ᠬᠦᠨᠳᠡᠯᠡᠨ ᠦᠢᠯᠡᠳᠪᠦᠷᠢᠴᠢᠨ ᠤ ᠵᠠᠮ ᠵᠡᠭᠡᠯᠢ ᠭᠤᠳᠤᠮᠵᠢ ︽ᠪᠣᠯᠪᠠᠰᠤᠨ ᠬᠥᠮᠦᠨ ᠪᠣᠯᠬᠤ ᠪᠠᠷ ᠴᠢᠷᠮᠠᠶᠢᠵᠤ︾ ᠬᠤᠭ ᠨᠣᠪᠰᠢ ᠶᠢ ᠲᠥᠷᠥᠯ ᠬᠤᠪᠢᠶᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/1/27
    ᠰᠦᠯᠵᠢᠶᠡᠨ ᠳᠡᠭᠡᠷ᠎ᠡ ᠪᠤᠯ ᠨᠡᠶᠢᠲᠡ ᠶᠢᠨ ᠲᠠᠪᠴᠠᠩ᠂ ᠲᠤᠤᠷᠵᠢᠭᠤᠯᠤᠯᠳᠠ ᠶᠢᠨ ᠸᠢᠴᠠᠲ ᠬᠤᠯᠪᠤᠭ᠎ᠠ ᠵᠡᠷᠭᠡ ᠬᠡᠯᠪᠡᠷᠢ ᠶᠢ ᠠᠰᠢᠭᠯᠠᠨ ᠪᠠᠭ᠎ᠠ ᠨᠡᠭᠦᠷᠡᠰᠦᠲᠥ᠋ᠷᠥᠭᠴᠢᠲᠦ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠶᠢᠯᠠᠭᠠᠬᠳᠠᠬᠤᠨ ᠤ ᠲᠤᠬᠠᠢ 100 ᠭᠠᠷᠤᠶ ᠤᠳᠠᠭ᠎ᠠ ᠤᠬᠠᠭᠤᠯᠵᠤ᠂ ᠰᠠᠭᠤᠭᠠᠯᠢ ᠠᠷᠠᠳ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠵᠡᠯ ᠤᠬᠠᠮᠰᠠᠷ ᠪᠠ ᠬᠤᠭ ᠨᠣᠪᠰᠢ ᠶᠢ ᠲᠥᠷᠥᠯ ᠬᠤᠪᠢᠶᠠᠬᠤ ᠴᠢᠳᠠᠪᠤᠷᠢ ᠶᠢ ᠬᠥᠮᠦᠵᠢᠭᠦᠯᠪᠠ︔ ᠠᠬᠤᠢ ᠲᠠᠯᠠᠪᠠᠢ ᠳᠤ ᠤᠬᠠᠭᠤᠯᠤᠨ ᠲᠠᠶᠢᠯᠪᠤᠷᠢᠯᠠᠬᠤ LED ᠦᠵᠡᠭᠦᠯᠭᠡ᠂ ᠠᠶᠢᠯ ᠡᠷᠦᠬᠡ ᠳᠤ ᠣᠷᠣᠵᠤ ᠤᠬᠠᠭᠤᠯᠬᠤ ᠵᠡᠷᠭᠡ ︽ᠬᠡᠷ ᠲᠤᠳᠤᠷᠠᠬᠢ + ᠬᠡᠷ ᠤᠨ ᠭᠠᠳᠠᠨᠠᠬᠢ︾ ᠶᠢ ᠤᠶᠠᠯᠳᠤᠭᠤᠯᠬᠤ ᠬᠡᠯᠪᠡᠷᠢ ᠪᠠᠷ 5 ᠲᠠᠯᠠᠪᠠᠢ ᠲᠠᠶᠢᠯᠤᠮᠵᠢ ᠬᠢᠬᠦ ᠠᠵᠢᠯᠯᠠᠭ᠎ᠠ ᠶᠢ ᠥᠷᠨᠢᠭᠦᠯᠵᠦ᠂ ᠬᠤᠭ ᠨᠣᠪᠰᠢ ᠶᠢ ᠲᠥᠷᠥᠯ ᠬᠤᠪᠢᠶᠠᠨ ᠤᠬᠠᠭᠤᠯᠬᠤ ᠬᠠᠭᠤᠳᠠᠰᠤ ᠶᠢ 300 ᠭᠠᠷᠤᠶ ᠬᠤᠪᠢ ᠲᠠᠷᠬᠠᠭᠠᠵᠤ᠂ ᠰᠠᠭᠤᠭᠠᠯᠢ ᠠᠷᠠᠳ ᠲᠠᠢ ᠨᠢᠭᠤᠷᠲᠠᠨ ᠬᠤᠭ ᠨᠣᠪᠰᠢ ᠶᠢ ᠲᠥᠷᠥᠯ ᠬᠤᠪᠢᠶᠠᠬᠤ ᠮᠡᠳᠡᠯᠭᠡ ᠶᠢ ᠤᠬᠠᠭᠤᠯᠤᠨ ᠲᠠᠶᠢᠯᠪᠤᠷᠢᠯᠠᠬᠤ ᠪᠠᠷ ᠳᠠᠮᠵᠢᠭᠤᠯᠤᠨ᠂ ᠥᠷᠭᠡᠨ ᠣᠯᠠᠨ ᠰᠠᠭᠤᠭᠠᠯᠢ ᠠᠷᠠᠳ ᠢ ᠬᠥᠲᠥᠯᠥᠨ ᠵᠢᠯᠣᠭᠤᠳᠴᠤ ᠬᠤᠭ ᠨᠤᠪᠰᠢ ᠶᠢ ᠲᠦᠷᠦᠯ ᠬᠤᠪᠢᠶᠠᠬᠤ ᠰᠠᠶᠢᠨ ᠰᠠᠶᠢᠬᠠᠨ ᠳᠠᠳᠬᠠᠯ ᠲᠠᠢ ᠪᠣᠯᠭᠠᠪᠠ᠃ ︵ ᠬᠦᠨᠳᠡᠯᠡᠨ ᠦᠢᠯᠡᠳᠪᠦᠷᠢᠴᠢᠨ ᠤ ᠵᠠᠮ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号