ᠪᠠᠭᠠᠴᠤᠤᠯ ᠵᠠᠮ ᠵᠡᠭᠡᠯᠢ ᠭᠤᠳᠤᠮᠵᠢ ᠦᠨᠳᠦᠰᠦᠨ ᠱᠠᠲᠤᠨ ᠤ ᠵᠠᠰᠠᠯᠲᠠ ᠶᠢᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠪᠠ
ᠨᠡᠶᠢᠲᠡᠯᠡᠭᠰᠡᠨ ᠴᠠᠭ᠄
2024/1/29
    ᠨᠢᠭᠡ ᠳᠤ᠂ 1 ᠰᠠᠷ᠎ᠠ ᠶᠢᠨ 2 — 25 ᠤ ᠡᠳᠦᠷ ᠪᠣᠯᠲᠠᠯ᠎ᠠ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠪᠣᠯᠪᠠᠰᠤᠷᠠᠯ ᠬᠦᠷᠲᠡᠭᠡᠬᠦ᠂ ᠡᠷᠡᠭᠦᠯ ᠮᠡᠨᠳᠦ ᠶᠢᠨ ᠠᠯᠪᠠᠨ ᠵᠢᠷᠤᠮ ᠤᠨ ᠡᠮᠴᠢᠯᠡᠭᠡ ᠵᠡᠷᠭᠡ ᠠᠵᠢᠯᠯᠠᠭ᠎ᠠ ᠶᠢ 17 ᠤᠳᠠᠭ᠎ᠠ ᠥᠷᠨᠢᠭᠦᠯᠵᠦ᠂ 1000 ᠭᠠᠷᠤᠶ ᠬᠥᠮᠦᠨ ᠳᠤ ᠠᠰᠢᠭ ᠬᠦᠷᠲᠡᠭᠡᠵᠦ᠂ ᠸᠢᠴᠠᠲ ᠬᠤᠯᠪᠣᠭ᠎ᠠ ᠪᠠᠷ ᠲᠠᠮᠵᠢᠭᠤᠯᠬᠤ᠂ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠬᠴᠠᠯᠠᠬᠤ ᠲᠤᠬᠠᠢ 140 ᠭᠠᠷᠤᠶ ᠵᠤᠷᠪᠤᠰ ᠤᠬᠠᠭᠤᠯᠵᠦ᠂ ᠣᠯᠠᠨ ᠲᠦᠮᠡᠨ ᠤ ᠦᠨᠳᠦᠷ ᠦᠨᠠᠯᠯᠠᠲᠠ ᠶᠢ ᠤᠯᠪᠠ᠃ ᠬᠤᠶᠠᠷ ᠲᠤ᠂ ᠬᠠᠷᠢᠶ᠎ᠠ ᠣᠷᠣᠨ ᠤ ᠰᠠᠭᠤᠭᠠᠯᠢ ᠠᠷᠠᠳ ᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠵᠤ ︽ᠠᠷᠠᠳ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠬᠤ ᠶᠠᠷᠢᠯᠴᠠᠬᠤ ᠬᠤᠷᠠᠯ︾ ᠢ 20 ᠤᠳᠠᠭ᠎ᠠ ᠬᠤᠷᠠᠯᠳᠤᠭᠤᠯᠵᠤ᠂ ᠣᠯᠠᠨ ᠲᠦᠮᠡᠨ ᠲᠠᠢ ᠬᠠᠮᠲᠤ ᠪᠠᠷ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠤᠨ ᠲᠤᠬᠠᠢ ᠠᠷᠭᠠᠴᠠᠭᠠᠬᠤ ᠪᠤᠳᠤᠯᠭ᠎ᠠ ᠶᠢ ᠰᠤᠳᠤᠯᠤᠨ ᠶᠠᠷᠢᠯᠴᠠᠵᠤ᠂ ᠵᠥᠪᠯᠡᠬᠦ ᠳᠠᠪᠠᠭᠤᠯᠢᠭ ᠢ ᠨᠡᠶᠢᠭᠡᠮ ᠲᠣᠭᠤᠷᠢᠭ ᠤᠨ ᠵᠠᠰᠠᠯᠲᠠ ᠶᠢᠨ ᠦᠢᠯᠡᠳᠦᠯ ᠴᠢᠳᠠᠪᠤᠷᠢ ᠪᠣᠯᠭᠠᠨ ᠬᠤᠪᠢᠷᠠᠭᠤᠯᠪᠠ᠃ ︵ᠪᠠᠭᠠᠴᠤᠤᠯ ᠵᠠᠮ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号