡ᠂ ᠬᠥᠮᠦᠰ ᠪᠠᠰᠠ ᠣᠯᠠᠨ ᠵᠦᠢᠯ ᠤᠨ ᠣᠷᠣᠯᠠᠬᠤ ᠡᠳ᠋᠂ ᠵᠢᠱᠢᠶᠡᠯᠡᠪᠡᠯ ᠵᠡᠷᠭᠡᠯᠡᠳᠡᠭᠡ | ᠪᠧᠨᠽᠧᠨ ᠤᠬᠤᠶᠠᠷ ᠮᠧᠲ᠋ᠢᠯᠲᠦ ᠬᠦᠴᠢᠯ ᠤᠨ ᠬᠤᠶᠠᠷ ᠪᠦᠲ᠋ᠢᠯ ᠡᠰᠲ᠋ᠧᠷ ︵DBP︶ ᠪᠣᠯᠤᠨ ᠵᠡᠷᠭᠡᠯᠡᠳᠡᠭᠡ | ᠪᠧᠨᠽᠧᠨ ᠤ ᠬᠤᠶᠠᠷ ᠮᠧᠲ᠋ᠢᠯᠲᠦ ᠬᠦᠴᠢᠯ ᠤᠨ ᠪᠦᠲ᠋ᠢᠯᠲᠦ ᠪᠧᠨ᠋ᠽᠧᠨ ᠡᠰᠲ᠋ᠧᠷ ︵BBP︶ ᠵᠡᠷᠭᠡ ᠶᠢ ᠰᠤᠳᠤᠯᠤᠨ | ᠭᠠᠷᠭᠠᠵᠠᠶ᠂ ᠡᠲᠡᠭᠡᠷ ᠣᠷᠣᠯᠠᠬᠤ ᠡᠳ᠋ ᠨᠢ ᠬᠡᠳᠦ᠋ᠢᠪᠡᠷ ᠡᠲᠦᠢ ᠲᠡᠲᠦᠢ ᠠᠮᠤᠷ ᠲᠦᠪᠰᠢᠨ ᠤ ᠳᠠᠯᠳᠠ ᠬᠡᠮ ᠣᠷᠣᠰᠢᠵᠤ | ᠪᠠᠶᠢᠭ᠎ᠠ ᠪᠣᠯᠪᠠᠴᠤ ᠬᠠᠷᠢᠴᠠᠩᠭᠤᠶ ᠪᠠᠷ ᠬᠡᠯᠡᠪᠡᠯ ᠨᠠᠩ ᠠᠮᠤᠷ ᠲᠦᠪᠰᠢᠨ ᠶᠤᠮ᠃ ᠪᠦᠭᠦᠳᠡᠭᠡᠷ ᠢᠶᠠᠨ ᠬᠡᠷᠪᠡ | DEHP ᠢ ᠠᠭᠤᠯᠤᠭᠰᠠᠨ PVC ᠶᠢᠨ ᠰᠢᠨ᠎ᠡ ᠰᠣᠷᠭᠤᠭ ᠢ ᠬᠠᠳᠠᠭᠠᠯᠠᠬᠤ ᠨᠢᠮᠭᠡᠨ ᠰᠦᠯᠢᠶᠦᠦ | ᠪᠦᠷᠬᠦᠪᠴᠢ ᠶᠢᠨ ᠡᠷᠡᠭᠦᠯ ᠴᠢᠭᠢᠷᠠᠭ ᠤᠨ ᠲᠦᠭᠰᠢᠭᠦᠷᠢ ᠳᠤ ᠰᠠᠨᠠᠭ᠎ᠠ ᠵᠣᠪᠠᠵᠤ ᠪᠠᠶᠢᠪᠠᠯ ᠪᠠᠰᠠ ᠪᠤᠰᠤᠳ | ᠮᠠᠲ᠋ᠧᠷᠢᠶᠠᠯ ᠤᠨ ᠨᠠᠩ ᠠᠮᠤᠷ ᠲᠦᠪᠰᠢᠨ ᠰᠢᠨ᠎ᠡ ᠰᠣᠷᠭᠤᠭ ᠢ ᠬᠠᠳᠠᠭᠠᠯᠠᠬᠤ ᠨᠢᠮᠭᠡᠨ ᠰᠦᠯᠢᠶᠦᠦ ᠪᠦᠷᠬᠦᠪᠴᠢ | ᠶᠢ ᠰᠣᠩᠭᠤᠵᠤ ᠪᠣᠯᠤᠨ᠎ᠠ᠃ | ᠰᠢᠨ᠎ᠡ ᠰᠣᠷᠭᠤᠭ ᠢ ᠬᠠᠳᠠᠭᠠᠯᠠᠬᠤ ᠨᠢᠮᠭᠡᠨ ᠰᠦᠯᠢᠶᠦᠦ ᠪᠦᠷᠬᠦᠪᠴᠢ ᠶᠢ ᠰᠣᠩᠭᠤᠬᠤ ᠪᠠ ᠬᠡᠷᠡᠭᠯᠡᠬᠦ ᠲᠤᠬᠠᠢ | ᠰᠠᠨᠠᠭᠤᠯᠭ᠎ᠠ ᠪᠠ ᠠᠩᠬᠠᠷᠬᠤ ᠵᠦᠢᠯ | 1. ᠮᠠᠲ᠋ᠧᠷᠢᠶᠠᠯ ᠤᠨ ᠲᠦᠷᠦᠯ ᠵᠦᠢᠯ ᠢ ᠪᠠᠶᠢᠴᠠᠭᠠᠨ ᠦᠵᠡᠭ᠊ ᠤ᠋᠄ | ᠪᠥᠭᠡᠭᠡᠨᠡᠷᠡᠯ ᠡᠲ᠋ᠧᠨ ︵PE︶᠄ ᠡᠭᠦᠨ ᠢ ᠶᠡᠷᠦ ᠳᠡᠭᠡᠨ ᠬᠠᠷᠢᠴᠠᠩᠭᠤᠶ ᠠᠮᠤᠷ ᠲᠦᠪᠰᠢᠨ ᠢᠶᠠᠷ | ᠰᠣᠩᠭᠤᠯᠲᠠ ᠬᠢᠬᠦ ᠨᠢᠮᠭᠡᠨ ᠰᠦᠯᠢᠶᠦᠦ ᠪᠦᠷᠬᠦᠪᠴᠢ ᠭᠡᠵᠦ ᠦᠵᠡᠳᠡᠭ᠂ ᠡᠳᠦᠷ ᠲᠤᠲᠤᠮ ᠤᠨ ᠬᠡᠷᠡᠭᠯᠡᠯᠲᠡ ᠳᠤ | ᠲᠣᠬᠢᠷᠠᠨ᠎ᠠ᠃ | ᠪᠥᠭᠡᠭᠡᠨᠡᠷᠡᠯ ᠾᠯᠤᠷᠤ᠋ ᠡᠲ᠋ᠧᠨ ︵PVC︶᠄ ᠬᠡᠪᠰᠢᠭᠦᠯᠦᠭᠴᠢ ᠡᠳ᠋ ᠠᠭᠤᠯᠤᠬᠳᠠᠵᠤ ᠪᠠᠶᠢᠬᠤ ᠮᠠᠭᠠᠳ | ᠦᠭᠡᠢ᠂ ᠢᠳᠡᠭᠡᠨ ᠤ ᠪᠣᠭᠤᠳᠠᠯ ᠳᠤ ᠬᠡᠷᠡᠭᠯᠡᠬᠦ ᠠᠴᠠ ᠵᠠᠶᠢᠯᠠᠰᠬᠢᠬᠦ ᠶᠢ ᠰᠠᠨᠠᠭᠤᠯᠤᠶ᠎ᠠ᠃ | ᠪᠥᠭᠡᠭᠡᠨᠡᠷᠡᠯ ᠳ᠋ᠢᠾᠯᠤᠷᠤ᠋ ᠡᠲ᠋ᠧᠨ ︵PVDC︶᠄ ᠨᠠᠩ ᠰᠠᠶᠢᠨ ᠲᠤᠰᠠᠭᠠᠷᠯᠠᠬᠤ ᠴᠢᠳᠠᠪᠤᠷᠢ ᠲᠠᠢ᠂ ᠭᠡᠪᠡᠴᠦ | ᠥᠪᠡᠷ ᠤᠨᠥᠷᠲᠡᠭ ᠨᠢ ᠨᠡᠯᠢᠶᠡᠳ ᠥᠨᠳᠥᠷ᠂ ᠣᠷᠴᠢᠨ ᠲᠣᠭᠤᠷᠢᠨ ᠤ ᠨᠥᠯᠥᠭᠡ ᠶᠢ ᠴᠦ ᠪᠣᠳᠣᠯᠬᠢᠯᠠᠬᠤ ᠬᠡᠷᠡᠭᠲᠡᠶ᠃ | | 2 . ᠦᠢᠯᠡᠳᠬᠦᠨ ᠤ ᠱᠣᠰᠢᠭ᠎ᠠ ᠶᠢ ᠪᠠᠶᠢᠴᠠᠭᠠᠨ ᠦᠵᠡᠬᠦ᠄ | ᠪᠤᠭᠤᠳᠠᠯ ᠪᠠᠭᠯᠠᠭ᠎ᠠ ᠳᠡᠭᠡᠷ᠎ᠡ ᠢᠳᠡᠭᠡᠨ ᠤ ᠠᠮᠤᠷ ᠲᠦᠪᠰᠢᠨ ᠤ ᠲᠡᠮᠳᠡᠭ ᠪᠠᠶᠢᠬᠤ ᠡᠰᠡᠬᠦ ᠪᠠ ᠪᠢᠴᠢᠯ | ᠳᠣᠯᠭᠢᠶᠠᠨ ᠤᠵᠤᠤᠬᠠ ᠳᠤ ᠬᠡᠷᠡᠭᠯᠡᠵᠦ ᠪᠣᠯᠬᠤ ᠡᠰᠡᠬᠦ ᠶᠢ ᠪᠠᠶᠢᠴᠠᠭᠠᠵᠤ ᠦᠵᠡ᠃ | 3. ᠨᠡᠪᠳᠡᠷᠡᠵᠦ ᠬᠠᠷᠠᠬᠳᠠᠬᠤ ᠪᠠᠷ ᠰᠠᠶᠢᠨ ᠪᠠ ᠨᠠᠭᠠᠯᠳᠤᠮᠠᠬᠠᠢ ᠴᠢᠨᠠᠷ ᠲᠠᠢ ᠪᠠᠶᠢᠳᠠᠭ᠄ | ᠰᠢᠨ᠎ᠡ ᠰᠣᠷᠭᠤᠭ ᠢ ᠬᠠᠳᠠᠭᠠᠯᠠᠬᠤ ᠨᠢᠮᠭᠡᠨ ᠰᠦᠯᠢᠶᠦᠦ ᠪᠦᠷᠬᠦᠪᠴᠢ ᠨᠢ ᠨᠡᠪᠳᠡᠷᠡᠵᠦ ᠬᠠᠷᠠᠬᠳᠠᠬᠤ ᠪᠠᠷ | ᠰᠠᠶᠢᠨ ᠪᠠ ᠵᠣᠬᠢᠰᠲᠠᠶ ᠨᠠᠭᠠᠯᠳᠤᠬᠤ ᠴᠢᠨᠠᠷ ᠲᠠᠢ᠂ ᠢᠳᠡᠭᠡᠨ ᠤ ᠰᠠᠪᠠ ᠳᠡᠭᠡᠷ᠎ᠡ ᠠᠮᠠᠷᠬᠠᠨ ᠨᠠᠭᠠᠯᠳᠤᠳᠠᠭ᠃ | 4. ᠥᠨᠳᠥᠷ ᠳᠤᠯᠠᠭᠠᠨ ᠳᠤ ᠬᠡᠷᠡᠭᠯᠡᠬᠦ᠄ | ᠪᠣᠭᠤᠳᠠᠯ ᠪᠠᠭᠯᠠᠭ᠎ᠠ ᠶᠢᠨ ᠲᠣᠳᠣᠷᠬᠠᠶᠢᠯᠠᠯᠲᠠ ᠶᠢ ᠵᠢᠷᠤᠮᠯᠠᠵᠦ᠂ ᠣᠨᠴᠠᠭᠠᠶᠢᠯᠠᠨ ᠬᠠᠯᠠᠭᠠᠵᠤ ᠪᠣᠯᠬᠤ ᠡᠰᠡᠬᠦ ᠶᠢᠨ | ᠲᠤᠬᠠᠶ ᠰᠠᠨᠠᠭᠤᠯᠭ᠎ᠠ ᠶᠢ ᠵᠢᠷᠤᠮᠯᠠᠬᠤ ᠭᠡᠷᠡᠭᠳᠡᠢ᠃ ᠥᠨᠳᠥᠷ ᠬᠠᠯᠠᠭᠤᠨ ᠢᠶᠠᠷ ᠬᠠᠯᠠᠭᠠᠬᠤ ᠳᠤ ᠲᠣᠬᠢᠷᠠᠮᠵᠢ ᠦᠭᠡᠢ | ᠰᠢᠨ᠎ᠡ ᠰᠣᠷᠭᠤᠭ ᠢ ᠬᠠᠳᠠᠭᠠᠯᠠᠬᠤ ᠨᠢᠮᠭᠡᠨ ᠰᠦᠯᠢᠶᠦᠦ ᠪᠦᠷᠬᠦᠪᠴᠢ ᠶᠢ ᠬᠡᠷᠡᠭᠯᠡᠵᠦ ᠪᠣᠯᠬᠤ ᠦᠭᠡᠢ᠂ ᠵᠢᠱᠢᠶᠡᠯᠡᠪᠡᠯ | ᠪᠢᠴᠢᠯ ᠳᠣᠯᠭᠢᠶᠠᠨ ᠤ ᠵᠤᠤᠬᠠᠨ ᠳᠤ ᠬᠠᠯᠠᠭᠠᠵᠦ ᠪᠣᠯᠬᠤ ᠦᠭᠡᠢ᠃ | 5. ᠥᠭᠡᠬᠦ ᠲᠤᠰᠤ ᠶᠡᠬᠡᠲᠡᠶ ᠢᠳᠡᠭᠡᠨ ᠳᠤ ᠰᠢᠭᠤᠳ ᠬᠡᠷᠡᠭᠯᠡᠬᠦ ᠠᠴᠠ ᠵᠠᠶᠢᠯᠠᠰᠬᠢᠬᠦ᠄ | ᠵᠠᠷᠢᠮ ᠲᠥᠷᠥᠯ ᠤᠨ ᠰᠢᠨ᠎ᠡ ᠰᠣᠷᠭᠤᠭ ᠢ ᠬᠠᠳᠠᠭᠠᠯᠠᠬᠤ ᠨᠢᠮᠭᠡᠨ ᠰᠦᠯᠢᠶᠦᠦ ᠪᠦᠷᠬᠦᠪᠴᠢ ᠨᠢ ᠥᠭᠡᠬᠦ ᠲᠤᠰᠤ | ᠶᠡᠬᠡᠲᠡᠶ ᠢᠳᠡᠭᠡᠨ ᠲᠠᠢ ᠬᠦᠷᠦᠯᠴᠡᠬᠦ ᠦᠶ᠎ᠡ ᠳᠤ ︽ᠲᠣᠰᠣ ᠨᠡᠪᠴᠢᠬᠦ︾ ᠦᠵᠡᠭᠳᠡᠯ ᠭᠠᠷᠬᠤ ᠪᠥᠭᠡᠳ ᠬᠢᠮᠢ ᠶᠢᠨ | ᠪᠣᠳᠠᠰ ᠡᠭᠦᠰᠭᠡᠵᠦ ᠮᠡᠳᠡᠨ᠎ᠡ᠃ | 6.ᠡᠭᠦᠨ ᠠᠴᠠ ᠭᠠᠳᠠᠨ᠎ᠠ᠂ ᠣᠳᠣᠬᠠᠨ ᠳᠤ ᠪᠠᠶᠢᠩᠭᠤ ᠲᠣᠬᠢᠶᠠᠯᠳᠤᠳᠠᠭ ᠰᠢᠨ᠎ᠡ ᠰᠣᠷᠭᠤᠭ ᠢ ᠬᠠᠳᠠᠭᠠᠯᠠᠬᠤ | ᠨᠢᠮᠭᠡᠨ ᠰᠦᠯᠢᠶᠦᠦ ᠪᠦᠷᠬᠦᠪᠴᠢ ᠶᠢᠨ ᠣᠯᠠᠩᠬᠢ ᠨᠢ PE ᠮᠠᠲ᠋ᠧᠷᠢᠶᠠᠯ ᠪᠣᠯᠤᠨ᠎ᠠ᠂ ᠭᠡᠪᠡᠴᠦ PE᠂ ᠥᠨᠳᠥᠷ | ᠨᠢᠭᠲᠠᠴᠠᠲᠤ ᠪᠥᠭᠡᠭᠡᠨᠡᠷᠡᠯ ᠡᠲ᠋ᠧᠨ ︵HDPE︶᠂ ᠳᠤᠤᠷ᠎ᠠ ᠨᠢᠭᠲᠠᠴᠠᠲᠤ ᠪᠥᠭᠡᠭᠡᠨᠡᠷᠡᠯ ᠡᠲ᠋ᠧᠨ ︵LDPE︶ ᠤ | ᠰᠢᠨ᠎ᠡ ᠰᠣᠷᠭᠤᠭ ᠢ ᠬᠠᠳᠠᠭᠠᠯᠠᠬᠤ ᠨᠢᠮᠭᠡᠨ ᠰᠦᠯᠢᠶᠦᠦ ᠪᠦᠷᠬᠦᠪᠴᠢ ᠭᠡᠵᠦ ᠪᠢᠴᠢᠵᠦ ᠪᠠᠶᠢᠪᠠᠯ ᠢᠳᠡᠭᠡᠨ ᠢ ᠪᠠᠭᠯᠠᠵᠤ | ᠪᠤᠯᠲᠠᠭ ᠪᠢᠰᠢ᠂ ᠵᠠᠪᠠᠯ ︽ᠢᠳᠡᠭᠡᠨ ᠳᠤ ᠲᠤᠰᠬᠠᠶ ᠬᠡᠷᠡᠭᠯᠡᠬᠦ︾᠂ ︽ᠢᠳᠡᠭᠡᠨ ᠤ ᠠᠮᠤᠷ ᠲᠦᠪᠰᠢᠨ ᠤ | ᠵᠥᠪᠰᠢᠶᠡᠷᠡᠯ︾ ᠪᠤᠶᠤ ︽QS︾ ᠭᠡᠬᠦ ᠥᠰᠥᠭ ᠲᠠᠢ ᠪᠠᠶᠢᠪᠠᠯ ᠰᠠᠶ᠋ᠢ ᠢᠳᠡᠭᠡᠨ ᠳᠤ ᠭᠡᠷᠡᠭᠯᠡᠵᠦ ᠪᠣᠯᠤᠨ᠎ᠠ᠃ | ᠦᠷᠭᠦᠯᠵᠢ ᠬᠠᠷᠠᠭᠳᠠᠳᠠᠭ ᠬᠤᠭ ᠰᠠᠪᠠᠯᠠᠳᠠᠭ ᠰᠦᠯᠢᠶᠣᠣ ᠤᠭᠤᠲᠠ ᠶᠢ ᠪᠠᠰᠠ PE ᠮᠠᠲ᠋ᠧᠷᠢᠶᠠᠯ ᠢᠶᠠᠷ ᠬᠢᠭᠰᠡᠨ ᠶᠤᠮ᠂ | ᠲᠡᠭᠦᠨ ᠢᠶᠠᠷ ᠶᠠᠭᠠᠬᠢᠭᠰᠠᠨ ᠴᠤ ᠢᠳᠡᠭᠡᠨ ᠢ ᠰᠠᠪᠠᠯᠠᠵᠤ ᠪᠣᠯᠬᠤ ᠦᠭᠡᠢ︕ | |